ᠴᠢᠩᠱᠠᠨ ᠲᠣᠭᠤᠷᠢᠭ 2024 ᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠪᠠᠲᠤᠯᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/16
      ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠥᠷᠭᠡᠨ ᠣᠯᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠴᠠᠯᠢᠩ ᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠶᠦᠨ ᠰᠢ ᠬᠤᠷᠠᠯ ᠡᠷᠭᠢᠯᠡᠵᠦ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠪᠦᠷᠢᠯᠳᠦᠬᠦᠨ ᠨᠢᠭᠡᠴᠡ ᠵᠢᠴᠢ ᠴᠢᠩᠱᠠᠨ ᠲᠣᠭᠤᠷᠢᠭ ᠤᠨ ᠪᠠᠶᠢᠭᠤᠯᠵᠤ ᠪᠠᠶᠢᠭ᠎ᠠ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠥᠷᠥᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠡᠩ ᠲᠡᠷᠢᠭᠦᠨ ᠳᠤ ᠴᠢᠩᠱᠠᠨ ᠲᠣᠭᠤᠷᠢᠭ ᠤᠨ ᠪᠠᠶᠢᠭᠤᠯᠵᠤ ᠪᠠᠶᠢᠭ᠎ᠠ ᠲᠥᠷᠥᠯ ᠵᠦᠢᠯ ᠳᠤ ᠣᠷᠣᠰᠢᠵᠤ ᠪᠠᠶᠢᠭ᠎ᠠ ᠡᠯ᠎ᠡ ᠵᠦᠢᠯ ᠤᠨ ᠠᠰᠠᠭᠤᠳᠠᠯ ᠢ ᠵᠠᠷᠯᠠᠨ ᠮᠡᠳᠡᠭᠳᠡᠵᠦ᠂ ᠬᠤᠷᠠᠯ ᠳᠤ ᠣᠷᠣᠯᠴᠠᠭᠰᠠᠨ ᠨᠢᠭᠡᠴᠡ ᠨᠦᠭᠦᠳ ᠲᠣᠰ ᠲᠣᠰ ᠤᠨ ᠬᠦᠷᠢᠶᠡᠨ ᠳᠠᠬᠢ ᠬᠦᠴᠢᠷ ᠲᠦᠪᠡᠭᠲᠡᠶ ᠪᠤᠳᠤᠯᠢᠶᠠᠨᠲᠠᠶ ᠠᠰᠠᠭᠤᠳᠠᠯ ᠤᠨ ᠲᠤᠬᠠᠶ ᠭᠤᠤᠯᠳᠠᠯᠭ᠎ᠠ ᠲᠠᠢ ᠰᠠᠨᠠᠯ ᠢᠶᠠᠨ ᠰᠣᠯᠢᠯᠴᠠᠬᠤ ᠶᠢᠨ ᠬᠠᠮᠲᠤ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠬᠦᠴᠢᠷᠳᠡᠯ ᠵᠢᠴᠢ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢ ᠨᠠᠩ ᠰᠠᠶᠢᠲᠤᠷ ᠥᠷᠨᠢᠭᠦᠯᠬᠦ ᠲᠤᠬᠠᠶ ᠭᠦᠨᠵᠡᠭᠡᠶ ᠰᠤᠳᠤᠯᠤᠨ ᠶᠠᠷᠢᠯᠴᠠᠪᠠ᠃ ᠬᠠᠮᠤᠭ ᠰᠡᠭᠦᠯ ᠳᠤ ᠪᠠᠶ ᠶᠦᠨ ᠰᠢ ᠬᠤᠯᠪᠣᠭᠳᠠᠯ ᠪᠥᠬᠦᠶ ᠪᠦᠷᠢᠯᠳᠦᠬᠦᠨ ᠨᠢᠭᠡᠴᠡ᠂ ᠲᠥᠷᠥᠯ ᠵᠦᠢᠯ ᠢ ᠪᠠᠶᠢᠴᠠᠭᠠᠯᠲᠠ ᠶᠢ ᠤᠭᠲᠤᠬᠤ ᠳᠤ ᠣᠷᠣᠰᠢᠵᠤ ᠪᠠᠶᠢᠭ᠎ᠠ ᠠᠰᠠᠭᠤᠳᠠᠯ ᠢ ᠠᠯᠢ ᠲᠦᠷᠭᠡᠨ ᠢᠶᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠭᠰᠠᠨ ᠪᠥᠭᠡᠳ 2024 ᠣᠨ ᠤ ᠳᠣᠤᠷ᠎ᠠ ᠬᠠᠭᠠᠰ ᠵᠢᠯ ᠤᠨ ᠵᠠᠰᠠᠭ ᠤᠨ ᠣᠷᠳᠣᠨ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠲᠥᠷᠥᠯ ᠤᠨ ᠢᠨᠵᠧᠨᠧᠷᠢᠩ ᠤᠨ ᠵᠣᠭᠤᠰ ᠵᠢᠴᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠬᠦ ᠠᠵᠢᠯ ᠢ ᠰᠠᠶᠢᠲᠤᠷ ᠬᠢᠬᠦ ᠲᠤᠬᠠᠶ ᠨᠠᠷᠢᠨ ᠪᠣᠳᠠᠲᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠬᠤᠷᠠᠯ ᠠᠴᠠ᠂ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠨᠢᠭᠡᠴᠡ ᠨᠦᠭᠦᠳ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠡᠳᠦᠷ ᠲᠤᠲᠤᠮ ᠤᠨ ᠴᠢᠬᠤᠯᠠ ᠵᠥᠪᠯᠡᠬᠦ  ᠵᠦᠢᠯ ᠳᠡᠭᠡᠨ ᠣᠷᠣᠭᠤᠯᠵᠤ᠂ ᠲᠥᠷᠥᠯ ᠵᠦᠢᠯ ᠤᠨ ᠠᠬᠢᠴᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠠᠨᠳᠤᠯᠭᠠᠲᠤ ᠴᠢᠨᠠᠷᠲᠠᠶ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ ᠢ ᠲᠣᠭᠲᠠᠭᠠᠵᠤ᠂ ᠯᠠᠪᠳᠠᠭᠤᠨ ᠢᠶᠠᠷ ᠠᠬᠢᠭᠤᠯᠵᠤ᠂ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ︔ ᠬᠤᠶᠠᠷ ᠲᠤ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠴᠠᠯᠢᠩ ᠥᠷᠢᠲᠦᠬᠦ ᠳᠠᠯᠳᠠ ᠭᠡᠮ ᠢ ᠠᠷᠢᠯᠭᠠᠬᠤ ᠬᠡᠷᠡᠭᠲᠡᠢ᠃ ᠪᠠᠷᠢᠮᠵᠢᠶᠠᠵᠢᠭᠤᠯᠤᠭᠰᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠳᠡᠯᠮᠦᠷᠢ ᠬᠦᠴᠦᠨ ᠬᠡᠷᠡᠭᠯᠡᠬᠦ ᠬᠠᠮᠢᠶᠠᠷᠤᠯᠲᠠ ᠳᠠᠬᠢ ᠬᠥᠳᠡᠯᠮᠦᠷᠢ ᠶᠢᠨ ᠭᠡᠷ᠎ᠡ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠲᠤᠰᠬᠠᠶ ᠳᠠᠩᠰᠠᠨ ᠡᠷᠦᠬᠡ᠂ ᠴᠠᠯᠢᠩ ᠤᠨ ᠪᠠᠲᠤᠯᠠᠭ᠎ᠠ ᠶᠢᠨ ᠮᠥᠩᠭᠦ᠂ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠭᠰᠠᠨ ᠨᠢᠭᠡᠴᠢ ᠶᠢᠨ ᠴᠠᠯᠢᠩ ᠢ ᠣᠷᠣᠯᠠᠨ ᠲᠠᠷᠬᠠᠭᠠᠬᠤ ᠵᠡᠷᠭᠡ ᠡᠯ᠎ᠡ ᠵᠦᠢᠯ ᠤᠨ ᠳᠦᠷᠢᠮ ᠳᠤ ᠨᠢᠭᠡᠳᠦᠯᠲᠡᠶ ᠵᠢᠷᠤᠮᠵᠢᠭᠰᠠᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠎ᠡ︔ ᠭᠤᠷᠪᠠ ᠳᠤ᠂ ︽ᠲᠥᠷᠥ ᠶᠢᠨ ᠪᠠᠶᠢᠴᠠᠭᠠᠯᠲᠠ ᠶᠢ ᠤᠭᠲᠤᠬᠤ︾ ᠶᠢᠨ ᠪᠡᠯᠡᠳᠬᠡᠯ ᠠᠵᠢᠯ ᠢ ᠰᠠᠶᠢᠲᠤᠷ ᠬᠢᠨ᠎ᠡ᠃ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠴᠢᠩᠭᠠᠳᠬᠠᠵᠤ᠂ ᠬᠠᠷᠢᠶ᠎ᠠ ᠣᠷᠣᠨ ᠤ ᠪᠠᠶᠢᠭᠤᠯᠵᠤ ᠪᠠᠶᠢᠭ᠎ᠠ ᠲᠥᠷᠥᠯ ᠵᠦᠢᠯ ᠢ ᠲᠥᠪᠯᠡᠷᠡᠭᠦᠯᠦᠨ ᠥᠪᠡᠰᠦᠪᠡᠨ ᠪᠠᠶᠢᠴᠠᠭᠠᠬᠤ ᠠᠵᠢᠯ ᠢ ᠥᠷᠨᠢᠭᠦᠯᠵᠦ᠂ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ ᠪᠠᠶᠢᠬᠤ ᠶᠢ ᠪᠡᠶᠡᠯᠡᠭᠦᠯᠵᠦ᠂ ᠣᠯᠵᠤ ᠮᠡᠳᠡᠭᠰᠡᠨ ᠲᠤᠪᠤᠶᠢᠮ᠎ᠠ ᠠᠰᠠᠭᠤᠳᠠᠯ ᠳᠤ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠡᠵᠡᠮᠳᠡᠵᠦ᠂ ᠲᠤᠰᠬᠠᠶ ᠬᠥᠮᠦᠨ ᠲᠣᠭᠲᠠᠭᠠᠨ ᠠᠩᠬᠠᠷᠴᠤ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠶᠢ ᠴᠢᠷᠮᠠᠶᠢᠨ ᠪᠡᠶᠡᠯᠡᠭᠦᠯᠵᠦ᠂ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号