ᠴᠢᠩᠱᠠᠨ ᠲᠣᠭᠤᠷᠢᠭ ᠲᠤ ᠨᠢᠭᠡ ᠲᠣᠮᠣ ᠬᠡᠯᠪᠡᠷᠢ ᠶᠢᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠲᠥᠪ ᠰᠢᠨ᠎ᠡ ᠪᠠᠷ ᠨᠡᠮᠡᠭᠳᠡᠭᠦᠯᠬᠦ ᠪᠠᠷ ᠪᠤᠢ
ᠨᠡᠶᠢᠲᠡᠯᠡᠭᠰᠡᠨ ᠴᠠᠭ᠄
2024/8/1
      ᠡᠨᠡ ᠵᠢᠯ ᠠᠴᠠ ᠨᠠᠭᠠᠰᠢ᠂ ᠴᠢᠩᠱᠠᠨ ᠲᠣᠭᠤᠷᠢᠭ ᠤᠨ ᠴᠢᠩ ᠹᠦ᠋ ᠪᠠᠯᠭᠠᠰᠤ ︽ᠠᠵᠤ ᠦᠢᠯᠡᠰ ᠢ ᠲᠡᠷᠢᠭᠦᠨ ᠳᠤ ᠲᠠᠯᠪᠢᠵᠤ᠂ ᠲᠦᠷᠦᠯ ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠰᠢᠰᠲ᠋ᠧᠮ ᠲᠠᠢ ᠲᠥᠯᠥᠪᠵᠢᠭᠦᠯᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠲᠣᠭᠲᠠᠪᠤᠷᠢᠵᠢᠭᠤᠯᠬᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠳᠤ ᠦᠵᠡᠭᠦᠯᠬᠦ ᠴᠢᠬᠤᠯᠠ ᠲᠤᠯᠭᠠᠭᠤᠷᠢᠯᠠᠬᠤ ᠦᠢᠯᠡᠳᠦᠯ ᠢ ᠴᠢᠷᠮᠠᠶᠢᠨ ᠪᠠᠳᠠᠷᠠᠭᠤᠯᠵᠤ᠂ ︽ᠰᠠᠷ᠎ᠠ ᠪᠦᠷᠢ ᠬᠢᠨᠠᠨ ᠰᠢᠯᠭᠠᠯᠲᠠ ᠲᠠᠢ᠂ ᠭᠠᠷᠠᠭ ᠪᠦᠷᠢ ᠳᠤᠬᠢᠷᠠᠭᠤᠯᠤᠯᠲᠠ ᠲᠠᠢ᠂ ᠡᠳᠦᠷ ᠪᠦᠷᠢ ᠠᠬᠢᠴᠠ ᠲᠠᠢ︾ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠲᠣᠭᠲᠠᠴᠠ ᠶᠢ ᠪᠠᠷᠢᠮᠲᠠᠯᠠᠵᠤ᠂ ᠪᠦᠬᠦ ᠪᠠᠯᠭᠠᠰᠤ ᠪᠠᠷ ᠢᠶᠠᠨ ᠳᠡᠭᠡᠳᠦ ᠲᠤᠤᠷᠠᠳᠤ ᠱᠠᠳᠤ ᠪᠠᠷ ᠢᠶᠠᠨ ᠪᠦᠬᠦ ᠬᠤᠷᠳᠤᠴᠠ ᠪᠠᠷ ᠤᠷᠤᠭᠰᠢᠯᠠᠬᠤ ︽ᠬᠤᠷᠳᠤᠴᠠ ᠪᠣᠯᠤᠨ ᠣᠷᠭᠢᠯᠤᠮ᠎ᠠ ᠰᠡᠳᠬᠢᠯᠭᠡ︾ ᠶᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠬᠦᠴᠦᠲᠦ ᠬᠥᠳᠡᠯᠭᠡᠭᠦᠷ︾ ᠢ ᠪᠦᠬᠦ ᠬᠦᠴᠦᠨ ᠢᠶᠠᠷ ᠢᠶᠠᠨ ᠬᠥᠭᠵᠢᠭᠡᠪᠡ᠃      ᠣᠶᠢᠷ᠎ᠠ ᠶᠢᠨ ᠡᠳᠦᠷ ᠤᠳ ᠲᠤ᠂ ᠴᠢᠩ ᠹᠦ᠋ ᠪᠠᠯᠭᠠᠰᠤᠨ ᠤ ᠰᠡᠴᠢ ᠪᠤᠯᠤᠩ ᠲᠤᠰᠬᠤᠨ ᠤ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠲᠥᠪ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠵᠣᠨ ᠤ ᠤᠯᠠᠷᠢᠯ ᠤᠨ ᠰᠢᠪᠲᠤᠯᠤᠯᠲᠠ ᠭᠠᠷᠭᠠᠵᠤ᠂ ᠪᠠᠷᠢᠯᠭ᠎ᠠ ᠶᠢᠨ ᠠᠵᠢᠯᠲᠠᠳ ᠴᠠᠭ ᠢ ᠠᠮᠵᠢᠨ᠂ ᠠᠬᠢᠴᠠ ᠶᠢ ᠠᠳᠬᠤᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠨ ᠪᠥᠭᠡᠳ ᠡᠮᠬᠢ ᠵᠢᠷᠤᠮ ᠲᠠᠢ ᠳᠥᠯᠭᠢᠨ ᠠᠬᠢᠭᠤᠯᠪᠠ᠃ ᠲᠣᠰ ᠲᠥᠷᠥᠯ ᠵᠦᠢᠯ ᠢ 2024 ᠣᠨ ᠤ 4 ᠰᠠᠷ᠎ᠠ ᠳᠤ ᠡᠬᠢᠯᠡᠨ ᠪᠠᠶᠢᠭᠤᠯᠵᠤ᠂ ᠡᠵᠡᠯᠡᠬᠦ ᠲᠠᠯᠠᠪᠠᠶ ᠨᠢ 147 ᠮᠥ᠂ ᠪᠠᠷᠢᠯᠭ᠎ᠠ ᠶᠢᠨ ᠲᠠᠯᠠᠪᠠᠶ ᠨᠢ 7 ᠲᠦᠮᠡ ᠭᠠᠷᠤᠶ ᠲᠡᠭᠰᠢ ᠳᠥᠷᠪᠡᠯᠵᠢᠨ ᠮᠧᠲᠷ᠂ ᠪᠥᠲᠥᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠨᠢ 9 ᠰᠠᠷ᠎ᠠ ᠪᠣᠯᠤᠨ᠎ᠠ᠃ ᠣᠳᠣᠬᠠᠨ ᠳᠤ 6 ᠰᠠᠭᠤᠷᠢ ᠠᠰᠠᠷ ᠢ ᠨᠢᠭᠡᠨᠲᠡ ᠪᠥᠬᠦ ᠲᠠᠯ᠎ᠠ ᠪᠠᠷ ᠡᠬᠢᠯᠡᠭᠦᠯᠵᠦ᠂ ᠡᠭᠦᠨ ᠳᠤ 2 ᠰᠠᠭᠤᠷᠢ ᠠᠰᠠᠷ ᠤᠨ ᠬᠡᠷᠡᠮ ᠪᠠᠷᠢᠬᠤ ᠠᠬᠢᠴᠠ ᠨᠢᠭᠡᠨᠲᠡ ᠬᠠᠭᠠᠰ ᠢ ᠳᠠᠪᠠᠵᠤ᠂ 3 ᠰᠠᠭᠤᠷᠢ ᠠᠰᠠᠷ ᠢ ᠶᠠᠭ ᠡᠭᠡᠭᠦᠯᠦᠨ ᠪᠥᠭᠯᠡᠬᠦ ᠠᠵᠢᠯ ᠪᠠ ᠬᠡᠷᠡᠮ ᠤᠨ ᠰᠠᠭᠤᠷᠢ ᠪᠠᠷᠢᠯᠭ᠎ᠠ ᠶᠢ ᠬᠢᠵᠦ ᠪᠠᠶᠢᠭ᠎ᠠ ᠪᠥᠭᠡᠳ ᠬᠡᠷᠡᠮ ᠥᠷᠥᠬᠦ ᠵᠢᠴᠢ ᠭᠠᠳᠠᠷ ᠲᠠᠯ᠎ᠠ ᠶᠢᠨ ᠪᠠᠷᠢᠯᠭ᠎ᠠ ᠶᠢᠨ ᠠᠵᠢᠯ ᠢ ᠡᠬᠢᠯᠡᠭᠦᠯᠵᠦ᠂ ᠣᠲᠣ ᠨᠢᠭᠡᠨᠲᠡ ᠲᠥᠷᠥᠯ ᠵᠦᠢᠯ ᠤᠨ ᠪᠦᠬᠦᠯᠢ ᠴᠣᠭᠴᠠ ᠶᠢᠨ ᠠᠬᠢᠴᠠ ᠶᠢᠨ 35% ᠶᠢ ᠪᠡᠶᠡᠯᠡᠭᠦᠯᠵᠦ᠂ ᠵᠢᠱᠢᠯᠲᠡ ᠪᠠᠷ ᠡᠨᠡ ᠵᠢᠯ ᠤᠨ 12 ᠰᠠᠷ᠎ᠠ ᠳᠤ ᠪᠠᠷᠢᠵᠤ ᠳᠠᠭᠤᠰᠬᠠᠨ᠎ᠠ᠃      ᠲᠣᠰ ᠲᠥᠷᠥᠯ ᠵᠦᠢᠯ ᠨᠢ G6 ᠳᠡᠭᠡᠳᠦ ᠬᠤᠷᠳᠤ ᠶᠢᠨ ᠵᠠᠰᠠᠮᠠᠯ ᠵᠠᠮ᠂ ᠹᠦ᠋ ᠰᠢᠩ ᠶᠡᠭᠡ ᠵᠡᠭᠡᠯᠢ᠂ 110 ᠤᠯᠤᠰ ᠤᠨ ᠵᠠᠮ ᠤᠨ ᠬᠤᠲᠠ ᠶᠢ ᠲᠣᠭᠤᠷᠢᠭᠰᠠᠨ ᠬᠡᠰᠡᠭ᠂ ᠦᠨᠳᠦᠰᠦᠲᠡᠨ  ᠵᠡᠭᠦᠨ ᠵᠠᠮ ᠲᠠᠢ ᠣᠶᠢᠷᠠᠳᠴᠤ᠂ ᠵᠠᠮ ᠬᠠᠷᠢᠯᠴᠠᠭ᠎ᠠ ᠲᠥᠬᠦᠮ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠣᠷᠣᠨ ᠪᠦᠰᠡ ᠶᠢᠨ ᠳᠣᠲᠣᠷᠠᠬᠢ ᠳᠤᠮᠳᠠ ᠵᠢᠵᠢᠭ ᠵᠠᠬ᠎ᠠ ᠳᠡᠯᠭᠡᠭᠦᠷ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠣᠳᠣᠬᠢᠴᠢᠯᠠᠭᠰᠠᠨ ᠵᠠᠬ᠎ᠠ ᠳᠡᠯᠭᠡᠭᠦᠷ ᠤᠨ ᠡᠵᠡᠩᠨᠡᠯᠲᠡ ᠬᠠᠮᠢᠶᠠᠷᠤᠯᠲᠠ ᠶᠢᠨ ᠵᠠᠭᠪᠤᠷ ᠲᠤ ᠲᠦᠰᠢᠭᠯᠡᠨ ᠥᠪᠥᠷ ᠮᠣᠩᠭᠤᠯ ᠤᠨ ᠪᠥᠬᠦ ᠣᠷᠣᠨ ᠪᠦᠰᠡ ᠲᠠᠢ ᠬᠤᠯᠪᠣᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ ᠠᠮᠤ ᠲᠣᠰᠣᠨ ᠤ ᠠᠷᠠᠯᠵᠢᠶ᠎ᠠ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠪᠣᠯᠭᠠᠨ ᠪᠠᠶᠢᠭᠤᠯᠬᠤ ᠪᠠᠷ ᠴᠢᠷᠮᠠᠶᠢᠵᠤ᠂ ᠠᠮᠤ ᠲᠣᠰᠣ ᠶᠢ ᠬᠥᠮᠥᠷᠭᠡᠯᠡᠨ ᠬᠠᠳᠠᠭᠠᠯᠠᠬᠤ᠂ ᠠᠷᠠᠯᠵᠢᠶᠠᠯᠠᠬᠤ᠂ ᠳᠣᠭᠢᠷᠠᠭᠤᠯᠤᠨ ᠬᠦᠷᠭᠡᠬᠦ᠂ ᠡᠯᠧᠺᠲᠷᠤᠨ ᠬᠤᠳᠠᠯᠳᠤᠭ᠎ᠠ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ  ᠦᠢᠯᠡᠴᠢᠯᠡᠭᠡᠨ ᠤ ᠲᠠᠯᠠᠪᠤᠷ ᠪᠣᠯᠬᠤ ᠪᠠᠷ ᠴᠢᠷᠮᠠᠶᠢᠵᠤ᠂ ᠴᠢᠩᠱᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠨᠥᠭᠡᠴᠡ ᠠᠮᠤ ᠪᠤᠳᠠᠭᠠᠨ ᠤ ᠰᠠᠭᠤᠷᠢᠨ ᠭᠠᠵᠠᠷ ᠪᠣᠯᠵᠣ᠂ ᠪᠤᠭᠤᠲᠤ ᠣᠷᠣᠨ ᠤ ᠠᠮᠤ ᠲᠣᠰᠣᠨ ᠤ ᠬᠠᠩᠭᠠᠯᠭ᠎ᠠ ᠶᠢ ᠪᠠᠲᠤᠯᠠᠬᠤ ᠪᠣᠯᠤᠨ᠎ᠠ᠃      ᠡᠭᠦᠨ ᠤ ᠬᠠᠮᠲᠤ᠂ ᠲᠤᠰ ᠲᠦᠷᠦᠯ ᠵᠦᠢᠯ ᠢ ᠪᠠᠶᠢᠭᠤᠯᠤᠭᠰᠠᠨ ᠨᠢ ᠰᠡᠴᠢ ᠪᠤᠯᠤᠩ ᠲᠣᠰᠬᠤᠨ ᠤ ᠰᠠᠭᠤᠷᠢ ᠲᠥᠬᠦᠭᠡᠷᠦᠮᠵᠢ ᠶᠢ ᠥᠭᠡᠷᠡᠴᠢᠯᠡᠬᠦ᠂ ᠤᠨᠴᠠᠯᠢᠬᠳᠤ ᠠᠵᠤ ᠦᠢᠯᠡᠰ ᠢ ᠬᠥᠭᠵᠢᠭᠦᠯᠬᠦ ᠵᠡᠷᠭᠡ ᠲᠠᠢ ᠪᠦᠲᠦᠮᠵᠢᠲᠡᠢ ᠵᠣᠯᠭᠠᠭᠤᠯᠵᠤ᠂ ᠲᠠᠷᠢᠶᠠᠯᠠᠩ ᠤᠨ ᠲᠠᠭᠠᠭᠤᠯᠤᠭᠴᠢ ᠠᠵᠤ ᠠᠬᠤᠶᠢᠯᠠᠯ ᠤᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠰᠠᠭᠤᠷᠢᠨ ᠭᠠᠵᠠᠷ ᠪᠣᠯᠤᠨ ᠲᠣᠰᠬᠤᠨ ᠤ ᠠᠷᠠᠳ ᠤᠨ ᠠᠵᠢᠯ ᠣᠯᠭᠤᠯᠲᠠ ᠶᠢ ᠨᠥᠯᠥᠭᠡᠯᠡᠨ ᠳᠠᠶᠢᠴᠢᠯᠠᠬᠤ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠵᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠢᠳᠡᠪᠬᠢᠲᠡᠢ ᠬᠦᠴᠦᠨ ᠨᠡᠮᠡᠷᠢᠯᠡᠨ᠎ᠡ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号