ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠲᠠᠯᠠᠰᠲᠤ ᠴᠠᠬᠢᠭᠤᠷ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠪᠣᠯᠪᠠᠰᠣᠷᠠᠭᠤᠯᠤᠯ ᠤᠨ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/8/16
      ᠲᠠᠯᠠᠰᠲᠤ ᠴᠠᠬᠢᠭᠤᠷ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠭᠦᠨᠵᠡᠭᠡᠶ ᠨᠠᠶᠢᠳᠠᠪᠤᠷᠢᠵᠢᠭᠤᠯᠵᠤ᠂ ᠲᠠᠯᠠᠰᠲᠤ ᠴᠠᠬᠢᠭᠤᠷ ᠤᠨ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠲᠠᠯᠠᠰᠲᠤ ᠴᠠᠬᠢᠭᠤᠷ ᠤᠨ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠶᠢᠨ ᠱᠢ ᠪᠦᠦ ᠶᠢ ᠤᠷᠢᠵᠤ ᠠᠶᠤᠯᠭᠦᠶ ᠦᠢᠯᠡᠳᠪᠦᠷᠢᠯᠡᠯ ᠤᠨ ᠪᠣᠯᠪᠠᠰᠤᠷᠠᠯ ᠥᠷᠨᠢᠭᠦᠯᠪᠡ᠃ 20 ᠭᠠᠷᠤᠢ ᠲᠠᠯᠠᠰᠲᠤ ᠴᠠᠬᠢᠭᠤᠷ ᠤᠨ ᠠᠵᠢᠯ ᠲᠦᠷᠦᠯ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭᠠᠲᠠᠨ ᠲᠤᠰ ᠤᠳᠠᠭ᠎ᠠ ᠶᠢᠨ ᠪᠣᠯᠪᠠᠰᠤᠷᠠᠯ ᠳᠤ ᠣᠷᠣᠯᠴᠠᠪᠠ᠃      ᠪᠣᠯᠪᠠᠰᠤᠷᠠᠯ ᠤᠨ ᠬᠤᠷᠠᠯ ᠳᠡᠭᠡᠷ᠎ᠡ᠂ ᠲᠤᠰᠬᠠᠢ ᠮᠡᠷᠭᠡᠵᠢᠯᠲᠡᠨ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠬᠤ᠂ ᠸᠢᠳᠢᠣ᠋ ᠶᠢᠨ ᠬᠡᠷᠡᠭ ᠤᠨ ᠵᠢᠱᠢᠶ᠎ᠡ ᠶᠢ ᠵᠠᠳᠠᠯᠬᠤ᠂ ᠲᠤᠬᠠᠢ ᠶᠢᠨ ᠲᠠᠯᠠᠪᠤᠷ ᠲᠤ ᠠᠰᠠᠭᠤᠯᠲᠠ ᠠᠰᠠᠭᠤᠬᠤ ᠵᠡᠷᠭᠡ ᠬᠡᠯᠪᠡᠷᠢ ᠪᠠᠷ ᠳᠠᠮᠵᠢᠭᠤᠯᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠲᠠᠯᠠᠰᠲᠤ ᠴᠠᠬᠢᠭᠤᠷ ᠤᠨ ᠠᠵᠢᠯ ᠲᠦᠷᠦᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠬᠤᠯᠪᠣᠭᠳᠠᠭᠰᠠᠨ ᠠᠶᠤᠯᠭᠦᠢ ᠦᠢᠯᠡᠳᠪᠦᠷᠢᠯᠡᠯ ᠤᠨ ᠲᠠᠯ᠎ᠠ ᠶᠢᠨ ᠠᠰᠠᠭᠤᠳᠠᠯ ᠵᠢᠴᠢ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠢ ᠰᠢᠢᠳᠪᠦᠷᠢᠯᠡᠬᠦ ᠲᠣᠭᠲᠠᠭᠠᠯ ᠢ ᠲᠠᠶᠢᠯᠪᠤᠷᠢᠯᠠᠭᠰᠠᠨ ᠪᠥᠭᠡᠳ ᠡᠬᠢ ᠡᠭᠦᠰᠦᠯ ᠠᠴᠠ ᠨᠢ ᠬᠡᠷᠬᠢᠨ ᠬᠦᠴᠦᠯᠡᠬᠦ ᠶᠢ ᠲᠣᠳᠣᠷᠬᠠᠶᠢᠯᠠᠨ ᠥᠭᠦᠯᠡᠵᠦ᠂ ᠡᠬᠢ ᠡᠭᠦᠰᠦᠯ ᠠᠴᠠ ᠨᠢ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠰᠡᠷᠭᠡᠶᠢᠯᠡᠨ ᠠᠷᠢᠯᠭᠠᠪᠠ᠃ ᠬᠤᠷᠠᠯ ᠤᠨ ᠳᠠᠷᠠᠭ᠎ᠠ ᠲᠠᠯᠠᠰᠲᠤ ᠴᠠᠬᠢᠭᠤᠷ ᠤᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠰᠢᠯᠭᠠᠯᠲᠠ ᠬᠢᠪᠡ᠃      ᠳᠠᠷᠠᠭᠠᠴᠢ ᠶᠢᠨ ᠠᠯᠬᠤᠮ ᠳᠤ᠂ ᠪᠤᠭᠤᠲᠤ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠲᠠᠯᠠᠰᠲᠤ ᠴᠠᠬᠢᠭᠤᠷ ᠤᠨ ᠠᠵᠢᠯ ᠲᠦᠷᠦᠯ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠪᠣᠯᠤᠨ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠪᠣᠯᠪᠠᠰᠤᠷᠠᠯ ᠵᠢᠴᠢ ᠬᠦᠨᠳᠦ ᠶᠡᠭᠡ ᠠᠮᠤᠷ ᠲᠦᠪᠰᠢᠨ ᠤ ᠠᠳᠡᠯ ᠤᠨ ᠬᠡᠮ ᠰᠣᠭᠤᠭ ᠢ ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠦᠷᠢᠶᠡᠯᠡᠩ ᠲᠣᠭᠤᠷᠢᠭ ᠤᠨ ᠲᠠᠯᠠᠰᠲᠤ ᠴᠠᠬᠢᠭᠤᠷ ᠤᠨ ᠠᠵᠤ ᠠᠬᠤᠶᠢᠯᠠᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠴᠢᠨᠠᠭᠰᠢᠳᠠ ᠴᠢᠩᠭᠠᠳᠬᠠᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠬᠤ ᠶᠢ ᠠᠬᠢᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠦᠨᠡᠨᠬᠦ ᠠᠳᠬᠤᠵᠤ᠂ ᠮᠥᠷᠥᠨ ᠳᠡᠭᠡᠷ᠎ᠡ ᠪᠠᠨ ᠡᠭᠦᠷᠭᠡᠯᠡᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号