ᠦᠨᠳᠦᠰᠦᠨ ᠱᠠᠲᠤᠨ ᠤ ᠵᠠᠰᠠᠯᠲᠠ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠡᠶ᠎ᠡ ᠵᠣᠬᠢᠴᠠᠯ ᠲᠠᠢ | ᠬᠥᠷᠰᠢ ᠵᠡᠷᠭᠡᠯᠡᠳᠡᠭᠡ ᠶᠢᠨ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠤᠨ᠂ ᠣᠯᠠᠨ ᠲᠦᠮᠡᠨ ᠤ ᠰᠣᠶᠣᠯ ᠤᠨ | ᠠᠮᠢᠳᠤᠷᠠᠯ ᠢ ᠪᠠᠶᠠᠯᠢᠭᠵᠢᠭᠤᠯᠵᠤ᠂ ᠪᠦᠯᠬᠦᠮᠳᠡᠨ ᠬᠠᠪᠰᠤᠷᠤᠯᠴᠠᠬᠤ᠂ ᠬᠠᠶᠢᠷ᠎ᠠ ᠰᠡᠳᠭᠢᠯᠭᠡ ᠪᠠᠷ ᠪᠢᠯᠬᠠᠭᠰᠠᠨ ᠬᠥᠷᠰᠢ | ᠵᠡᠷᠭᠡᠯᠡᠳᠡᠭᠡ ᠶᠢᠨ ᠬᠠᠷᠢᠴᠠᠭ᠎ᠠ ᠶᠢ ᠪᠣᠶ ᠪᠤᠯᠭᠠᠬᠤ ᠶᠢᠨ ᠲᠦᠯᠦᠭᠡ᠂ 8 ᠰᠠᠷ᠎ᠠ ᠶᠢᠨ 13 ᠤ ᠡᠳᠦᠷ᠂ ᠰᠢᠩ ᠱᠧᠩ | ᠪᠠᠯᠭᠠᠰᠤᠨ ᠤ ᠱᠠᠷᠴᠢᠨ ᠲᠣᠰᠬᠤᠨ ︽ᠬᠥᠷᠰᠢ ᠵᠡᠷᠭᠡᠯᠡᠳᠡᠭᠡ ᠶᠢᠨ ᠪᠠᠶᠠᠷ ᠪᠠᠭ᠋ᠠᠳᠤᠯ · ᠰᠠᠶᠢᠨ ᠰᠠᠶᠢᠬᠠᠨ ᠠᠮᠢᠳᠤᠷᠠᠯ︾ | ᠭᠡᠬᠦ ᠭᠤᠤᠯ ᠰᠡᠳᠦᠪᠲᠦ ᠵᠤᠭᠠᠴᠠᠯ ᠤᠨ ᠬᠦᠷᠢᠶᠡᠯᠡᠩ ᠤᠨ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠳᠤ | ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ᠂ ᠲᠣᠭᠤᠷᠢᠭ ᠤᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠥᠪ᠂ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ | ᠴᠢᠩᠱᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠰᠢᠩ ᠱᠧᠩ ᠪᠠᠯᠭᠠᠰᠤᠨ ᠤ ᠨᠡᠶᠢᠭᠡᠮ ᠤᠨ | ᠠᠵᠢᠯ ᠤᠨ ᠥᠷᠲᠡᠭᠡ ᠶᠢ ᠤᠷᠢᠪᠠ᠃ | ᠲᠣᠰ ᠤᠳᠠᠭᠠᠨ ᠤ ᠭᠤᠤᠯ ᠰᠡᠳᠦᠪᠲᠦ ᠠᠵᠢᠯᠯᠠᠭ᠎ᠠ ᠨᠢ ︽ᠤᠯᠠᠪᠤᠷ︾ ᠥᠩᠭᠡ ᠬᠤᠰᠢᠭᠤᠴᠢ᠂ ︽ᠤᠯᠠᠪᠤᠷ | ᠰᠢᠷ᠎ᠠ︾ ᠨᠢ ᠢᠷᠡᠭᠡᠳᠦᠶ ᠶᠢᠨ ᠲᠤᠬᠠᠶ᠂ ︽ᠰᠢᠷ᠎ᠠ︾ ᠥᠩᠭᠡ ᠶᠢᠨ ᠰᠡᠷᠡᠮᠵᠢᠯᠡᠭᠦᠯᠦᠯ᠂ ︽ᠨᠣᠭᠤᠭᠠᠨ︾ ᠡᠷᠡᠭᠦᠯ ᠮᠡᠨᠳᠦ᠂ | ︽ᠵᠠᠯᠠᠭᠤ︾ ᠴᠤᠭ ᠵᠢᠪᠬᠤᠭ᠎ᠠ᠂ ︽ᠬᠥᠬᠡ ︾ ᠥᠩᠭᠡ ᠰᠠᠬᠢᠨ ᠬᠠᠮᠠᠭᠠᠯᠠᠬᠤ᠂ ︽ᠬᠦᠷᠡᠩ︾ ᠵᠡᠷᠭᠡ ᠪᠠᠷ ᠭᠤᠤᠯ ᠰᠡᠳᠦᠪ | ᠪᠣᠯᠭᠠᠵᠤ᠂ ᠣᠯᠠᠨ ᠲᠦᠮᠡᠨ ᠤ ᠬᠠᠷᠢᠯᠴᠠᠨ ᠬᠥᠳᠡᠯᠦᠯᠴᠡᠬᠦ᠂ ᠠᠵᠢᠯ ᠣᠯᠭᠤᠵᠤ ᠠᠵᠢᠯᠲᠠᠨ ᠡᠯᠰᠡᠬᠦ᠂ ᠡᠮ ᠡᠮᠨᠡᠯᠭᠡ ᠶᠢᠨ | ᠳᠠᠭᠠᠳᠬᠠᠯ ᠤᠨ ᠤᠬᠠᠭᠤᠯᠭ᠎ᠠ᠂ ᠠᠮᠤᠷ ᠲᠦᠪᠰᠢᠨ ᠤ ᠬᠥᠮᠦᠵᠢᠯ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ᠂ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡ ᠵᠡᠷᠭᠡ ᠣᠯᠠᠨ ᠲᠠᠯ᠎ᠠ ᠶᠢ ᠬᠠᠮᠤᠷᠴᠤ᠂ ᠦᠨᠳᠦᠰᠦᠨ ᠱᠠᠲᠤᠨ ᠤ ᠵᠠᠰᠠᠯᠲᠠ ᠶᠢᠨ | ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠣᠯᠠᠨ | ᠲᠦᠮᠡᠨ ᠤ ᠲᠥᠪᠯᠡᠩᠭᠦᠶ ᠬᠦᠴᠦᠨ ᠢ ᠳᠡᠭᠡᠭᠰᠢᠯᠡᠭᠦᠯᠪᠡ᠃ | ︽ᠤᠯᠠᠭᠠᠨ︾ ᠬᠤᠰᠢᠭᠤᠴᠢ᠄ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠣᠯᠠᠨ ᠲᠦᠮᠡᠨ ᠳᠤ ᠨᠡᠶᠢᠭᠡᠮ | ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ᠂ ᠲᠣᠰᠬᠤᠨ ᠤ ᠲᠦᠷᠢᠮ ᠠᠷᠠᠳ ᠤᠨ ᠭᠡᠷ᠎ᠡ ᠵᠡᠷᠭᠡ | ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ ᠶᠢᠨ ᠬᠠᠮᠲᠤ᠂ ᠣᠯᠠᠨ ᠢᠶᠠᠷ ᠢᠶᠠᠨ ᠬᠤᠪᠢ ᠬᠥᠮᠦᠨ ᠤ ᠪᠣᠯᠪᠠᠰᠤᠨ ᠤ | ᠦᠢᠯᠡ ᠠᠵᠢᠯᠯᠠᠭ᠎ᠠ ᠶᠢ ᠶᠠᠷᠢᠬᠤ᠂ ᠲᠣᠰᠬᠤᠨ ᠤ ᠲᠦᠷᠢᠮ ᠠᠷᠠᠳ ᠤᠨ ᠭᠡᠷ᠎ᠡ ᠶᠢ ᠭᠦᠢᠴᠡᠳᠭᠡᠬᠦ᠂ ᠬᠤᠪᠢᠰᠬᠠᠯ ᠤᠨ | ᠥᠯᠢᠭᠡᠷ ᠢ ᠰᠠᠶᠢᠲᠤᠷ ᠶᠠᠷᠢᠬᠤ ᠵᠡᠷᠭᠡ ᠪᠤᠢ᠃ | ︽ᠰᠢᠷ᠎ᠠ︾ ᠥᠩᠭᠡ ᠶᠢᠨ ᠰᠡᠷᠡᠮᠵᠢᠯᠡᠭᠦᠯᠦᠯ᠄ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ᠴᠢᠩᠱᠠᠨ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠪᠠᠯᠭᠠᠰᠤᠨ ᠤ ᠠᠵᠢᠯᠲᠠᠨ ᠢ ᠤᠷᠢᠵᠤ ᠣᠯᠠᠨ | ᠲᠦᠮᠡᠨ ᠳᠤ ᠮᠡᠬᠡᠯᠡᠯ ᠢ ᠡᠰᠡᠷᠭᠦᠴᠡᠬᠦ᠂ ᠠᠮᠤᠷ ᠲᠦᠪᠰᠢᠨ ᠪᠠ ᠣᠷᠴᠢᠨ ᠲᠣᠭᠤᠷᠢᠨ ᠢ ᠬᠠᠮᠠᠭᠠᠯᠠᠬᠤ ᠮᠡᠳᠡᠯᠭᠡ ᠶᠢᠨ | ᠲᠠᠶᠢᠯᠤᠮᠵᠢ ᠬᠢᠬᠦ ᠶᠢᠨ ᠬᠠᠮᠲᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠢ ᠬᠥᠲᠥᠯᠥᠨ | ᠵᠢᠯᠣᠭᠤᠳᠴᠤ ᠪᠠᠶᠢᠭᠠᠳ ᠠᠮᠤᠷ ᠲᠦᠪᠰᠢᠨ ᠤ ᠰᠡᠷᠭᠡᠶᠢᠯᠡᠯᠲᠡ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠤᠬᠠᠮᠰᠠᠷ ᠢ ᠪᠣᠶ ᠪᠣᠯᠭᠠᠪᠠ᠃ | ︽ᠨᠣᠭᠤᠭᠠᠨ︾ ᠡᠷᠡᠭᠦᠯ ᠮᠡᠨᠳᠦ᠄ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠰᠣᠨᠢᠷᠬᠠᠯᠲᠤ ᠲᠠᠮᠢᠷ ᠤᠨ | ᠤᠷᠤᠯᠳᠤᠭᠠᠨ ᠬᠢᠵᠦ᠂ ᠰᠣᠨᠢᠷᠬᠠᠯ ᠤᠨ ᠲᠣᠭᠯᠠᠭᠠᠮ ᠤᠨ ᠬᠡᠯᠪᠡᠷᠢ ᠨᠢ ᠣᠯᠠᠨ ᠶᠠᠩᠵᠤ ᠶᠢᠨ᠂ ᠠᠭᠤᠯᠭ᠎ᠠ ᠨᠢ ᠪᠠᠶᠠᠯᠢᠭ | ᠪᠠᠶᠢᠵᠤ᠂ ᠤᠷᠤᠯᠳᠤᠭᠠᠨ ᠳᠤ ᠣᠷᠣᠯᠴᠠᠭᠰᠠᠳ ᠨᠢᠭᠡᠳ ᠨᠢᠭᠡ ᠪᠠᠷ ᠢᠶᠠᠨ ᠪᠤᠰᠢᠭᠤ ᠲᠦᠷᠭᠡᠨ᠂ ᠲᠣᠰ ᠲᠣᠰ ᠤᠨ | ᠭᠤᠶᠢᠳᠠ ᠰᠠᠶᠢᠬᠠᠨ ᠪᠠᠶᠢᠵᠤ᠂ ᠪᠦᠬᠦ᠋ᠢᠯᠡ ᠬᠥᠳᠡᠯᠭᠡᠭᠡᠨ ᠤ ᠠᠭᠤᠷ ᠠᠮᠢᠰᠬᠤᠯ ᠨᠢ ᠰᠣᠨᠢᠷᠬᠠᠯᠲᠠᠶ ᠮᠥᠷᠲᠡᠭᠡᠨ | ᠬᠠᠶᠢᠷ᠎ᠠ ᠲᠠᠢ ᠪᠠᠶᠢᠳᠠᠭ᠃ | ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠤᠨ ᠬᠠᠷᠢᠯᠴᠠᠭᠠᠨ ᠤ ᠲᠤᠬᠠᠶ ᠨᠢᠭᠡᠨ ᠤᠳᠠᠭᠠᠨ ᠤ ᠰᠣᠨᠢᠷᠬᠠᠯᠲᠠᠶ | ᠣᠶᠢᠯᠠᠭᠠᠯᠲᠠ ᠪᠣᠯᠬᠤ ᠪᠠᠷ ᠪᠠᠷᠠᠬᠤ ᠥᠬᠡᠶ᠂ ᠨᠠᠩ ᠴᠤ ᠨᠢᠭᠡ ᠤᠳᠠᠭᠠᠨ ᠤ ᠰᠣᠶᠣᠯ ᠤᠨ ᠦᠵᠡᠭᠦᠯᠦᠯᠭᠡ ᠪᠠ | ᠪᠠᠳᠠᠷᠠᠭᠤᠯᠤᠯᠲᠠ ᠪᠠᠶᠢᠵᠤ᠂ ᠬᠠᠯᠠᠭᠤᠨ ᠳᠤᠯᠠᠭᠠᠨ ᠬᠠᠷᠢᠯᠴᠠᠨ ᠬᠥᠳᠡᠯᠦᠯᠴᠡᠬᠦ ᠠᠭᠤᠷ ᠠᠮᠢᠰᠬᠤᠯ ᠢ ᠪᠣᠶ ᠪᠣᠯᠭᠠᠵᠤ᠂ | ᠣᠯᠠᠨ ᠲᠦᠮᠡᠨ ᠤ ᠨᠢᠭᠡᠳᠦᠯᠲᠡᠶ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ | ᠱᠠᠷᠴᠢᠨ ᠲᠣᠰᠬᠤᠨ ᠦᠷᠭᠦᠯᠵᠢᠯᠡᠨ ᠠᠵᠢᠯᠯᠠᠭ᠎ᠠ ᠶᠢᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠣᠨᠴᠠᠯᠢᠭ ᠢᠶᠠᠷ | ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠢᠯᠯᠠᠭ᠎ᠠ ᠪᠠᠷ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠨᠡᠩ ᠪᠠᠶᠠᠯᠢᠭ | ᠰᠠᠶᠢᠬᠠᠨ ᠤᠯᠠᠨ ᠲᠦᠮᠡᠨᠴᠢ ᠴᠢᠨᠠᠷᠲᠠᠢ ᠰᠣᠶᠣᠯ ᠲᠠᠮᠢᠷ ᠤᠨ ᠠᠵᠢᠯᠯᠠᠭ᠎ᠠ ᠶᠢ ᠡᠷᠬᠢᠯᠡᠵᠦ᠂ ᠤᠯᠠᠨ ᠲᠦᠮᠡᠨ ᠳᠤ ᠨᠡᠩ | ᠤᠯᠠᠨ ᠪᠠᠶᠠᠷ ᠪᠠᠶᠠᠰᠤᠯ ᠢ ᠠᠪᠴᠢᠷᠠᠬᠤ ᠪᠣᠯᠤᠨ᠎ᠠ᠃ | | | | | | | | | | | | | |