ᠳ᠋ᠢᠩ ᠺᠠᠢ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2024/8/2
      8 ᠰᠠᠷ᠎ᠠ ᠶᠢᠨ 1᠎ ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠬᠤᠷᠢᠶᠠᠨ ᠤ ᠱᠦᠵᠢ ᠳ᠋ᠢᠩ ᠺᠠᠶ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃      ᠳ᠋ᠢᠩ ᠺᠠᠢ ᠨᠠᠷ ᠤᠷᠢᠳ ᠬᠤᠵᠢᠳ ᠸᠧᠢ ᠵᠢᠩ ᠡᠨᠧᠷᠭᠢ ᠬᠠᠳᠠᠭᠠᠯᠠᠬᠤ᠂ ᠤᠰᠤᠲᠥ᠋ᠷᠥᠭᠴᠢ ᠡᠨᠧᠷᠭᠢ ᠶᠢᠨ ᠡᠨᠧᠷᠭᠢ ᠬᠠᠳᠠᠭᠠᠯᠠᠬᠤ ᠠᠵᠤ ᠦᠢᠯᠡᠰ ᠤᠨ ᠬᠦᠷᠢᠶᠡᠯᠡᠩ᠂ ᠬᠤᠩ ᠶᠤᠸᠠᠨ ᠲᠠᠪᠤᠳᠤᠭᠠᠷ ᠬᠤᠭᠤᠴᠠᠭ᠎ᠠ᠂ ᠵᠦᠩ ᠴᠧᠩ ᠮᠠᠰᠢᠨ ᠮᠧᠬᠠᠨᠢᠭ ᠵᠡᠷᠭᠡ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠰᠤᠳᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠪᠠ᠃      ᠳ᠋ᠢᠩ ᠺᠠᠶ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠪᠣᠯ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠬᠤ ᠴᠢᠬᠤᠯᠠ ᠭᠠᠷᠳᠠᠴᠠ ᠮᠥᠨ᠂ ᠪᠥᠬᠦ ᠬᠤᠲᠠ ᠶᠢᠨ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠬᠠᠷᠠᠯᠲᠠ ᠶᠢ ᠪᠡᠶᠡᠯᠡᠭᠦᠯᠬᠦ ᠶᠢᠨ ᠴᠢᠬᠤᠯᠠ ᠲᠤᠯᠭᠠᠭᠤᠷᠢᠯᠠᠯ ᠮᠥᠨ᠃ ᠤᠰᠤᠲᠥ᠋ᠷᠥᠭᠴᠢ ᠡᠨᠧᠷᠭᠢ ᠶᠢᠨ ᠨᠥᠭᠡᠴᠡ ᠠᠵᠤ ᠦᠢᠯᠡᠰ ᠤᠨ ᠪᠤᠵᠠᠭᠠᠶᠢᠷᠠᠨ ᠬᠥᠭᠵᠢᠬᠦ ᠶᠢ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠦᠷᠭᠡᠨ ᠪᠤᠶᠢᠵᠢᠭᠤᠯᠬᠤ ᠬᠡᠷᠡᠭᠲᠡᠢ᠃ ᠬᠡᠷᠡᠯ ᠴᠡᠨᠡᠭ ᠤᠨ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢᠨ ᠳᠠᠪᠠᠭᠤᠯᠢᠭ ᠢ ᠪᠠᠬᠢᠵᠢᠭᠦᠯᠵᠦ᠂ ᠠᠵᠤ ᠠᠬᠤᠶᠢᠯᠠᠯ ᠢ ᠢᠳᠡᠪᠬᠢᠲᠡᠶ ᠬᠠᠪᠰᠤᠷᠤᠨ ᠥᠪᠡᠷ ᠤᠨ ᠥᠷᠲᠡᠭ ᠢ ᠪᠠᠭᠤᠷᠠᠭᠤᠯᠵᠤ᠂ ᠵᠠᠬ᠎ᠠ ᠳᠡᠯᠭᠡᠭᠦᠷ ᠢ ᠡᠷᠢᠵᠦ᠂ ᠪᠡᠷᠬᠡ ᠪᠣᠭᠤᠮᠲᠠ ᠶᠢ ᠳᠤᠭᠤᠯᠬᠤ ᠬᠡᠷᠡᠭᠲᠡᠶ᠃ ᠴᠢᠬᠤᠯᠠ ᠶᠡᠭᠡ ᠲᠥᠷᠥᠯ ᠵᠦᠢᠯ ᠤᠨ ᠪᠥᠬᠦ ᠠᠵᠢᠯᠲᠠᠨ ᠳᠠᠭᠠᠭᠠᠴᠢᠯᠠᠨ ᠬᠤᠯᠪᠣᠭᠠᠯᠠᠬᠤ᠂ ᠪᠥᠬᠦ ᠶᠠᠪᠤᠴᠠ ᠳᠤ ᠡᠵᠡᠨ ᠮᠡᠳᠡᠬᠦ ᠵᠡᠷᠭᠡ ᠠᠷᠭ᠎ᠠ ᠬᠡᠮᠵᠢᠶ᠎ᠡ ᠶᠢ ᠦᠨᠡᠨ ᠬᠦ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠡᠵᠡᠮᠰᠢᠵᠦ᠂ ᠠᠵᠤ ᠠᠬᠤᠶᠢᠯᠠᠯ ᠢ ᠣᠨᠣᠪᠴᠢᠲᠠᠶ ᠥᠨᠳᠥᠷ ᠪᠦᠲᠦᠮᠵᠢᠲᠡᠶ ᠪᠠᠷ ᠬᠠᠪᠰᠤᠷᠤᠨ ᠬᠦᠴᠢᠷᠳᠡᠯ ᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠭᠤᠣᠯᠳᠠᠯᠭ᠎ᠠ ᠲᠠᠢ ᠣᠷᠣᠨ ᠪᠠᠶᠢᠷᠢ ᠪᠠ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠵᠤ᠂ ᠬᠢᠨᠠᠯᠲᠠ ᠲᠠᠯᠪᠢᠵᠤ ᠵᠢᠯᠣᠭᠤᠳᠬᠤ ᠪᠠ ᠠᠮᠤᠷ ᠲᠦᠪᠰᠢᠨ ᠤ ᠬᠥᠮᠦᠵᠢᠯ ᠢ ᠰᠠᠶᠢᠲᠤᠷ ᠠᠳᠬᠤᠵᠤ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ ᠬᠠᠮᠢᠶᠠᠷᠤᠯᠲᠠ ᠶᠢ ᠰᠠᠶᠢᠲᠤᠷ ᠬᠢᠵᠦ᠂ ᠲᠦᠷᠦᠯ ᠵᠦᠢᠯ ᠢ ᠠᠮᠤᠷ ᠲᠦᠪᠰᠢᠨ ᠤ ᠢᠨᠵᠧᠨᠧᠷᠢᠩ᠂ ᠰᠣᠳᠣᠨ ᠢᠨᠵᠧᠨᠧᠷᠢᠩ ᠪᠣᠯᠭᠠᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠡᠢ᠃      ᠲᠣᠭᠤᠷᠢᠭ ᠤᠨ ᠤᠳᠤᠷᠢᠳᠤᠯᠭ᠎ᠠ ᠵᠠᠩ ᠴᠢᠶᠠᠩ᠂ ᠵᠠᠩ ᠶᠢᠩ ᠵᠢᠶᠧ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号