ᠳ᠋ᠢᠩ ᠺᠠᠢ ᠴᠢᠩᠱᠠᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/22
      8 ᠰᠠᠷ᠎ᠠ ᠶᠢᠨ 21 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠬᠤᠷᠢᠶᠠᠨ ᠤ ᠱᠦᠵᠢ ᠳ᠋ᠢᠩ ᠺᠠᠶ ᠴᠢᠩᠱᠠᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠣᠭᠢᠷᠠᠭᠤᠯᠤᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠠᠮᠢᠶ᠎ᠠ ᠪᠥᠬᠦᠶ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠷᠥᠯ ᠵᠦᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠶ᠋ᠳᠪᠦᠷᠢᠯᠡᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠵᠠᠩ ᠴᠢᠶᠠᠩ᠂ ᠵᠤᠤ ᠵᠢᠶᠠᠨ ᠭᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠳ᠋ᠢᠩ ᠺᠠᠶ᠂ ᠭᠤᠤᠯᠳᠠᠯᠭ᠎ᠠ ᠲᠠᠢ ᠲᠥᠷᠥᠯ ᠵᠦᠢᠯ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠣᠯ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠭᠦᠷ ᠪᠠ ᠬᠦᠴᠦᠲᠡᠶ ᠭᠠᠷᠳᠠᠴᠠ ᠮᠥᠨ᠂ ᠪᠥᠬᠦ ᠬᠤᠲᠠ ᠶᠢᠨ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠴᠢᠬᠤᠯᠠ ᠲᠤᠯᠭᠠᠭᠤᠷᠢᠯᠠᠯ ᠮᠥᠨ᠃ ᠡᠯ᠎ᠡ ᠰᠠᠯᠠᠭ᠎ᠠ ᠮᠥᠴᠢᠷ ᠤᠨ ᠬᠢᠨ ᠶᠠᠷᠢᠯᠴᠠᠵᠤ ᠪᠠᠶᠢᠭ᠎ᠠ ᠲᠦᠷᠦᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠬᠤ᠂ ᠨᠠᠶᠢᠳᠠᠪᠤᠷᠢᠵᠢᠭᠤᠯᠬᠤ ᠲᠦᠷᠦᠯ ᠵᠦᠢᠯ ᠢ ᠲᠦᠷᠭᠡᠬᠡᠨ ᠠᠵᠢᠯ ᠡᠬᠢᠯᠡᠭᠦᠯᠬᠦ᠂ ᠠᠵᠢᠯ ᠡᠬᠢᠯᠡᠭᠦᠯᠬᠦ ᠲᠦᠷᠦᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠥᠨᠳᠥᠷ ᠪᠦᠲᠦᠮᠵᠢᠲᠡᠢ ᠠᠬᠢᠭᠤᠯᠵᠤ᠂ ᠨᠡᠩ ᠤᠯᠠᠨ ᠭᠠᠵᠠᠷ ᠰᠢᠷᠣᠢ ᠶᠢ ᠪᠠᠷᠢᠯᠭ᠎ᠠ ᠶᠢᠨ ᠭᠠᠵᠠᠷ ᠪᠣᠯᠭᠠᠵᠤ᠂ ᠪᠠᠷᠢᠯᠭ᠎ᠠ ᠶᠢᠨ ᠭᠠᠵᠠᠷ ᠢ ᠦᠢᠯᠡᠳᠪᠦᠷᠢ ᠪᠣᠯᠭᠠᠵᠤ᠂ ᠦᠢᠯᠡᠳᠪᠦᠷᠢ ᠶᠢ ᠳᠡᠭᠡᠳᠦ ᠬᠢᠵᠠᠭᠠᠷ ᠢ ᠨᠢᠭᠡᠳᠬᠡᠬᠦ ᠠᠵᠤ ᠠᠬᠤᠶᠢᠯᠠᠯ ᠤᠨ ᠭᠤᠣᠯ ᠴᠣᠭᠴᠠ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠨ ᠭᠠᠷᠭᠠᠪᠠ᠃      ᠳ᠋ᠢᠩ ᠺᠠᠶ᠂ ᠬᠤᠳᠠᠯᠳᠤᠭᠠᠴᠢᠨ‌ᠤᠷᠢᠵᠤ ᠪᠠᠯᠠ ᠣᠷᠣᠭᠤᠯᠬᠤ ᠰᠢᠨ᠎ᠡ ᠪᠠᠶᠢᠳᠠᠯ ᠰᠢᠨ᠎ᠡ ᠬᠤᠪᠢᠷᠠᠯᠲᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠳᠠᠪᠠᠭᠤᠯᠢᠭ ᠣᠨᠴᠠᠯᠢᠭ ᠢ ᠭᠦᠢᠴᠡᠳ ᠠᠰᠢᠭᠯᠠᠨ᠂ ᠲᠥᠷᠥᠯ ᠵᠦᠢᠯ ᠢ ᠨᠠᠷᠢᠯᠢᠭ ᠤᠨᠤᠪᠴᠢᠲᠠᠢ ᠪᠠᠷ ᠲᠥᠯᠥᠪᠵᠢᠭᠦᠯᠦᠨ ᠵᠣᠯᠭᠠᠭᠤᠯᠵᠤ᠂ ᠭᠤᠤᠯᠳᠠᠯᠭ᠎ᠠ ᠲᠠᠢ ᠶᠠᠷᠢᠯᠴᠠᠵᠤ ᠪᠠᠶᠢᠭ᠎ᠠ ᠲᠥᠷᠥᠯ ᠵᠦᠢᠯ ᠢ ᠦᠷᠭᠦᠯᠵᠢᠯᠡᠨ ᠳᠠᠭᠠᠵᠤ᠂ ᠨᠢᠭᠡ ᠪᠦᠯᠦᠭ ᠬᠤᠭᠤᠰᠣᠨ ᠢ ᠨᠥᠬᠦᠪᠥᠷᠢᠯᠡᠬᠦ᠂ ᠠᠯᠤᠰ ᠢᠷᠡᠭᠡᠳᠦᠶ ᠲᠠᠢ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠬᠦᠴᠦᠯᠡᠨ ᠣᠷᠣᠭᠤᠯᠤᠨ ᠠᠪᠴᠢᠷᠠᠵᠤ ᠨᠠᠶᠢᠳᠠᠪᠤᠷᠢᠵᠢᠭᠤᠯᠬᠤ ᠬᠡᠷᠡᠭᠲᠡᠶ᠃ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠲᠤ ᠪᠠᠬᠢ ᠪᠤᠢ ᠪᠣᠯᠭᠠᠵᠤ᠂ ᠪᠡᠯᠡ ᠮᠥᠩᠭᠦ ᠶᠢ ᠪᠣᠳᠠᠲᠠᠶᠢᠵᠢᠭᠤᠯᠬᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠦᠷ᠎ᠡ ᠪᠦᠲᠦᠮᠵᠢ ᠶᠢ ᠦᠨᠡᠯᠡᠬᠦ ᠴᠢᠬᠤᠯᠠ ᠭᠦᠢᠴᠡᠳᠬᠡᠯ ᠲᠤᠭ᠎ᠠ ᠪᠣᠯᠭᠠᠵᠤ᠂ ᠪᠣᠳᠠᠲᠤ ᠠᠵᠢᠯ ᠤᠨ ᠬᠡᠮᠵᠢᠶ᠎ᠡ᠂ ᠠᠵᠤ ᠦᠢᠯᠡᠳᠪᠦᠷᠢ ᠶᠢᠨ ᠭᠠᠷᠤᠯᠲᠠ ᠶᠢᠨ ᠦᠷᠳᠡᠭ ᠢ ᠦᠨᠡᠨ ᠬᠦ ᠪᠦᠷᠢᠯᠳᠦᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠪᠦᠬᠦ ᠠᠵᠢᠯᠲᠠᠳ ᠳᠠᠭᠠᠭᠠᠴᠢᠯᠠᠨ ᠬᠤᠯᠪᠣᠭᠠᠯᠠᠬᠤ᠂ ᠪᠦᠬᠦ ᠶᠠᠪᠤᠴᠠ ᠳᠤ ᠬᠠᠪᠰᠤᠷᠤᠨ ᠭᠦᠢᠴᠡᠳᠬᠡᠬᠦ᠂ ᠲᠣᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠬᠤ ᠵᠡᠷᠭᠡ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠷ ᠭᠦᠢᠴᠡᠳᠬᠡᠯ ᠢ ᠭᠦᠢᠴᠡᠳᠬᠡᠬᠦ᠂ ᠡᠯᠧᠮᠧᠨ᠋ᠲ ᠤᠨ ᠪᠠᠲᠤᠯᠠᠭ᠎ᠠ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠥᠨᠳᠥᠷ ᠪᠦᠲᠦᠮᠵᠢᠲᠡᠢ ᠰᠠᠶᠢᠲᠤᠷ ᠬᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠳᠦᠷ ᠪᠦᠷᠢ ᠰᠢᠨ᠎ᠡ ᠠᠬᠢᠴᠠ᠂ ᠰᠢᠨ᠎ᠡ ᠲᠦᠷᠢ ᠲᠥᠷᠬᠦ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠬᠠᠮᠵᠢᠯᠴᠠᠨ ᠬᠠᠮᠲᠤᠷᠠᠯᠴᠠᠬᠤ ᠪᠠᠨ ᠴᠢᠩᠭᠠᠳᠬᠠᠵᠤ᠂ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ︽ᠲᠠᠶᠢᠯᠬᠤ ᠰᠡᠳᠬᠢᠬᠦᠶ︾ ᠶᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠨᠡᠩ ᠤᠯᠠᠨ ᠰᠢᠨ᠎ᠡ ᠨᠡᠮᠡᠭᠳᠡᠯ ᠤᠨ ᠴᠡᠭ ᠰᠢᠨ᠎ᠡ ᠨᠡᠮᠡᠭᠳᠡᠯ ᠤᠨ ᠬᠡᠮᠵᠢᠶ᠎ᠡ ᠶᠢ ᠲᠦᠷᠭᠡᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号