ᠣᠷᠣᠯᠠᠨ ᠳᠠᠩᠰᠠ ᠲᠡᠮᠳᠡᠭᠯᠡᠬᠦ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠭᠠᠵᠤ᠂ ᠨᠢᠭᠲᠠᠯᠠᠨ | ᠪᠣᠳᠣᠬᠤ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠡᠮᠬᠢ ᠵᠢᠷᠤᠮ ᠢ ᠦᠨᠡᠨ ᠬᠦ ᠵᠢᠷᠤᠮᠵᠢᠭᠤᠯᠬᠤ ᠶᠢᠨ ᠲᠥᠯᠥᠭᠡ᠂ | ᠤᠶᠢᠷ᠎ᠠ ᠶᠢᠨ ᠡᠳᠦᠷ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠬᠠᠷᠢᠶ᠎ᠠ ᠲᠣᠭᠤᠷᠢᠭ ᠤᠨ | ᠡᠵᠡᠩᠨᠡᠯᠲᠡ ᠶᠢᠨ ᠬᠡᠪᠴᠢᠶᠡᠨ ᠳᠤ ᠣᠷᠣᠯᠠᠨ ᠳᠠᠩᠰᠠ ᠲᠡᠮᠳᠡᠭᠯᠡᠬᠦ ᠶᠢ ᠪᠠᠭᠲᠠᠭᠠᠭᠰᠠᠨ ᠣᠷᠣᠯᠠᠨ ᠳᠠᠩᠰᠠ ᠲᠡᠮᠳᠡᠭᠯᠡᠬᠦ | ᠵᠦᠪᠰᠢᠶᠡᠷᠡᠯ ᠤᠨ ᠦᠨᠡᠮᠯᠡᠯ ᠣᠯᠤᠭᠰᠠᠨ ᠦᠭᠡᠢ 2 ᠪᠠᠢᠭᠤᠯᠤᠮᠵᠢ ᠳᠤ ᠬᠢᠨᠠᠨ ᠪᠠᠢᠴᠠᠭᠠᠯᠲᠠ ᠬᠢᠪᠡ᠃ | ᠲᠤᠬᠠᠶ ᠶᠢᠨ ᠲᠠᠯᠠᠪᠠᠶ ᠳᠤ ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠠᠵᠢᠯᠲᠠᠨ ᠳᠠᠩᠰᠠ ᠲᠡᠮᠳᠡᠭᠯᠡᠬᠦ | ᠪᠠᠶᠢᠭᠤᠯᠤᠮᠵᠢ ᠶᠢᠨ ᠡᠵᠡᠩᠨᠡᠯᠲᠡ ᠶᠢᠨ ᠦᠨᠡᠮᠯᠡᠯ᠂ ᠠᠵᠢᠯᠯᠠᠬᠤ ᠬᠠᠶ᠋ᠢᠭ᠂ ᠣᠷᠣᠯᠠᠨ ᠳᠠᠩᠰᠠ ᠲᠡᠮᠳᠡᠭᠯᠡᠬᠦ ᠲᠤᠬᠠᠶᠢᠯᠠᠭᠰᠠᠨ | ᠠᠵᠢᠯ ᠥᠷᠨᠢᠭᠦᠯᠦᠭᠰᠡᠨ ᠡᠰᠡᠬᠦ ᠵᠡᠷᠭᠡ ᠳᠤ ᠨᠠᠷᠢᠨ ᠪᠠᠶᠢᠴᠠᠭᠠᠯᠲᠠ ᠬᠢᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ | ᠬᠡᠪᠴᠢᠶᠡᠨ ᠳᠤ ᠣᠷᠣᠯᠠᠨ ᠳᠠᠩᠰᠠ ᠲᠡᠮᠳᠡᠭᠯᠡᠬᠦ ᠶᠢ ᠪᠠᠭᠲᠠᠭᠠᠭᠰᠠᠨ ᠪᠠᠶᠢᠬᠤ ᠡᠰᠡᠬᠦ᠂ ᠣᠷᠣᠯᠠᠨ ᠳᠠᠩᠰᠠ ᠲᠡᠮᠳᠡᠭᠯᠡᠬᠦ | ᠵᠥᠪᠰᠢᠶᠡᠷᠡᠯ ᠣᠯᠤᠭᠰᠠᠨ ᠦᠭᠡᠢ ᠪᠠᠷ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠥᠷᠨᠢᠭᠦᠯᠬᠦ ︽ᠦᠨᠡᠮᠯᠡᠯ | ᠦᠭᠡᠢ ᠡᠵᠡᠩᠨᠡᠯᠲᠡ︾ ᠶᠢᠨ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠪᠠ᠃ | ᠲᠣᠰ ᠤᠳᠠᠭᠠᠨ ᠤ ᠪᠠᠶᠢᠴᠠᠭᠠᠯᠲᠠ ᠪᠠᠷ ᠳᠠᠮᠵᠢᠭᠤᠯᠤᠨ᠂ ᠣᠷᠣᠯᠠᠨ ᠲᠠᠩᠰᠠ ᠲᠡᠮᠳᠡᠭᠯᠡᠬᠦ ᠪᠠᠶᠢᠭᠤᠯᠤᠮᠵᠢ ᠶᠢᠨ | ᠠᠵᠢᠯ ᠡᠷᠭᠢᠯᠡᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯ ᠲᠥᠷᠥᠯ ᠤᠨ ᠡᠷᠡᠭᠦᠯ | ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠂ ᠣᠷᠣᠯᠠᠨ ᠲᠠᠩᠰᠠ ᠲᠡᠮᠳᠡᠭᠯᠡᠬᠦ ᠪᠠᠶᠢᠭᠤᠯᠤᠮᠵᠢ ᠶᠢᠨ ᠬᠠᠤᠯᠢ | ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ ᠶᠢ ᠱᠠᠯᠠᠪᠳᠠᠭᠤᠯᠵᠦ᠂ ᠣᠷᠣᠯᠠᠨ ᠲᠠᠩᠰᠠ ᠲᠡᠮᠳᠡᠭᠯᠡᠬᠦ ᠪᠠᠶᠢᠭᠤᠯᠤᠮᠵᠢ ᠶᠢᠨ | ᠨᠡᠶᠢᠭᠡᠮ ᠳᠤ ᠨᠠᠩ ᠰᠠᠶᠢᠨ ᠨᠢᠭᠲᠠᠯᠠᠨ ᠪᠤᠳᠤᠬᠤ ᠦᠢᠯᠡᠴᠢᠯᠡᠭᠡ ᠬᠠᠩᠭᠠᠬᠤ ᠶᠢ ᠳᠡᠮᠵᠢᠪᠡ᠃ |