ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ | ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ᠂ ᠪᠠᠰᠠ ᠴᠤ ᠦᠨᠳᠦᠰᠦᠲᠡᠨ ᠤ | ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ᠃ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ | ᠲᠣᠪᠴᠢᠶ᠎ᠠ ᠬᠠᠮᠲᠤ ᠶᠢᠨ ᠴᠣᠭᠴᠠ ᠶᠢᠨ ᠤᠬᠠᠮᠰᠠᠷ ᠢ ᠲᠤᠤᠱᠯᠠᠭᠤᠯᠬᠤ ᠪᠠ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠱᠠᠭᠠᠷᠳᠠᠯᠭ᠎ᠠ ᠶᠢ ᠡᠳ᠋ ᠤᠨ ᠵᠠᠰᠠᠭ ᠤᠨ ᠠᠵᠢᠯ ᠤᠨ ᠪᠦᠬᠦ ᠶᠠᠪᠤᠴᠠ᠂ ᠡᠯ᠎ᠡ ᠭᠤᠭᠴᠤᠭ᠎ᠠ ᠳᠤ ᠲᠡᠷᠡ | ᠬᠡᠪ ᠢᠶᠠᠷ ᠨᠢ ᠨᠠᠶᠢᠳᠠᠪᠤᠷᠢᠵᠢᠭᠤᠯᠵᠤ᠂ ᠴᠢᠩᠱᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ | ᠡᠳ᠋ ᠤᠨ ᠵᠠᠰᠠᠭ ᠤᠨ ᠪᠠᠲᠤᠯᠠᠭ᠎ᠠ ᠬᠠᠩᠭᠠᠬᠤ ᠪᠠᠷ ᠴᠢᠷᠮᠠᠶᠢᠨ᠎ᠠ᠃ | ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠳᠦᠰᠦᠲᠡᠨ ᠤ ᠠᠵᠢᠯ ᠢ ᠴᠢᠬᠤᠯᠠ | ᠤᠯᠤᠰ ᠲᠦᠷᠦ ᠶᠢᠨ ᠡᠭᠦᠷᠭᠡ ᠪᠣᠯᠭᠠᠨ ᠪᠣᠳᠠᠲᠠᠢ ᠠᠳᠬᠤᠵᠤ ᠰᠠᠶᠢᠲᠤᠷ ᠠᠳᠬᠤᠨ᠎ᠠ᠃ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ᠂ ᠲᠣᠪᠴᠢᠶ᠎ᠠ ᠶᠢᠨ ᠶᠠᠪᠤᠳᠠᠯ ᠤᠨ ᠬᠤᠷᠠᠯ ᠵᠡᠷᠭᠡ ᠶᠢ ᠣᠯᠠᠨ ᠤᠳᠠᠭ᠎ᠠ ᠬᠤᠷᠠᠯᠳᠤᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠵᠢᠭᠠᠪᠤᠷᠢ ᠵᠣᠷᠢᠭ ᠰᠠᠨᠠᠭ᠎ᠠ᠂ | ᠲᠥᠪ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠴᠢᠩᠱᠠᠨ ᠲᠣᠭᠤᠷᠢᠭ ᠤᠨ ᠦᠨᠳᠦᠰᠦᠲᠡᠨ ᠤ ᠠᠵᠢᠯ ᠤᠨ | ᠬᠤᠷᠠᠯ ᠤᠨ ᠵᠣᠷᠢᠭ ᠰᠠᠨᠠᠭ᠎ᠠ ᠵᠢᠴᠢ ᠡᠯ᠎ᠡ ᠵᠦᠢᠯ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ ᠢ ᠰᠤᠷᠤᠯᠴᠠᠨ ᠣᠶᠢᠯᠠᠭᠠᠵᠤ᠂ ᠦᠨᠳᠦᠰᠦᠲᠡᠨ ᠤ ᠡᠳ᠋ ᠤᠨ ᠵᠠᠰᠠᠭ ᠲᠤ ᠣᠷᠣᠬᠤ ᠶᠢ ᠢᠳᠡᠪᠬᠢᠲᠡᠶ | ᠠᠬᠢᠭᠤᠯᠵᠤ᠂ ᠪᠥᠬᠦ ᠲᠠᠯ᠎ᠠ ᠶᠢᠨ ᠺᠠᠳ᠋ᠷ ᠠᠵᠢᠯᠲᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠪᠠ᠃ | ᠬᠤᠶᠠᠷ ᠲᠤ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠵᠤ᠂ ᠦᠨᠳᠦᠰᠦᠲᠡᠨ ᠤ ᠠᠵᠢᠯ | ᠦᠢᠯᠡᠰ ᠤᠨ ᠬᠥᠭᠵᠢᠯᠲᠡ ᠶᠢ ᠳᠡᠮᠵᠢᠬᠦ ᠡᠷᠴᠢᠮ ᠢ ᠦᠷᠭᠦᠯᠵᠢᠯᠡᠨ ᠴᠢᠩᠭᠠᠷᠠᠭᠤᠯᠤᠨ᠎ᠠ᠃ ᠡᠳ᠋ ᠤᠨ ᠵᠠᠰᠠᠭ ᠤᠨ | ᠠᠵᠢᠯᠯᠠᠭᠠᠨ ᠮᠠᠰᠢ ᠬᠦᠴᠢᠷ ᠲᠦᠪᠡᠭᠲᠡᠢ ᠪᠠᠶᠢᠳᠠᠯ ᠳᠣᠣᠷ᠎ᠠ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠢᠮᠠᠭᠲᠠ | ᠡᠳ᠋ ᠤᠨ ᠵᠠᠰᠠᠭ ᠤᠨ ᠡᠭᠦᠷᠭᠡ ᠴᠢᠳᠠᠪᠬᠢ ᠪᠠᠨ ᠪᠠᠳᠠᠷᠠᠭᠤᠯᠵᠤ᠂ ᠵᠠᠷᠤᠯᠭ᠎ᠠ ᠶᠢᠨ ᠪᠦᠲᠦᠴᠡ ᠪᠠᠨ ᠰᠢᠯᠢᠳᠡᠭᠵᠢᠭᠦᠯᠵᠦ᠂ | 2024 ᠣᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ | ᠠᠵᠢᠯ ᠤᠨ ᠵᠠᠷᠤᠳᠠᠯ ᠢ 15 ᠲᠦᠮᠡᠨ ᠲᠥᠭᠦᠷᠢᠭ ᠲᠣᠬᠢᠷᠠᠭᠤᠯᠪᠠ︔ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠤᠨ ᠵᠠᠷᠤᠳᠠᠯ 20 ᠲᠦᠮᠡᠨ ᠲᠥᠭᠦᠷᠢᠭ ᠲᠣᠬᠢᠷᠠᠭᠤᠯᠪᠠ᠃ ᠡᠭᠦᠨ ᠤ ᠬᠠᠮᠲᠤ᠂ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠲᠠᠢ ᠢᠳᠡᠪᠬᠢᠲᠡᠢ ᠬᠠᠮᠵᠢᠯᠴᠠᠨ ᠳᠡᠭᠡᠳᠦ ᠱᠠᠲᠤᠨ ᠠᠴᠠ ᠪᠡᠯᠡ ᠮᠥᠩᠭᠦ | ᠣᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶ ᠶᠢ ᠵᠣᠯᠭᠠᠭᠤᠯᠤᠨ ᠠᠬᠢᠭᠤᠯᠬᠤ ᠪᠡᠯᠡ ᠮᠥᠩᠭᠦ | 311 ᠲᠦᠮᠡᠨ ᠲᠥᠭᠦᠷᠢᠭ ᠪᠠᠭᠤᠯᠭᠠᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠪᠦᠲᠦᠮᠵᠢᠲᠡᠶ ᠲᠦᠯᠬᠢᠨ | ᠠᠬᠢᠭᠤᠯᠵᠤ᠂ ᠮᠠᠨ ᠤ ᠲᠤᠭᠤᠷᠢᠭ ᠤᠨ ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢ | ᠶᠡᠬᠡᠪᠡᠷ ᠳᠡᠮᠵᠢᠪᠡ᠃ | ᠭᠤᠷᠪᠠ ᠳᠤ ᠰᠢᠨᠵᠢᠯᠡᠬᠦ ᠤᠬᠠᠭᠠᠨᠴᠢ ᠪᠥᠭᠡᠳ ᠣᠨᠣᠪᠴᠢᠲᠠᠶ᠂ ᠵᠠᠷᠤᠯᠭ᠎ᠠ ᠶᠢᠨ ᠪᠦᠲᠦᠴᠡ ᠶᠢ | ᠰᠢᠯᠢᠳᠡᠭᠵᠢᠭᠦᠯᠵᠦ᠂ ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠵᠣᠬᠢᠴᠠᠩᠭᠤᠶ ᠬᠥᠭᠵᠢᠯᠲᠡ ᠶᠢ | ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠲᠥᠰᠦᠪ ᠢ ᠬᠠᠤᠯᠢ ᠪᠠᠷ ᠲᠣᠭᠲᠠᠭᠠᠬᠤ᠂ ᠣᠷᠣᠯᠭ᠎ᠠ ᠵᠠᠷᠤᠯᠭ᠎ᠠ ᠶᠢ | ᠲᠡᠩᠴᠡᠭᠦᠷᠢᠲᠡᠶ ᠪᠠᠶᠢᠯᠭᠠᠬᠤ ᠶᠢ ᠪᠠᠷᠢᠮᠲᠠᠯᠠᠵᠤ᠂ ᠲᠥᠰᠦᠪ ᠤᠨ ᠵᠠᠷᠤᠯᠭ᠎ᠠ ᠶᠢᠨ ᠪᠣᠭᠤᠮᠲᠠ ᠶᠢ ᠴᠢᠩᠭ᠎ᠠ ᠠᠳᠬᠤᠵᠤ᠂ | ᠲᠥᠰᠦᠪ ᠠᠴᠠ ᠳᠠᠪᠠᠭᠤᠯᠬᠤ᠂ ᠲᠥᠰᠦᠪ ᠦᠭᠡᠢ ᠪᠠᠷ ᠵᠠᠷᠤᠯᠭ᠎ᠠ ᠶᠢ ᠲᠣᠬᠢᠷᠠᠭᠤᠯᠬᠤ ᠶᠢ ᠴᠢᠩᠭ᠎ᠠ ᠴᠠᠭᠠᠵᠠᠯᠠᠨ᠎ᠠ᠃ | ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠨᠠᠮ ᠵᠠᠰᠠᠭ ᠤᠨ | ᠪᠠᠶᠢᠭᠤᠯᠭ᠎ᠠ ᠶᠢᠨ ︽ᠭᠠᠮᠨᠠᠵᠤ ᠠᠮᠢᠳᠤᠷᠠᠬᠤ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠰᠢᠨ᠎ᠡ ᠪᠠᠷ ᠨᠡᠮᠡᠭᠳᠡᠬᠦ | ᠬᠠᠳᠠᠨ ᠪᠤᠰᠤ᠂ ᠪᠠᠴᠢᠮ ᠪᠤᠰᠤ ᠵᠠᠷᠤᠯᠭ᠎ᠠ ᠶᠢ ᠴᠢᠩᠭ᠎ᠠ ᠡᠵᠡᠮᠳᠡᠵᠦ᠂ ᠡᠳ᠋ ᠤᠨ ᠵᠠᠰᠠᠭ ᠤᠨ ᠪᠡᠯᠡ ᠮᠥᠩᠭᠦ ᠶᠢ | ᠨᠢᠭᠡᠳᠦᠯᠲᠡᠢ ᠲᠥᠯᠥᠪᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠳ᠋ ᠤᠨ ᠵᠠᠰᠠᠭ ᠤᠨ ︽ᠲᠦᠯᠬᠢᠭᠴᠢ︾ ︽ᠬᠠᠮᠢᠶᠠᠷᠤᠨ | ᠡᠵᠡᠮᠳᠡᠬᠦ ᠪᠣᠭᠤᠮᠲᠠ︾ ᠶᠢᠨ ᠦᠢᠯᠡᠳᠦᠯ ᠢ ᠪᠠᠳᠠᠷᠠᠭᠤᠯᠬᠤ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠡᠭᠦᠷᠭᠡ | ᠴᠢᠳᠠᠪᠬᠢ ᠶᠢ ᠢᠳᠡᠪᠬᠢᠲᠡᠢ ᠪᠠᠳᠠᠷᠠᠭᠤᠯᠵᠤ᠂ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ᠂ ᠡᠳ᠋ ᠤᠨ ᠵᠠᠰᠠᠭ ᠤᠨ | ᠪᠡᠯᠡ ᠮᠥᠩᠭᠦ ᠠᠴᠠ ᠬᠦᠴᠦᠯᠡᠨ ᠭᠠᠷᠳᠠᠵᠤ᠂ ᠮᠠᠨ ᠤ ᠲᠤᠭᠤᠷᠢᠭ ᠤᠨ ᠦᠨᠳᠦᠰᠦᠲᠡᠨ ᠤ ᠦᠢᠯᠡᠰ ᠤᠨ ᠬᠥᠭᠵᠢᠯᠲᠡ | ᠪᠠ ᠦᠨᠳᠦᠰᠦᠲᠡᠨ ᠤ ᠬᠠᠷᠢᠴᠠᠭ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ | ᠠᠬᠢᠭᠤᠯᠤᠨ᠎ᠠ᠃ | | |