2024 ᠣᠨ ᠳᠤ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ | ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ | ᠲᠣᠭᠲᠠᠭᠤᠨ ᠤ ᠳᠤᠮᠳᠠ ᠤᠷᠤᠭᠰᠢᠯᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠪᠠ᠃ 1 — 7 ᠳ᠋ᠤᠭᠠᠷ ᠰᠠᠷ᠎ᠠ ᠳᠤ᠂ | ᠴᠢᠩᠱᠠᠨ ᠲᠣᠭᠤᠷᠢᠭ ᠤᠨ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠡᠶᠢᠲᠡ 15.45 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.4% ᠪᠠᠷ ᠪᠠᠭᠤᠷᠠᠪᠠ᠃ ᠡᠭᠦᠨ ᠳᠤ᠄ ᠭᠠᠶᠢᠯᠢ | ᠲᠠᠲᠠᠪᠤᠷᠢ ᠶᠢᠨ ᠣᠷᠣᠯᠭ᠎ᠠ ᠨᠡᠶᠢᠲᠡ 14.68 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 4.81% ᠪᠠᠷ ᠨᠡᠮᠡᠭᠳᠡᠨ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ | 95% ᠶᠢ ᠡᠵᠡᠯᠡᠪᠡ︔ ᠭᠠᠶᠢᠯᠢ ᠶᠢᠨ ᠪᠤᠰᠤ ᠣᠷᠣᠯᠭ᠎ᠠ ᠨᠡᠶᠢᠲᠡ 0.77 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 49% ᠪᠠᠷ ᠪᠠᠭᠤᠷᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢᠨ 5% ᠶᠢ ᠡᠵᠡᠯᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠨᠡᠶᠢᠲᠡ 21.51 | ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠂ ᠡᠭᠦᠨ ᠳᠤ᠄ ᠰᠤᠷᠭᠠᠨ ᠬᠥᠮᠦᠵᠢᠯ᠂ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ | ᠵᠡᠷᠭᠡ ᠠᠷᠠᠳ ᠤᠨ ᠠᠮᠢᠳᠤᠷᠠᠯ ᠤᠨ ᠵᠠᠷᠤᠯᠭ᠎ᠠ ᠨᠡᠶᠢᠲᠡ 9.37 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ |