ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ | ᠶᠠᠮᠤᠨ ᠤ ︽ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ | ᠳᠣᠭᠢᠷᠠᠭᠤᠯᠬᠤ ᠲᠤᠬᠠᠶ ᠮᠡᠳᠡᠭᠳᠡᠯ︾ ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠶᠠᠮᠤᠨ ᠲᠠᠷᠬᠠᠭᠠᠭᠰᠠᠨ ︹2022︺ 48 ᠳ᠋ᠤᠭᠠᠷ ᠲᠣᠭᠠᠲᠤ︶ ᠪᠠ ᠦᠪᠦᠷ ᠮᠤᠩᠭᠤᠯ ᠤᠨ ᠦᠪᠡᠷᠲᠡᠭᠡᠨ ᠵᠠᠰᠠᠬᠤ | ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ ᠤᠨ ︽2024 ᠣᠨ ᠳᠤ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠮᠥᠩᠭᠦ ᠶᠢ ᠲᠣᠬᠢᠷᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ | ᠲᠠᠷᠬᠠᠭᠠᠭᠰᠠᠨ ﹇2020﹈ 20 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ | ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ | ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ | ᠬᠢᠨ᠎ᠠ᠃ | ᠲᠣᠰ ᠤᠳᠠᠭᠠᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠠᠷᠠᠭᠠᠯᠵᠠᠯ ᠤᠨ ᠬᠢᠷᠢ | ᠲᠦᠪᠰᠢᠨ ᠤ ᠲᠣᠬᠢᠷᠠᠭᠤᠯᠤᠯᠲᠠ ᠶᠢ 2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ | ᠨᠡᠶᠢᠲᠡ 1158.49 ᠲᠦᠮᠡᠨ ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠥᠬᠦᠪᠦᠷᠢᠯᠡᠨ | ᠣᠯᠭᠤᠪᠠ᠂ ᠡᠭᠦᠨ ᠳᠤ᠂ ᠪᠠᠶᠢᠭᠤᠯᠭ᠎ᠠ ᠠᠵᠢᠯ ᠦᠢᠯᠡᠰ ᠤᠨ ᠬᠥᠮᠥᠰ ᠢ 423.19 ᠲᠦᠮᠡᠨ ᠲᠥᠭᠦᠷᠢᠭ | ᠨᠥᠬᠦᠪᠦᠷᠢᠯᠡᠨ ᠣᠯᠭᠤᠵᠤ᠂ 4563 ᠬᠥᠮᠦᠨ ᠳᠤ ᠠᠰᠢᠭ ᠬᠦᠷᠲᠡᠭᠡᠪᠡ︔ ᠠᠵᠤ ᠠᠬᠤᠶᠢᠯᠠᠯ ᠤᠨ ᠠᠵᠢᠯᠲᠠᠨ ᠢ | 735.3 ᠲᠦᠮᠡᠨ ᠲᠥᠭᠦᠷᠢᠭ ᠨᠥᠬᠦᠪᠦᠷᠢᠯᠡᠨ ᠣᠯᠭᠤᠵᠤ᠂ 14096 ᠬᠥᠮᠦᠨ ᠳᠤ ᠠᠰᠢᠭ ᠬᠦᠷᠲᠡᠭᠡᠵᠦ᠂ 7 | ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦᠨ ᠢ ᠨᠥᠬᠦᠪᠦᠷᠢᠯᠡᠨ ᠣᠯᠭᠤᠪᠠ᠃ |