ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠢᠶᠠᠷ | ᠬᠢᠨᠠᠨ ᠵᠥᠪᠯᠡᠵᠦ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠲᠣᠭᠲᠠᠭᠠᠯ︾ ᠳᠤ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠦᠷᠦ ᠶᠢᠨ | ᠪᠤᠳᠤᠯᠭ᠎ᠠ ᠶᠢ ᠲᠡᠭᠦᠯᠳᠡᠷᠵᠢᠭᠦᠯᠬᠦ ᠲᠤᠬᠠᠢ ᠠᠯᠢ ᠤᠯᠠᠨ ᠰᠢᠨ᠎ᠡ ᠪᠠᠶᠢᠷᠢᠯᠠᠭᠤᠯᠤᠯᠲᠠ ᠬᠢᠪᠡ᠃ ᠡᠭᠦᠨ ᠳᠤ ︽ᠴᠢᠨᠠᠷ | ᠰᠠᠶᠢᠲᠠᠢ ᠪᠠᠷ ᠭᠦᠢᠴᠡᠳ ᠠᠵᠢᠯ ᠣᠯᠭᠤᠬᠤ ᠪᠠᠨ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ︾ | ᠱᠠᠭᠠᠷᠳᠠᠯᠭ᠎ᠠ ᠶᠢ ᠨᠢ ᠠᠵᠢᠯ ᠣᠯᠭᠤᠯᠲᠠ ᠶᠢᠨ ᠶᠡᠷᠦᠩᠬᠡᠢ ᠬᠡᠪᠴᠢᠶᠡᠨ ᠤ ᠳᠠᠷᠤᠯᠲᠠ ᠪᠠ ᠪᠦᠲᠦᠴᠡ ᠶᠢᠨ ᠴᠢᠨᠠᠷᠲᠠᠢ | ᠵᠥᠷᠢᠴᠡᠯ ᠵᠡᠷᠭᠡ ᠪᠠᠷ ᠣᠷᠣᠰᠢᠵᠤ ᠪᠠᠶᠢᠭ᠎ᠠ ᠠᠬᠤᠢ ᠪᠠᠶᠢᠳᠠᠯ ᠳᠤ ᠶᠠᠭᠠᠬᠢᠵᠤ ᠨᠠᠶᠢᠳᠠᠪᠤᠷᠢᠵᠢᠭᠤᠯᠪᠠᠯ ᠵᠣᠬᠢᠬᠤ ᠪᠤᠢ︖ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠰᠠᠶᠢᠳ ᠸᠠᠩ ᠰᠢᠶᠤᠤ | ᠫᠢᠩ᠄ ︽ᠴᠢᠨᠠᠷ ᠰᠠᠶᠢᠲᠠᠶ ᠪᠠᠷ ᠭᠦᠢᠴᠡᠳ ᠠᠵᠢᠯ ᠣᠯᠭᠤᠬᠤ ᠪᠠᠨ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ | ᠠᠶᠠᠨ ᠤ ᠠᠵᠢᠯ ᠣᠯᠭᠤᠯᠲᠠ ᠶᠢᠨ ᠠᠵᠢᠯ ᠤᠨ ᠰᠢᠨ᠎ᠡ ᠪᠠᠶᠢᠷᠢ ᠲᠣᠭᠲᠠᠭᠠᠯᠲᠠ᠂ ᠰᠢᠨ᠎ᠡ ᠡᠭᠦᠷᠭᠡ ᠬᠠᠷᠢᠭᠤᠴᠠᠯᠭ᠎ᠠ | ᠪᠣᠯᠣᠨ᠎ᠠ᠃ ᠳᠠᠷᠠᠭᠠᠴᠢ ᠶᠢᠨ ᠠᠯᠬᠤᠮ ᠳᠤ ︽ᠲᠣᠭᠲᠠᠭᠠᠯ︾ ᠤᠨ ᠪᠠᠶᠢᠷᠢᠯᠠᠭᠤᠯᠤᠯᠲᠠ ᠶᠣᠰᠣᠭᠠᠷ᠂ ᠴᠢᠨᠠᠷ ᠰᠠᠶᠢᠲᠠᠢ ᠪᠠᠷ | ᠭᠦᠢᠴᠡᠳ ᠠᠵᠢᠯ ᠣᠯᠭᠤᠬᠤ ᠪᠠᠨ ᠠᠬᠢᠭᠤᠯᠬᠤ ᠪᠠᠷ ᠬᠠᠷᠠᠯᠲᠠ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠠᠷ ᠵᠢᠯᠤᠭᠤᠳᠤᠯᠭ᠎ᠠ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ | ᠲᠦᠷᠦ ᠶᠢᠨ ᠪᠤᠳᠤᠯᠭ᠎ᠠ ᠶᠢ ᠴᠢᠩᠭᠠᠷᠠᠭᠤᠯᠬᠤ ᠪᠠᠷ ᠭᠠᠷᠳᠠᠴᠠ᠂ ᠠᠵᠢᠯ ᠣᠯᠭᠤᠯᠲᠠ ᠶᠢᠨ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠦᠳᠡᠯᠭᠡᠭᠴᠢ ᠬᠦᠴᠦᠨ ᠪᠣᠯᠭᠠᠨ᠂ ᠠᠵᠢᠯ ᠣᠯᠭᠤᠯᠲᠠ ᠶᠢᠨ ᠴᠢᠨᠠᠷ | ᠴᠢᠨᠰᠠᠭ᠎ᠠ ᠶᠢ ᠪᠦᠲᠦᠮᠵᠢᠲᠡᠢ ᠰᠠᠶᠢᠵᠢᠷᠠᠭᠤᠯᠬᠤ ᠪᠠ ᠲᠤᠭ᠎ᠠ ᠬᠡᠮᠵᠢᠶ᠎ᠡ ᠪᠠᠨ ᠵᠣᠬᠢᠰᠲᠠᠢ ᠨᠡᠮᠡᠭᠳᠡᠭᠦᠯᠬᠦ ᠶᠢ ᠦᠷᠭᠦᠯᠵᠢᠯᠡᠨ | ᠠᠬᠢᠭᠤᠯᠤᠨ᠎ᠠ︾ ᠬᠡᠮᠡᠪᠡ᠃ | ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠬᠥᠳᠡᠯᠮᠦᠷᠢᠯᠡᠬᠦ ᠨᠠᠰᠤᠨ ᠤ ᠬᠥᠮᠦᠨ ᠠᠮᠠ ᠲᠠᠰᠤᠷᠠᠯᠲᠠ | ᠦᠭᠡᠢ ᠪᠠᠭᠠᠰᠤᠭᠰᠠᠨ ᠪᠣᠯᠪᠠᠴᠤ ᠬᠥᠳᠡᠯᠮᠦᠷᠢ ᠬᠦᠴᠦᠨ ᠤ ᠶᠡᠷᠦᠩᠬᠡᠢ ᠬᠡᠪᠴᠢᠶ᠎ᠡ ᠮᠥᠨ ᠯᠡ ᠠᠰᠤᠷᠤ ᠶᠡᠭᠡ ᠪᠠᠶᠢᠭ᠎ᠠ | ᠪᠣᠯᠬᠤᠷ ᠠᠵᠢᠯ ᠣᠯᠭᠤᠯᠲᠠ ᠶᠢᠨ ᠶᠡᠷᠦᠩᠬᠡᠢ ᠬᠡᠪᠴᠢᠶᠡᠨ ᠤ ᠳᠠᠷᠤᠯᠲᠠ ᠮᠥᠨ ᠣᠷᠣᠰᠢᠭᠰᠠᠭᠠᠷ ᠪᠠᠶᠢᠨ᠎ᠠ᠃ ᠡᠭᠦᠨ ᠤ | ᠬᠠᠮᠲᠤ᠂ ᠬᠥᠳᠡᠯᠮᠦᠷᠢ ᠬᠦᠴᠦᠨ ᠤ ᠪᠦᠲᠦᠴᠡ ᠳᠤ ᠭᠦᠨᠵᠡᠭᠡᠶ ᠬᠤᠪᠢᠷᠠᠯᠲᠠ ᠭᠠᠷᠴᠤ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠤ ᠲᠦᠷᠭᠡᠨ ᠬᠥᠭᠵᠢᠯᠲᠡ᠂ ᠰᠢᠨ᠎ᠡ ᠪᠠᠷ ᠪᠤᠢ ᠪᠣᠯᠣᠬᠰᠠᠨ ᠠᠵᠤ ᠦᠢᠯᠡᠰ ᠤᠨ | ᠪᠤᠶᠢᠵᠢᠨ ᠪᠤᠵᠠᠭᠠᠶᠢᠷᠠᠯᠲᠠ ᠪᠠ ᠢᠷᠡᠭᠡᠳᠦᠶ ᠶᠢᠨ ᠠᠵᠤ ᠦᠢᠯᠡᠰ ᠤᠨ ᠪᠠᠶᠢᠷᠢᠰᠢᠯ ᠤᠨ ᠪᠥᠲᠥᠭᠡᠨ ᠪᠠᠶᠢᠭᠤᠯᠤᠯᠲᠠ | ᠵᠡᠷᠭᠡ ᠨᠢ ᠬᠥᠳᠡᠯᠮᠦᠷᠢᠴᠢᠳ ᠤᠨ ᠤᠷ᠎ᠠ ᠮᠡᠷᠭᠡᠰᠢᠯ ᠤᠨ ᠬᠢᠷᠢ ᠲᠦᠪᠰᠢᠨ ᠳᠤ ᠨᠠᠩ ᠥᠨᠳᠥᠷ ᠱᠠᠭᠠᠷᠳᠠᠯᠭ᠎ᠠ | ᠳᠤᠷᠠᠳᠤᠭᠰᠠᠨ ᠪᠠᠶᠢᠨ᠎ᠠ᠃ ᠤᠷ᠎ᠠ ᠮᠡᠷᠭᠡᠰᠢᠯᠳᠦ ᠴᠢᠳᠠᠪᠤᠷᠢᠲᠠᠨ ᠳᠤᠲᠠᠭᠳᠠᠬᠤ᠂ ᠬᠥᠮᠦᠨ ᠤ ᠬᠦᠴᠦᠨ ᠤ ᠡᠬᠢ | ᠪᠠᠶᠠᠯᠢᠭ ᠤᠨ ᠬᠠᠩᠭᠠᠯᠭ᠎ᠠ ᠬᠡᠷᠡᠭᠴᠡᠭᠡ ᠳᠣᠬᠢᠷᠠᠯᠴᠠᠬᠤ ᠦᠭᠡᠢ᠂ ︽ᠠᠵᠢᠯ ᠪᠠᠶᠢᠪᠠᠴᠤ ᠬᠢᠬᠦ ᠬᠦᠳᠡᠯᠮᠦᠷᠢ ᠬᠦᠴᠦ ᠦᠭᠡᠢ᠂ | ᠬᠦᠳᠡᠯᠮᠦᠷᠢ ᠬᠦᠴᠦ ᠪᠠᠶᠢᠪᠠᠴᠤ ᠬᠢᠬᠦ ᠠᠵᠢᠯ ᠦᠭᠡᠢ︾ ᠪᠠᠶᠢᠳᠠᠯ ᠵᠡᠷᠭᠡ ᠪᠠᠷ ᠣᠷᠣᠰᠢᠵᠤ᠂ ᠪᠦᠲᠦᠴᠡ ᠶᠢᠨ ᠴᠢᠨᠠᠷᠲᠠᠢ | ᠠᠵᠢᠯ ᠣᠯᠭᠤᠯᠲᠠ ᠶᠢᠨ ᠵᠥᠷᠢᠴᠡᠯ ᠡᠳᠦᠷ ᠢᠷᠡᠬᠦᠶ᠎ᠡ ᠲᠤᠪᠤᠶᠢᠮ᠎ᠠ ᠪᠣᠯᠵᠠᠢ᠃ | ᠸᠠᠩ ᠰᠢᠶᠤᠤ ᠫᠢᠩ ᠢᠯᠡᠷᠬᠡᠶᠢᠯᠡᠬᠦ ᠳᠤ ᠪᠠᠨ ︽ᠡᠷᠬᠡᠪᠰᠢ ᠠᠵᠢᠯ ᠣᠯᠭᠤᠯᠲᠠ ᠶᠢ ᠤᠷᠢᠳ ᠢᠶᠠᠷ | ᠪᠣᠳᠣᠯᠬᠢᠯᠠᠬᠤ ᠶᠢ ᠢᠮᠠᠭᠲᠠ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠶᠠᠪᠤᠴᠠ ᠶᠢ ᠠᠵᠢᠯ ᠣᠯᠭᠤᠯᠲᠠ ᠶᠢᠨ | ᠴᠢᠨᠠᠷ ᠴᠢᠨᠰᠠᠭ᠎ᠠ ᠪᠠᠨ ᠰᠠᠶᠢᠵᠢᠷᠠᠭᠤᠯᠤᠨ ᠪᠠᠭᠲᠠᠭᠠᠮᠵᠢ ᠪᠠᠨ ᠥᠷᠭᠡᠳᠬᠡᠬᠦ ᠶᠠᠪᠤᠴᠠ ᠪᠣᠯᠭᠠᠬᠤ ᠬᠡᠷᠡᠭᠲᠡᠶ᠃︾ ᠡᠳ᠋ ᠤᠨ | ᠵᠠᠰᠠᠭ᠂ ᠵᠣᠭᠤᠰ᠂ ᠪᠠᠯᠠ ᠣᠷᠣᠭᠤᠯᠤᠯᠲᠠ᠂ ᠬᠡᠷᠡᠭᠯᠡᠭᠡ᠂ ᠠᠵᠤ ᠦᠢᠯᠡᠰ᠂ ᠣᠷᠣᠨ ᠪᠦᠰᠡ ᠵᠡᠷᠭᠡ ᠶᠢᠨ ᠲᠥᠷᠥ ᠶᠢᠨ | ᠪᠣᠳᠣᠯᠭ᠎ᠠ ᠬᠢᠭᠡᠳ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠵᠣᠬᠢᠴᠠᠯᠳᠤᠨ ᠬᠤᠯᠪᠤᠭᠠᠯᠠᠵᠤ | ᠬᠥᠳᠡᠯᠦᠯᠴᠡᠬᠦ ᠶᠢ ᠠᠬᠢᠭᠤᠯᠵᠤ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢᠨ ᠬᠥᠳᠡᠯᠮᠦᠷᠢ ᠬᠦᠴᠦ ᠶᠢ | ᠣᠷᠣᠭᠤᠯᠤᠨ ᠠᠪᠤᠳᠠᠭ ᠭᠤᠤᠯ ᠪᠣᠯᠬᠤ ᠠᠷᠭ᠎ᠠ ᠵᠠᠮ ᠤᠨ ᠦᠢᠯᠡᠳᠦᠯ ᠢ ᠨᠢ ᠭᠦᠢᠴᠡᠳ ᠪᠠᠳᠠᠷᠠᠭᠤᠯᠤᠨ᠎ᠠ᠃ ᠡᠭᠦᠨ ᠤ | ᠬᠠᠮᠲᠤ ᠠᠵᠢᠯ ᠣᠯᠭᠤᠯᠲᠠ ᠳᠤ ᠨᠥᠬᠦᠷᠰᠡᠭ ᠬᠡᠯᠪᠡᠷᠢ ᠪᠦᠬᠦᠢ ᠬᠥᠭᠵᠢᠯᠲᠡ ᠶᠢᠨ ᠠᠷᠭ᠎ᠠ ᠪᠠᠷᠢᠯ ᠢ ᠢᠳᠡᠪᠬᠢᠲᠡᠢ ᠪᠤᠢ | ᠪᠣᠯᠭᠠᠵᠤ᠂ ᠰᠠᠶᠢᠨ ᠰᠠᠶᠢᠬᠠᠨ ᠠᠵᠢᠯ ᠣᠯᠭᠤᠯᠲᠠ ᠶᠢᠨ ᠠᠮᠢ ᠠᠬᠤᠢ ᠶᠢ ᠪᠣᠢ ᠪᠣᠯᠭᠠᠨ᠎ᠠ᠃ | ︽ᠲᠣᠭᠲᠠᠭᠠᠯ︾ ᠳᠤ ︽ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠬᠦᠴᠦᠯᠡᠨ | ᠰᠢᠢᠳᠪᠦᠷᠢᠯᠡᠨ᠎ᠡ︾ ᠭᠡᠵᠦ ᠴᠢᠬᠤᠯᠠᠴᠢᠯᠠᠪᠠ᠃ ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠨᠢ ᠤᠷ᠎ᠠ ᠮᠡᠷᠭᠡᠰᠢᠯᠳᠦ | ᠴᠢᠳᠠᠪᠤᠷᠢᠲᠠᠳ ᠢ ᠬᠥᠮᠦᠵᠢᠭᠦᠯᠬᠦ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠳᠦᠷᠢᠮ ᠢ ᠲᠡᠭᠦᠯᠳᠡᠷᠵᠢᠭᠦᠯᠬᠦ ᠶᠠᠪᠤᠳᠠᠯ | ᠪᠣᠯᠤᠨ᠎ᠠ᠃ | ︽ᠪᠢᠳᠡ ᠰᠤᠷᠭᠠᠨ ᠬᠥᠮᠦᠵᠢᠯ᠂ ᠪᠣᠯᠪᠠᠰᠤᠷᠠᠯ ᠪᠠ ᠠᠵᠢᠯ ᠣᠯᠭᠤᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ | ᠠᠳᠬᠤᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠡᠷᠡᠭᠴᠡᠭᠡ ᠱᠠᠭᠠᠷᠳᠠᠯᠭ᠎ᠠ ᠶᠢ ᠲᠥᠰᠦᠭᠡᠯᠡᠬᠦ ᠲᠣᠭᠲᠠᠴᠠ | ᠪᠠᠶᠢᠭᠤᠯᠵᠤ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠪᠠᠨ ᠴᠢᠩᠭᠠᠳᠬᠠᠨ᠎ᠠ᠃ ᠬᠦᠮᠦᠵᠢᠬᠦᠯᠬᠦ ᠠᠷᠭ᠎ᠠ ᠪᠠᠷᠢᠯ ᠤᠨ | ᠲᠠᠯ᠎ᠠ ᠪᠠᠷ ᠰᠢᠨ᠎ᠡ ᠶᠢ ᠡᠬᠦᠳᠴᠥ᠂ ᠠᠵᠦ ᠠᠬᠤᠶᠢᠯᠠᠯ ᠤᠨ ᠬᠦᠮᠦᠵᠢᠬᠦᠯᠥᠨ ᠭᠡᠷᠡᠭᠯᠡᠬᠦ ᠭᠤᠤᠯ ᠴᠣᠠᠠᠴᠠ ᠶᠢᠨ | ᠦᠢᠯᠡᠳᠣᠯ ᠢ ᠨᠢ ᠬᠦᠢᠴᠡᠳ ᠪᠠᠳᠡᠷᠡᠭᠤᠯᠥᠨ᠎ᠠ᠃ ᠤᠷ᠎ᠠ ᠮᠡᠷᠭᠡᠰᠢᠯᠳᠦ ᠴᠢᠳᠠᠪᠤᠷᠢᠲᠠᠳ ᠤᠨ ᠬᠥᠭᠵᠢᠯᠲᠡ ᠶᠢᠨ ᠵᠠᠮ ᠢ | ᠰᠢᠯᠤᠭᠤᠳᠬᠠᠵᠤ᠂ ᠤᠷ᠎ᠠ ᠮᠡᠷᠭᠡᠰᠢᠯᠳᠦ ᠴᠢᠳᠠᠪᠤᠷᠢᠲᠠᠳ ᠤᠨ ᠬᠦᠯᠦᠰᠦ ᠣᠯᠭᠤᠮᠵᠢ ᠶᠢᠨ ᠬᠢᠷᠢ ᠲᠦᠪᠰᠢᠨ ᠢ ᠠᠯᠬᠤᠮ | ᠠᠯᠬᠤᠮ ᠢᠶᠠᠷ ᠳᠡᠭᠡᠭᠰᠢᠯᠡᠭᠦᠯᠦᠨ᠂ ᠡᠯ᠎ᠡ ᠲᠦᠷᠦᠯ ᠤᠨ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ | ᠤᠷᠤᠯᠳᠤᠭᠠᠨ ᠨᠤᠭᠤᠳ ᠢ ᠥᠷᠭᠡᠨ ᠢᠶᠠᠷ ᠥᠷᠨᠢᠭᠦᠯᠵᠦ᠂ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ︾ ᠬᠡᠮᠡᠨ ᠸᠠᠩ | ᠰᠢᠶᠤᠤ ᠫᠢᠩ ᠬᠡᠯᠡᠪᠡ᠃ | ᠸᠠᠩ ᠰᠢᠶᠣᠤ ᠫᠢᠩ ᠢᠯᠡᠷᠬᠡᠶᠢᠯᠡᠬᠦ ᠳᠤ ᠪᠠᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ | ᠵᠠᠯᠠᠭᠤᠴᠤᠳ ᠢ ᠴᠢᠬᠤᠯᠠ ᠠᠴᠠ ᠴᠢᠬᠤᠯᠠ ᠪᠠᠷ ᠦᠵᠡᠵᠦ᠂ ᠠᠵᠢᠯ ᠣᠯᠭᠤᠬᠤ ᠣᠷᠣᠨ ᠵᠠᠶ ᠶᠢ ᠨᠢ ᠥᠷᠭᠡᠳᠬᠡᠨ᠂ | ᠦᠰᠦᠨ ᠪᠤᠶᠢᠵᠢᠬᠤ ᠵᠠᠮ ᠢ ᠨᠢ ᠰᠢᠯᠤᠭᠤᠳᠬᠠᠵᠤ᠂ ᠦᠢᠯᠡᠴᠢᠯᠡᠭᠡ ᠪᠠ ᠠᠵᠢᠯ ᠤᠯᠬᠤ ᠦᠵᠡᠯᠲᠡ ᠶᠢ ᠨᠢ ᠬᠥᠲᠥᠯᠥᠨ | ᠵᠢᠯᠣᠭᠤᠳᠬᠤ ᠪᠠᠨ ᠴᠢᠩᠭᠠᠷᠠᠭᠤᠯᠤᠨ᠎ᠠ᠃ ᠬᠦᠯᠦᠰᠦᠨ ᠠᠵᠢᠯᠴᠢᠳ ᠤᠨ ᠭᠠᠳᠠᠭᠰᠢ ᠭᠠᠷᠴᠤ ᠠᠵᠢᠯ ᠣᠯᠬᠤ ᠪᠠ | ᠲᠤᠬᠠᠢ ᠶᠢᠨ ᠭᠠᠵᠠᠷ ᠪᠤᠶᠤ ᠣᠶᠢᠷ᠎ᠠ ᠬᠠᠪᠢ ᠳᠤ ᠪᠠᠨ ᠠᠵᠢᠯ ᠣᠯᠬᠤ ᠶᠢ ᠨᠢ ᠵᠡᠷᠭᠡ ᠪᠠᠷ ᠴᠢᠬᠤᠯᠠᠴᠢᠯᠠᠬᠤ ᠶᠢ | ᠪᠠᠷᠢᠮᠲᠠᠯᠠᠨ᠎ᠠ᠂ ᠢᠯᠠᠩᠭᠤᠶ᠎ᠠ ᠶᠠᠳᠠᠭᠤ ᠠᠴᠠ ᠠᠩᠭᠢᠵᠢᠷᠠᠭᠰᠠᠨ ᠬᠦᠮᠦᠰ ᠤᠨ ᠬᠦᠳᠡᠯᠮᠦᠷᠢᠯᠡᠬᠦ ᠬᠡᠪᠴᠢᠶ᠎ᠡ ᠪᠠ | ᠬᠦᠳᠡᠯᠮᠦᠷᠢᠯᠡᠭᠰᠡᠨ ᠣᠷᠣᠯᠭ᠎ᠠ ᠶᠢ ᠨᠢ ᠲᠣᠭᠲᠠᠪᠤᠷᠢᠲᠠᠶ ᠪᠠᠶᠢᠯᠭᠠᠨ᠎ᠠ᠃ ᠠᠵᠢᠯ ᠣᠯᠬᠤ ᠳᠤ ᠬᠦᠴᠢᠷᠲᠡᠶ ᠬᠥᠮᠦᠰ ᠤᠨ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠵᠡᠷᠭᠡ ᠪᠠᠲᠤᠯᠠᠵᠤ ᠲᠥᠪᠬᠢᠨᠡᠭᠦᠯᠬᠦ ᠠᠵᠢᠯ ᠢ | ᠴᠢᠩᠭᠠᠷᠠᠭᠤᠯᠤᠨ᠎ᠠ ᠭᠡᠵᠦ ᠭᠤᠣᠯᠳᠠᠯᠭ᠎ᠠ ᠪᠣᠯᠬᠤ ᠬᠦᠮᠦᠰ ᠤᠨ ᠠᠵᠢᠯ ᠣᠯᠬᠤ ᠳᠤ ᠴᠢᠭᠯᠡᠭᠦᠯᠦᠨ ᠬᠡᠯᠡᠪᠡ᠃ | ︽ᠲᠣᠭᠲᠠᠭᠠᠯ︾ ᠳᠤ ᠳᠤᠷᠠᠳᠤᠭᠰᠠᠨ ᠶᠣᠰᠣᠭᠠᠷ᠂ ︽ᠠᠵᠢᠯ ᠣᠯᠭᠤᠯᠲᠠ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ︾᠂ ᠠᠯᠢ ᠣᠯᠠᠨ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠨᠦᠭᠦᠳ ᠢ ᠴᠤ ᠪᠠᠶᠢᠷᠢᠯᠠᠭᠤᠯᠤᠨ ᠠᠬᠢᠭᠤᠯᠵᠤ ᠲᠦᠷᠭᠡᠪᠴᠢᠯᠡᠨ ᠨᠠᠶᠢᠳᠠᠪᠤᠷᠢᠵᠢᠭᠤᠯᠵᠤ ᠪᠠᠶᠢᠨ᠎ᠠ᠃ | ᠪᠥᠬᠦ ᠤᠯᠤᠰ ᠤᠨ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠳᠦᠯᠲᠡᠶ | ᠲᠠᠪᠴᠠᠩ ᠢ ᠪᠠᠶᠢᠭᠤᠯᠤᠨ ᠰᠠᠶᠢᠲᠤᠷ ᠠᠰᠢᠭᠯᠠᠵᠤ᠂ ︽ᠲᠣᠮᠣ ᠳ᠋ᠠᠶᠢᠲ᠋ᠠ + ᠲᠡᠮᠦᠷ ᠤᠯᠠ︾ ᠦᠢᠯᠡᠴᠢᠯᠡᠭᠡᠨ ᠤ ᠵᠠᠭᠪᠤᠷ ᠢ | ᠬᠡᠷᠡᠭᠵᠢᠭᠦᠯᠦᠨ᠎ᠡ︔ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠬᠤ ᠲᠦᠷᠢᠮ ᠢᠶᠠᠨ | ᠲᠡᠭᠦᠯᠳᠡᠷᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠨᠢᠭᠡᠳᠦᠯᠲᠡᠶ ᠵᠢᠷᠤᠮᠵᠢᠭᠰᠠᠨ ᠵᠠᠬ᠎ᠠ ᠳᠡᠯᠭᠡᠭᠦᠷ ᠤᠨ | ᠲᠣᠭᠲᠠᠯᠴᠠᠭ᠎ᠠ ᠶᠢ ᠪᠦᠷᠢᠨᠰᠢᠭᠦᠯᠦᠨ᠎ᠡ︔ ᠠᠮᠢᠳᠤᠯᠢᠭ ᠢᠶᠠᠷ ᠠᠵᠢᠯ ᠣᠯᠭᠤᠬᠤ ᠪᠠ ᠠᠵᠢᠯ ᠣᠯᠭᠤᠯᠲᠠ ᠶᠢᠨ ᠰᠢᠨ᠎ᠡ | ᠬᠡᠯᠪᠡᠷᠢ ᠪᠠᠶᠢᠳᠠᠯ ᠳᠤ ᠳᠣᠬᠢᠷᠠᠭᠰᠠᠨ ᠬᠥᠳᠡᠯᠮᠦᠷᠢ ᠬᠦᠴᠦᠨ ᠤ ᠡᠷᠬᠡ ᠠᠰᠢᠭ ᠤᠨ ᠪᠠᠲᠤᠯᠠᠭ᠎ᠠ ᠶᠢᠨ ᠲᠦᠷᠢᠮ ᠢ | ᠲᠡᠭᠦᠯᠳᠡᠷᠵᠢᠭᠦᠯᠵᠦ᠂ ᠡᠷᠬᠡ ᠪᠠᠨ ᠬᠠᠮᠠᠭᠠᠯᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ ᠁ ᠬᠠᠮᠢᠶ᠎ᠠ | ᠪᠥᠬᠦᠶ ᠰᠠᠯᠠᠭ᠎ᠠ ᠮᠥᠴᠢᠷ ᠤᠳ ᠣᠯᠠᠨ ᠲᠠᠯ᠎ᠠ ᠠᠴᠠ ᠵᠡᠷᠭᠡ ᠳᠤ ᠨᠢ ᠦᠢᠯᠡᠴᠢᠯᠡᠭᠡ ᠪᠠᠨ ᠰᠢᠯᠢᠳᠡᠭᠵᠢᠭᠦᠯᠦᠨ᠂ ᠠᠵᠢᠯ | ᠣᠯᠭᠤᠯᠲᠠ ᠶᠢᠨ ᠨᠠᠩ ᠡᠷᠬᠡ ᠲᠡᠭᠰᠢ ᠣᠷᠴᠢᠨ ᠨᠥᠬᠦᠴᠡᠯ ᠢ ᠪᠣᠶ ᠪᠣᠯᠭᠠᠨ᠎ᠠ | ᠬᠠᠮᠤᠭ ᠤᠨ ᠰᠢᠨ᠎ᠡ ᠲᠤᠭ᠎ᠠ ᠪᠠᠷᠢᠮᠲᠠ ᠠᠴᠠ ᠦᠵᠡᠬᠦ ᠳᠤ ᠡᠨᠡ ᠵᠢᠯ ᠠᠴᠠ ᠨᠠᠭᠠᠰᠢ᠂ ᠠᠵᠢᠯ ᠣᠯᠭᠤᠯᠲᠠ ᠶᠢᠨ | ᠪᠠᠶᠢᠳᠠᠯ ᠶᠡᠷᠦᠩᠬᠡᠶ ᠳᠤ ᠪᠠᠨ ᠲᠣᠭᠲᠠᠭᠤᠨ ᠪᠠᠶᠢᠵᠤ᠂ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ | ᠠᠯᠳᠠᠭᠰᠠᠳ ᠤᠨ ᠨᠣᠷᠮ᠎ᠠ ᠨᠢᠳᠤᠨᠤᠨ ᠤ ᠠᠳᠠᠯᠢ ᠬᠤᠭᠤᠴᠠᠭᠠᠨ ᠤ ᠬᠢᠷᠢ ᠲᠦᠪᠰᠢᠨ ᠠᠴᠠ ᠮᠥᠨ ᠳᠣᠤᠷ᠎ᠠ ᠪᠠᠶᠢᠨ᠎ᠠ᠃ | 1 ᠠᠴᠠ 6 ᠳ᠋ᠤᠭᠠᠷ ᠰᠠᠷ᠎ᠠ ᠪᠣᠯᠲᠠᠯ᠎ᠠ᠂ ᠪᠦᠬᠦ ᠤᠯᠤᠰ ᠤᠨ ᠬᠤᠲᠠ ᠪᠠᠯᠭᠠᠰᠤᠨ ᠤ 698 ᠲᠦᠮᠡᠨ ᠬᠥᠮᠦᠨ | ᠰᠢᠨ᠎ᠡ ᠪᠠᠷ ᠠᠵᠢᠯ ᠣᠯᠵᠤ᠂ ᠠᠳᠠᠯᠢ ᠬᠤᠭᠤᠴᠠᠭᠠᠨ ᠤ ᠬᠢ ᠠᠴᠠ 20 ᠲᠦᠮᠡᠨ ᠬᠥᠮᠦᠨ ᠨᠡᠮᠡᠭᠳᠡᠭᠡᠳ ᠪᠦᠬᠦ ᠵᠢᠯ ᠤᠨ | ᠬᠠᠷᠠᠯᠲᠠᠲᠤ ᠡᠭᠦᠷᠭᠡ ᠶᠢᠨ ᠢᠶᠠᠨ 58% ᠶᠢ ᠪᠡᠶᠡᠯᠡᠭᠦᠯᠪᠡ᠃ | ᠳᠤᠮᠳᠠᠳᠤ ᠤᠯᠤᠰ ᠤᠨ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠮᠥᠸᠧ ᠷᠦᠩ ᠢᠯᠡᠷᠬᠡᠶᠢᠯᠡᠬᠦ ᠳᠤ ᠪᠠᠨ᠂ ︽ᠴᠢᠨᠠᠷ ᠰᠠᠶᠢᠲᠠᠢ ᠪᠠᠷ | ᠭᠦᠢᠴᠡᠳ ᠠᠵᠢᠯ ᠣᠯᠭᠤᠬᠤ ᠪᠠᠨ ᠠᠬᠢᠭᠤᠯᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠪᠠᠰᠠ ᠴᠤ ᠨᠢᠭᠡᠨ | ᠤᠷᠳᠤ ᠬᠤᠭᠤᠴᠠᠭᠠᠨ ᠤ ᠢᠨᠵᠧᠨᠧᠷᠢᠩ ᠮᠥᠨ᠃︾ ᠪᠠᠶᠢᠭᠤᠯᠤᠯ ᠲᠣᠭᠲᠠᠴᠠ ᠶᠢᠨ ᠳᠠᠪᠠᠭᠤᠯᠢᠭ ᠢ ᠤᠯᠠᠮ ᠨᠢᠭᠡ | ᠠᠯᠬᠤᠮ ᠪᠠᠳᠠᠷᠠᠭᠤᠯᠵᠤ᠂ ᠠᠵᠢᠯ ᠣᠯᠭᠤᠯᠲᠠ ᠪᠠᠨ ᠠᠬᠢᠭᠤᠯᠬᠤ ᠶᠢ ᠡᠯ᠎ᠡ ᠱᠠᠲᠤᠨ ᠤ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠤ ᠴᠢᠬᠤᠯᠠ ᠡᠭᠦᠷᠭᠡ ᠬᠠᠷᠢᠭᠤᠴᠠᠯᠭ᠎ᠠ ᠪᠣᠯᠭᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠳᠡᠭᠡᠳᠦ | ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ ᠠᠵᠢᠯ ᠣᠯᠭᠤᠯᠲᠠ ᠶᠢᠨ ᠠᠵᠢᠯ ᠤᠨ ᠲᠣᠭᠲᠠᠯᠴᠠᠭ᠎ᠠ ᠶᠢ | ᠪᠠᠶᠢᠭᠤᠯᠬᠤ ᠬᠡᠷᠡᠭᠲᠡᠢ ᠭᠡᠵᠡᠶ᠃ | ︽ᠡᠷᠬᠡᠪᠰᠢ ᠥᠭᠡᠷᠡᠴᠢᠯᠡᠯᠲᠡ ᠭᠡᠳᠡᠭ ᠡᠨᠡ ᠬᠦ ᠬᠤᠪᠣᠷ ᠡᠷᠳᠡᠨᠢ ᠶᠢ ᠰᠠᠶᠢᠲᠤᠷ ᠠᠰᠢᠭᠯᠠᠵᠤ᠂ ᠭᠠᠳᠠᠭᠠᠳᠤ | ᠣᠷᠴᠢᠨ ᠨᠥᠭᠦᠴᠡᠯ ᠤᠨ ᠬᠤᠪᠢᠷᠠᠯᠲᠠ᠂ ᠬᠥᠮᠦᠨ ᠠᠮᠠ ᠶᠢᠨ ᠪᠦᠲᠦᠴᠡ ᠶᠢᠨ ᠲᠣᠬᠢᠷᠠᠭᠤᠯᠤᠯᠲᠠ ᠵᠡᠷᠭᠡ ᠠᠴᠠ ᠠᠵᠢᠯ | ᠣᠯᠭᠤᠯᠲᠠ ᠶᠢᠨ ᠬᠦᠷᠢᠶᠡᠨ ᠳᠤ ᠠᠪᠴᠢᠷᠠᠭᠰᠠᠨ ᠡᠯ᠎ᠡ ᠵᠦᠢᠯ ᠤᠨ ᠲᠦᠭᠰᠢᠭᠦᠷᠢ ᠪᠠ ᠥᠷᠢᠰᠥᠯᠳᠦᠭᠡᠨ ᠢ ᠬᠦᠴᠦᠯᠡᠨ | ᠰᠠᠶᠢᠲᠤᠷ ᠰᠢᠢᠳᠪᠦᠷᠢᠯᠡᠵᠦ᠂ ᠠᠵᠢᠯ ᠣᠯᠭᠤᠯᠲᠠ ᠶᠢᠨ ᠬᠥᠭᠵᠢᠯᠲᠡ ᠶᠢᠨ ᠰᠢᠨ᠎ᠡ ᠬᠦᠳᠡᠯᠭᠡᠭᠴᠢ ᠡᠨᠧᠷᠬᠢ ᠰᠢᠨ᠎ᠡ | ᠳᠠᠪᠠᠭᠤᠯᠢᠭ ᠢ ᠲᠠᠰᠤᠷᠠᠯᠲᠠ ᠦᠭᠡᠢ ᠪᠤᠢ ᠪᠣᠯᠭᠠᠨ᠎ᠠ᠃ ᠠᠵᠢᠯ ᠣᠯᠭᠤᠯᠲᠠ ᠶᠢᠨ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠢᠯᠯᠠᠭᠠᠨ ᠤ ᠲᠥᠯᠥᠪᠵᠢᠭᠦᠯᠭᠡ ᠶᠢ | ᠰᠢᠰᠲ᠋ᠧᠮ ᠲᠠᠢ ᠲᠥᠯᠥᠪᠯᠡᠵᠦ᠂ ᠠᠵᠢᠯ ᠣᠯᠭᠤᠯᠲᠠ ᠶᠢᠨ ᠬᠥᠭᠵᠢᠯᠲᠡ ᠳᠠᠬᠢ ᠭᠤᠣᠯᠳᠠᠯᠭ᠎ᠠ ᠪᠣᠯᠬᠤ᠂ ᠬᠦᠴᠢᠷ ᠪᠠ | ᠪᠡᠷᠬᠡ ᠠᠰᠠᠭᠤᠳᠠᠯ ᠤᠳ ᠢ ᠦᠨᠡᠨ ᠬᠦ ᠰᠢᠢᠳᠪᠦᠷᠢᠯᠡᠬᠦ ᠬᠡᠷᠡᠭᠲᠡᠢ︾ ᠬᠡᠮᠡᠨ ᠮᠥᠸᠧ ᠷᠦᠩ ᠬᠡᠯᠡᠪᠡ᠃ | | | | |