ᠴᠡᠷᠢᠭ ᠤᠨ ᠠᠯᠪᠠ ᠠᠴᠠ ᠬᠠᠯᠠᠭᠳᠠᠭᠰᠠᠳ ᠢ ᠦᠨᠡᠨ ᠬᠦ ᠬᠠᠯᠠᠮᠵᠢᠯᠠᠨ ᠬᠠᠶᠢᠷᠠᠯᠠᠬᠤ ᠶᠢᠨ ᠲᠥᠯᠥᠭᠡ᠂ ︽8 · 1︾ | ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠴᠢᠩᠱᠠᠨ ᠲᠣᠭᠤᠷᠢᠭ ᠬᠦᠴᠢᠷᠳᠡᠯᠲᠡᠢ | ᠴᠡᠷᠢᠭ ᠤᠨ ᠠᠯᠪᠠ ᠠᠴᠠ ᠬᠠᠯᠠᠭᠳᠠᠭᠰᠠᠳ ᠢ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ ᠴᠢᠩᠱᠠᠨ | ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ 11 ᠬᠥᠮᠦᠨ᠂ | ᠪᠤᠰᠤᠳ ᠬᠦᠴᠢᠷᠳᠡᠯᠲᠡᠶ ᠴᠡᠷᠢᠭ ᠤᠨ ᠠᠯᠪᠠ ᠠᠴᠠ ᠬᠠᠯᠠᠭᠳᠠᠭᠰᠠᠳ ᠤᠨ 16 ᠬᠥᠮᠦᠨ ᠢ ᠪᠣᠯᠭᠤᠭᠠᠨ | ᠲᠣᠬᠤᠨᠢᠭᠤᠯᠵᠤ᠂ ᠨᠡᠶᠢᠲᠡ 21500 ᠲᠥᠭᠦᠷᠢᠭ ᠤᠨ ᠲᠣᠬᠤᠨᠢᠭᠤᠯᠬᠤ ᠮᠥᠩᠭᠦ ᠣᠯᠭᠤᠪᠠ︔ ᠡᠪᠡᠳᠴᠢᠨ ᠠᠴᠠ | ᠪᠣᠯᠵᠤ ᠭᠡᠷ ᠪᠦᠯᠢ ᠨᠢ ᠬᠦᠴᠢᠷᠳᠡᠯ ᠳᠤ ᠲᠤᠯᠭᠠᠷᠠᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ 5 ᠬᠥᠮᠦᠨ ᠢ | ᠠᠪᠤᠷᠠᠨ ᠲᠤᠰᠠᠯᠠᠵᠤ᠂ 23000 ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠲᠠᠷᠬᠠᠭᠠᠪᠠ᠃ ᠬᠦᠷᠦᠭᠰᠡᠨ ᠭᠠᠵᠠᠷ | ᠪᠣᠯᠭᠠᠨ ᠳᠤ᠂ ᠲᠣᠬᠤᠨᠢᠭᠤᠯᠬᠤ ᠳᠤᠭᠤᠶᠢᠯᠠᠩ ᠴᠥᠮ ᠴᠡᠷᠢᠭ ᠤᠨᠠᠯᠪᠠ ᠠᠴᠠ ᠬᠠᠯᠠᠭᠳᠠᠭᠰᠠᠳ ᠵᠢᠴᠢ ᠭᠡᠷ | ᠪᠦᠯᠢ ᠶᠢᠨ ᠬᠢᠨ ᠤ ᠪᠡᠶ᠎ᠡ ᠮᠠᠬᠠᠪᠣᠳ ᠤᠨ ᠪᠠᠶᠢᠳᠠᠯ ᠪᠠ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ | ᠲᠡᠳᠡᠨᠤᠰ ᠤᠨ ᠪᠣᠳᠠᠲᠠᠢ ᠬᠦᠴᠢᠷᠳᠡᠯ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠦᠢᠯᠡᠴᠢᠯᠡᠬᠦ | ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠪᠡᠶ᠎ᠡ | ᠮᠠᠬᠠᠪᠤᠳ ᠤᠨ ᠡᠷᠡᠭᠦᠯ ᠴᠢᠭᠢᠷᠠᠭ ᠢᠶᠠᠨ ᠠᠩᠬᠠᠷᠬᠤ ᠬᠡᠷᠡᠭᠲᠡᠢ ᠭᠡᠵᠦ ᠵᠠᠬᠢᠪᠠ᠃ ᠡᠭᠦᠨ ᠤ ᠬᠠᠮᠲᠤ᠂ ᠥᠷᠭᠡᠨ ᠣᠯᠠᠨ | ᠴᠡᠷᠢᠭ ᠤᠨᠠᠯᠪᠠ ᠠᠴᠠ ᠠᠴᠠ ᠬᠠᠯᠠᠭᠳᠠᠭᠰᠠᠳ ᠤᠨ ᠬᠠᠮᠤᠭ ᠤᠨ ᠡᠷᠬᠢᠮ ᠨᠠᠨᠳᠢᠨ ᠵᠠᠯᠠᠭᠤ ᠨᠠᠰᠤ ᠪᠠᠨ ᠤᠯᠤᠰ | ᠣᠷᠣᠨ ᠢᠶᠠᠨ ᠬᠠᠮᠠᠭᠠᠯᠠᠬᠤ ᠡᠨᠡ ᠬᠦ ᠠᠭᠤᠤ ᠶᠡᠭᠡ ᠦᠢᠯᠡᠰ ᠲᠤ ᠵᠣᠷᠢᠭᠤᠯᠤᠭᠰᠠᠨ ᠳᠤ ᠲᠠᠯᠠᠷᠬᠠᠵᠤ ᠪᠠᠶᠢᠬᠤ ᠪᠠᠨ | ᠢᠯᠡᠳᠬᠡᠪᠡ᠃ |