ᠴᠢᠩᠱᠠᠨ ᠲᠣᠭᠤᠷᠢᠭ ᠤᠨ ᠡᠯ᠎ᠡ ᠰᠤᠷᠭᠠᠭᠤᠯᠢ ᠶᠢᠨ ᠬᠦᠷᠢᠶᠡᠨ ᠤ ᠠᠵᠢᠯᠯᠠᠭ᠎ᠠ ︵ᠭᠤᠷᠪᠠ︶
ᠨᠡᠶᠢᠲᠡᠯᠡᠭᠰᠡᠨ ᠴᠠᠭ᠄
2024/8/2
      ᠰᠤᠷᠭᠠᠭᠤᠯᠢ᠂ ᠬᠡᠷ ᠪᠦᠯᠢ ᠶᠢᠨ ᠰᠤᠷᠭᠠᠨ ᠬᠥᠮᠦᠵᠢᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠳᠡᠭᠡᠳᠦ ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠪᠠ ᠬᠡᠷ ᠪᠦᠯᠢ᠂ ᠪᠠᠭᠰᠢ ᠪᠠ ᠬᠡᠷ ᠤᠨ ᠠᠬᠠᠮᠠᠳ ᠤᠨ ᠬᠠᠷᠢᠯᠴᠠᠭ᠎ᠠ ᠶᠢ ᠨᠢᠭᠲᠠᠷᠠᠭᠤᠯᠵᠤ᠂ ᠰᠤᠷᠤᠭᠴᠢᠳ ᠤᠨ ᠦᠰᠦᠨ ᠪᠤᠶᠢᠵᠢᠬᠤ ᠣᠷᠴᠢᠨ ᠲᠣᠭᠤᠷᠢᠨ ᠪᠠ ᠬᠡᠷ ᠲᠡᠭᠡᠨ ᠪᠠᠶᠢᠭ᠎ᠠ ᠪᠠᠶᠢᠳᠠᠯ ᠢ ᠣᠶᠢᠯᠠᠭᠠᠵᠤ᠂ ᠰᠤᠷᠤᠭᠴᠢᠳ ᠤᠨ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠬᠥᠮᠦᠵᠢᠯ ᠪᠠ ᠰᠡᠷᠭᠡᠶᠢᠯᠡᠯᠲᠡ ᠶᠢᠨ ᠠᠵᠢᠯ ᠢ ᠬᠠᠮᠲᠤ ᠪᠠᠷ ᠰᠠᠶᠢᠲᠤᠷ ᠬᠢᠵᠦ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ᠂ ᠠᠮᠤᠷ ᠲᠦᠪᠰᠢᠨ ᠢᠶᠠᠷ ᠦᠰᠦᠨ ᠪᠤᠶᠢᠵᠢᠬᠤ ᠶᠢ ᠪᠦᠲᠦᠮᠵᠢᠲᠡᠶ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠰᠠᠨ ᠰᠢᠩ ᠪᠠᠭ᠎ᠠ ᠰᠤᠷᠭᠠᠭᠤᠯᠢ ᠬᠡᠷ ᠪᠦᠯᠢ ᠶᠢᠨ ᠰᠤᠷᠪᠤᠯᠵᠢᠯᠠᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃      ᠵᠤᠨ ᠤ ᠠᠮᠠᠷᠠᠯᠲᠠ ᠶᠢᠨ ᠬᠤᠭᠤᠴᠠᠭᠠᠨ ᠤ ᠭᠡᠷ ᠪᠦᠯᠢ ᠶᠢᠨ ᠰᠤᠷᠪᠤᠯᠵᠢᠯᠠᠭ᠎ᠠ ᠨᠢ ᠰᠤᠷᠤᠭᠴᠢᠳ ᠤᠨ ᠦᠰᠦᠨ ᠪᠤᠶᠢᠵᠢᠯᠲᠠ ᠪᠠ ᠬᠥᠭᠵᠢᠯᠲᠡ ᠶᠢ ᠠᠬᠢᠭᠤᠯᠬᠤ᠂ ᠭᠡᠷ ᠪᠦᠯᠢ ᠬᠢᠭᠡᠳ ᠰᠤᠷᠭᠠᠭᠤᠯᠢ ᠶᠢᠨ ᠬᠤᠭᠤᠷᠣᠨᠳᠣᠬᠢ ᠬᠠᠷᠢᠯᠴᠠᠭ᠎ᠠ ᠪᠠ ᠬᠠᠮᠲᠤᠷᠠᠯᠴᠠᠭ᠎ᠠ ᠶᠢ ᠴᠢᠩᠭᠠᠳᠬᠠᠬᠤ᠂ ᠰᠤᠷᠤᠭᠴᠢᠳ ᠢ ᠬᠠᠪᠰᠤᠷᠤᠨ ᠭᠡᠷ ᠪᠦᠯᠢ ᠪᠠ ᠰᠤᠷᠤᠯᠴᠠᠯᠭ᠎ᠠ ᠶᠢᠨ ᠳᠤᠮᠳᠠᠬᠢ ᠠᠰᠠᠭᠤᠳᠠᠯ ᠢ ᠨᠢ ᠰᠢᠢᠳᠪᠦᠷᠢᠯᠡᠬᠦ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ᠃ ᠪᠠᠭᠰᠢ ᠨᠠᠷ ᠰᠤᠷᠤᠭᠴᠢᠳ ᠤᠨ ᠭᠡᠷ ᠲᠤ ᠭᠦᠨᠵᠡᠭᠡᠶᠢᠷᠡᠨ ᠭᠡᠷ ᠲᠤᠨᠢ ᠬᠦᠷᠴᠦ ᠰᠤᠷᠪᠤᠯᠵᠢᠯᠠᠵᠤ᠂ ᠭᠡᠷ ᠤᠨ ᠠᠬᠠᠮᠠᠳ ᠪᠠ ᠰᠤᠷᠤᠭᠴᠢᠳ ᠲᠤ ᠵᠣᠨ ᠤ ᠠᠮᠠᠷᠠᠯᠲᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ᠂ ᠤᠰᠤᠨ ᠳᠤ ᠵᠢᠪᠬᠦ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠮᠡᠳᠡᠯᠭᠡ ᠶᠢ ᠭᠤᠣᠯᠳᠠᠯᠭ᠎ᠠ ᠲᠠᠢ ᠴᠢᠬᠤᠯᠠᠴᠢᠯᠠᠵᠤ᠂ ᠭᠡᠷ ᠤᠨ ᠠᠬᠠᠮᠠᠳ ᠢ ᠬᠥᠲᠥᠯᠥᠨ ᠵᠢᠯᠣᠭᠤᠳᠴᠤ ᠪᠠᠶᠢᠭᠠᠳ ᠬᠡᠦᠬᠡᠳ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠬᠡᠦᠬᠡᠳ ᠤᠨ ᠠᠮᠤᠷ ᠲᠦᠪᠰᠢᠨ᠂ ᠪᠠᠶᠠᠷ ᠪᠠᠶᠠᠰᠬᠤᠯᠠᠩ ᠲᠠᠢ ᠵᠤᠨ ᠤ ᠠᠮᠠᠷᠠᠯᠲᠠ ᠶᠢ ᠥᠩᠭᠡᠷᠡᠭᠦᠯᠬᠦ ᠶᠢ ᠦᠨᠡᠨ ᠬᠦ ᠪᠠᠲᠤᠯᠠᠪᠠ᠃      ᠲᠣᠰ ᠤᠳᠠᠭᠠᠨ ᠤ ᠬᠡᠷ ᠪᠦᠯᠢ ᠶᠢᠨ ᠠᠶᠢᠯᠴᠢᠯᠠᠯᠲᠠ ᠨᠢ ᠪᠠᠭᠰᠢ ᠪᠣᠯᠤᠨ ᠬᠡᠷ ᠤᠨ ᠠᠬᠠᠮᠠᠳ ᠰᠠᠨᠠᠯ ᠢᠶᠠᠨ ᠭᠦᠨᠵᠡᠭᠡᠶ ᠰᠣᠯᠢᠯᠴᠠᠪᠠ᠃ ᠰᠤᠷᠭᠠᠨ ᠬᠥᠮᠦᠵᠢᠯ ᠤᠨ ᠵᠠᠮ ᠪᠠᠰᠠ ᠤᠷᠤᠭᠰᠢᠯᠠᠵᠤ ᠪᠠᠶᠢᠨ᠎ᠠ᠂ ᠭᠡᠷ ᠤᠨ ᠠᠬᠠᠮᠠᠳ ᠲᠠᠢ ᠬᠠᠮᠲᠤ ᠠᠵᠢᠯᠯᠠᠵᠤ᠂ ᠰᠤᠷᠭᠠᠨ ᠬᠥᠮᠦᠵᠢᠯ ᠤᠨ ᠨᠡᠷ᠎ᠡ ᠪᠠᠷ ᠦᠰᠦᠨ ᠪᠤᠶᠢᠵᠢᠬᠤ ᠶᠢ ᠬᠦᠰᠡᠵᠦ ᠪᠠᠶᠢᠨ᠎ᠠ᠃ ᠭᠡᠷ ᠤᠨ ᠠᠬᠠᠮᠠᠳ ᠤᠨ ᠢᠶᠠᠨ ᠬᠠᠮᠲᠤ ᠶᠢᠨ ᠴᠢᠷᠮᠠᠶᠢᠯᠭ᠎ᠠ ᠪᠠᠷ ᠰᠠᠨ ᠰᠢᠩ ᠰᠤᠷᠤᠭᠴᠢᠳ ᠯᠠᠪᠲᠠᠢ ᠢᠳᠡᠷᠡᠭᠦᠨ ᠢᠶᠠᠷ ᠦᠰᠦᠨ ᠪᠤᠶᠢᠵᠢᠵᠤ᠂ ᠨᠡᠩ ᠭᠤᠶᠢᠳᠠ ᠰᠠᠶᠢᠬᠠᠨ ᠢᠷᠡᠭᠡᠳᠦᠢ ᠶᠢᠨ ᠬᠠᠭᠤᠳᠠᠰᠤ ᠶᠢ ᠪᠢᠴᠢᠭᠯᠡᠬᠦ ᠶᠢ ᠢᠲᠡᠭᠡᠵᠦ ᠪᠠᠶᠢᠨ᠎ᠠ︕   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号