ᠴᠢᠩᠱᠠᠨ ᠲᠣᠭᠤᠷᠢᠭ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠳᠡᠭᠡᠭᠰᠢᠯᠡᠭᠦᠯᠬᠦ ᠶᠢ ᠲᠤᠪᠤᠶᠢᠮ᠎ᠠ ᠪᠠᠶᠢᠷᠢᠨ ᠳᠤ | ᠲᠠᠯᠪᠢᠬᠤ ᠶᠢ ᠪᠠᠷᠢᠮᠲᠠᠯᠠᠵᠤ᠂ ᠬᠦᠴᠦ ᠪᠠᠨ ᠲᠥᠪᠯᠡᠷᠡᠭᠦᠯᠦᠨ ︽ᠲᠦᠷᠪᠡᠨ ᠫᠠᠶᠢᠰᠠ︾ ᠢ ᠰᠠᠶᠢᠲᠤᠷ ᠬᠢᠵᠦ᠂ ᠰᠣᠶᠣᠯ | ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠴᠢᠳᠠᠪᠤᠷᠢ ᠶᠢ ᠪᠦᠬᠦ ᠬᠦᠴᠦᠨ ᠢᠶᠠᠷ ᠢᠶᠠᠨ ᠬᠥᠭᠵᠢᠭᠡᠵᠦ᠂ ᠢᠯᠡᠳᠲᠡ ᠦᠷ᠎ᠡ | ᠪᠦᠲᠦᠮᠵᠢ ᠤᠯᠪᠠ᠃ | ᠨᠢᠭᠡ ᠳᠤ᠂ ᠲᠥᠷᠥᠯ ᠵᠦᠢᠯ ᠢ ᠳᠠᠶᠢᠴᠢᠯᠠᠬᠤ ᠫᠠᠶᠢᠰᠠ ᠶᠢ ᠰᠠᠶᠢᠲᠤᠷ ᠲᠠᠯᠪᠢᠵᠤ᠂ ᠰᠣᠶᠣᠯ ᠵᠢᠭᠤᠯᠴᠢᠯᠠᠯ ᠤᠨ | ᠬᠡᠷᠡᠭᠯᠡᠭᠡᠨ ᠤ ᠰᠤᠩᠭᠤᠯᠲᠠ ᠶᠢ ᠤᠭᠰᠠᠷᠠᠭᠤᠯᠪᠠ᠃ ᠲᠥᠷᠥᠯ ᠵᠦᠢᠯ ᠢᠶᠠᠷ ᠬᠡᠷᠡᠭᠯᠡᠭᠡᠨ ᠤ ᠨᠡᠮᠡᠭᠳᠡᠯ ᠢ ᠳᠠᠶᠢᠴᠢᠯᠠᠬᠤ | ᠭᠤᠣᠯ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠳ᠋ᠦᠩ ᠳ᠋ᠠ ᠱᠠᠨ ᠠᠮᠠᠷᠠᠯᠲᠠ ᠶᠢᠨ ᠲᠣᠰᠬᠤᠨ ᠤ ᠢᠵᠢ | ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠵᠤᠤᠬ᠎ᠠ ᠪᠠᠷ ᠴᠠᠢ ᠴᠢᠨᠠᠬᠤ᠂ ᠠᠷᠠᠳ ᠤᠨ ᠣᠷᠣᠨ | ᠰᠠᠭᠤᠴᠠ ᠶᠢ ᠰᠣᠨᠢᠷᠬᠠᠬᠤ᠂ ᠠᠭᠤᠯᠠᠷᠬᠠᠭ ᠣᠷᠣᠨ ᠤ ᠴᠧᠩᠳᠦ᠋ ᠨᠣᠭᠤᠭ᠎ᠠ᠂ ᠬᠤᠮᠵᠢᠶ᠎ᠠ ᠠᠷᠠᠳ ᠤᠨ ᠣᠷᠣᠨ | ᠰᠠᠭᠤᠴᠠ ᠶᠢᠨ ᠰᠢᠷᠠᠮᠠᠯ ᠬᠡᠭᠡᠷ᠎ᠡ ᠪᠠᠭᠤᠳᠠᠯᠯᠠᠬᠤ ᠲᠣᠭᠤᠷᠢᠭ᠂ ᠭᠧ ᠯᠤᠤ ᠵᠢᠵᠢᠭ ᠳᠡᠯᠭᠡᠭᠦᠷ᠂ ᠬᠦᠷᠳᠦᠲᠦ | ᠪᠠᠶᠢᠯᠳᠤᠭᠠᠨ ᠤ ᠲᠡᠷᠭᠡ ᠵᠡᠷᠭᠡ ᠬᠡᠷᠡᠭᠯᠡᠭᠡᠨ ᠤ ᠲᠥᠷᠥᠯ ᠵᠦᠢᠯ ᠢ ᠰᠢᠨ᠎ᠡ ᠪᠠᠷ ᠨᠡᠮᠡᠪᠡ᠃ ᠪᠤᠭᠤᠲᠤ ᠶᠢᠨ ᠤᠷᠲᠤ ᠴᠠᠭᠠᠨ | ᠬᠡᠷᠡᠮ ᠤᠨ ᠲᠡᠦᠬᠡ ᠰᠣᠶᠣᠯ ᠤᠨ ᠦᠵᠡᠭᠦᠯᠭᠡ ᠶᠢᠨ ᠲᠢᠩᠬᠢᠮ᠂ ᠴᠠᠭᠠᠰᠤᠨ ᠬᠠᠶᠢᠴᠢᠯᠠᠮᠠᠯ ᠤᠨ ᠠᠵᠢᠯᠯᠠᠬᠤ ᠲᠠᠰᠤᠭ | ᠵᠡᠷᠭᠡ ᠶᠢ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠭᠤᠤᠯ ᠰᠡᠳᠦᠪᠲᠦ ᠰᠣᠶᠣᠯ ᠵᠢᠭᠤᠯᠴᠢᠯᠠᠯ ᠤᠨ | ᠠᠭᠤᠰᠤᠯᠴᠠᠯ ᠤᠨ ᠵᠦᠴᠦᠭᠡ ︽ᠳ᠋ᠦᠩ ᠳ᠋ᠠ ᠱᠠᠨ︾ ᠶᠢ ᠭᠠᠷᠭᠠᠵᠤ᠂ ᠳ᠋ᠦᠩ ᠳ᠋ᠠ ᠱᠠᠨ ᠤ ᠰᠣᠶᠣᠯ ᠤᠨ ᠡᠬᠢ | ᠪᠠᠶᠠᠯᠢᠭ ᠢ ᠤᠯᠠᠮ ᠨᠢᠭᠡ ᠠᠯᠬᠤᠮ ᠪᠠᠶᠠᠯᠢᠭᠵᠢᠭᠤᠯᠪᠠ᠃ ᠴᠢᠩ ᠶᠠᠩ ᠵᠧᠩ ᠭᠤᠸᠠᠨ ᠬᠤᠳᠠᠯᠳᠤᠭᠠᠨ ᠤ | ᠡᠵᠡᠩᠨᠡᠯᠲᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢ ᠣᠷᠣᠭᠤᠯᠤᠨ ᠠᠪᠴᠢᠷᠠᠵᠤ ᠬᠤᠸᠠ ᠭᠧ ᠲᠠᠢ ᠤᠯᠠᠨ | ᠤᠯᠤᠰ ᠤᠨ ᠬᠡᠭᠡᠷ᠎ᠡ ᠪᠠᠭᠤᠳᠠᠯᠯᠠᠬᠤ ᠲᠣᠭᠤᠷᠢᠭ ᠤᠨ ᠡᠵᠡᠩᠨᠡᠯᠲᠡ ᠳᠤ ᠣᠷᠣᠯᠴᠠᠭᠤᠯᠵᠤ᠂ ᠬᠤᠸᠠ ᠭᠧ ᠲᠠᠢ | ᠬᠠᠪᠤᠷ ᠤᠨ ᠤᠯᠠᠷᠢᠯ ᠤᠨ ᠨᠠᠭᠠᠳᠤᠮ ᠤᠨ ᠨᠠᠶᠢᠷ ᠡᠷᠬᠢᠯᠡᠵᠦ᠂ ᠦᠵᠡᠮᠵᠢ ᠶᠢᠨ ᠣᠷᠣᠨ ᠤ ᠬᠡᠭᠡᠷ᠎ᠡ ᠪᠠᠭᠤᠳᠠᠯᠯᠠᠬᠤ | ᠲᠥᠬᠦᠭᠡᠷᠦᠮᠵᠢ ᠶᠢ ᠪᠠᠶᠠᠯᠢᠭᠵᠢᠭᠤᠯᠪᠠ᠃ ᠤᠮᠠᠷᠠᠲᠤ ᠶᠢᠨ ᠴᠡᠷᠢᠭ ᠤᠨ ᠵᠡᠪᠰᠡᠭ ᠤᠨ ᠬᠤᠲᠠ ᠶᠢᠨ ᠲᠠᠩᠺᠧ ᠬᠤᠶᠠᠭᠲᠤ | ᠲᠡᠷᠭᠡ ᠲᠤᠷᠰᠢᠨ ᠰᠠᠭᠤᠬᠤ ᠪᠡᠶᠡᠴᠢᠯᠡᠨ ᠣᠶᠢᠯᠠᠭᠠᠬᠤ ᠲᠥᠪ ᠤᠨ ᠲᠥᠷᠥᠯ ᠵᠦᠢᠯ᠂ ᠳ᠋ᠦᠩ ᠳ᠋ᠠ ᠱᠠᠨ ᠤ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠬᠡᠪ ᠴᠢᠨᠠᠷ ᠢ ᠥᠷᠭᠡᠳᠬᠡᠬᠦ ᠰᠠᠭᠤᠷᠢᠨ ᠭᠠᠵᠠᠷ ᠢ ᠢᠳᠡᠪᠬᠢᠲᠡᠶ | ᠠᠬᠢᠭᠤᠯᠵᠤ᠂ ᠵᠤᠭᠠᠴᠠᠭᠰᠠᠳ ᠤᠨ ᠪᠡᠶᠡᠴᠢᠯᠡᠨ ᠣᠶᠢᠯᠠᠭᠠᠬᠤ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠤᠯᠠᠮ | ᠨᠢᠭᠡ ᠠᠯᠬᠤᠮ ᠳᠡᠭᠡᠭᠰᠢᠯᠡᠭᠦᠯᠦᠨ᠎ᠡ᠃ | ᠬᠤᠶᠠᠷ ᠲᠤ᠂ ᠪᠡᠶᠡᠴᠢᠯᠡᠨ ᠣᠶᠢᠯᠠᠭᠠᠬᠤ ᠶᠢ ᠲᠠᠰ ᠳᠡᠪᠰᠢᠭᠦᠯᠬᠦ ᠫᠠᠶᠢᠰᠠ ᠶᠢ ᠰᠠᠶᠢᠲᠤᠷ ᠲᠠᠯᠪᠢᠵᠤ᠂ ᠰᠣᠶᠣᠯ | ᠵᠢᠭᠤᠯᠴᠢᠯᠠᠯ ᠤᠨ ᠬᠡᠷᠡᠭᠯᠡᠭᠡᠨ ᠤ ᠪᠦᠲᠦᠭᠡᠭᠳᠡᠬᠦᠨ ᠢ ︽ᠬᠤᠪᠢᠷᠠᠭᠤᠯᠬᠤ︾ ᠶᠢ ᠠᠬᠢᠭᠤᠯᠪᠠ᠃ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠬᠡᠷᠡᠭᠯᠡᠭᠡ ᠶᠢ ᠠᠬᠢᠭᠤᠯᠬᠤ ᠭᠤᠣᠯ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠦᠵᠡᠮᠵᠢ ᠶᠢᠨ ᠣᠷᠣᠨ᠂ | ᠬᠤᠳᠠᠯᠳᠤᠭᠠᠨ ᠤ ᠲᠣᠭᠤᠷᠢᠭ ᠢ ᠠᠰᠢᠭᠯᠠᠨ ᠬᠥᠳᠡᠭᠡ ᠲᠣᠰᠬᠤᠨ ᠤ ᠳᠠᠭᠤᠤ ᠬᠥᠭᠵᠢᠮ ᠤᠨ ᠴᠤᠭᠯᠠᠭᠠᠨ ᠵᠡᠷᠭᠡ | ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ 200 ᠭᠠᠷᠤᠢ ᠲᠠᠯᠠᠪᠠᠢ ᠤᠳᠠᠭ᠎ᠠ ᠡᠷᠬᠢᠯᠡᠪᠡ᠃ ︽ᠰᠣᠶᠣᠯ | ᠵᠢᠭᠤᠯᠴᠢᠯᠠᠯ + ᠪᠣᠳᠠᠰ ᠤᠨ ᠪᠤᠰᠤ ᠰᠣᠶᠣᠯ ᠤᠨ ᠥᠪ︾᠂ ︽ᠰᠣᠶᠣᠯ ᠵᠢᠭᠤᠯᠴᠢᠯᠠᠯ + ᠤᠷᠠᠯᠢᠭ︾᠂ ︽ᠰᠣᠶᠣᠯ | ᠵᠢᠭᠤᠯᠴᠢᠯᠠᠯ + ᠪᠡᠶ᠎ᠡ ᠶᠢᠨ ᠲᠠᠮᠢᠷ ᠤᠨ ᠵᠢᠭᠤᠯᠴᠢᠯᠠᠯ︾ ᠵᠡᠷᠭᠡ ︽ᠰᠣᠶᠣᠯ ᠵᠢᠭᠤᠯᠴᠢᠯᠠᠯ +︾ ᠰᠢᠨ᠎ᠡ ᠵᠠᠭᠪᠤᠷ ᠢ | ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠦᠵᠡᠮᠵᠢ ᠶᠢᠨ ᠣᠷᠣᠨ᠂ ᠬᠤᠳᠠᠯᠳᠤᠭᠠᠨ ᠤ ᠲᠣᠭᠤᠷᠢᠭ ᠢ ᠠᠰᠢᠭᠯᠠᠨ | ᠥᠯᠵᠡᠶᠢᠲᠦ ᠡᠳᠦᠷ ᠤᠨ ᠪᠠᠶᠠᠷ ᠤᠨ ᠵᠡᠭᠡᠯᠢ ᠭᠤᠳᠤᠮᠵᠢ ᠶᠢᠨ ᠠᠷᠠᠳ ᠤᠨ ᠤᠷᠠᠨ ᠰᠠᠶᠢᠬᠠᠨ ᠤ ᠲᠣᠭᠯᠠᠯᠲᠠ᠂ ᠳᠥᠷᠪᠡᠨ | ᠤᠯᠠᠷᠢᠯ ᠤᠨ ᠲᠣᠰᠬᠤᠨ ᠤ ᠲᠤᠭᠯᠠᠯᠲᠠ᠂ ᠳ᠋ᠦᠩ ᠳ᠋ᠠ ᠱᠠᠨ ᠤ ᠤᠷᠠᠯᠢᠭ ᠤᠨ ᠨᠠᠶᠢᠷ᠂ ᠪᠤᠭᠤᠲᠤ ᠬᠤᠲᠠ ᠶᠢᠨ | ᠭᠤᠯᠢᠷ ᠤᠨ ᠱᠤᠭᠤᠮᠠᠯ ᠤᠷ᠎ᠠ ᠴᠢᠳᠠᠪᠤᠷᠢ ᠶᠢᠨ ᠤᠷᠤᠯᠳᠤᠭᠠᠨ᠂ ᠠᠩᠬᠠᠳᠤᠭᠠᠷ ᠬᠤᠭᠤᠴᠠᠭᠠᠨ ᠤ ᠤᠷᠠᠯᠢᠭ ᠤᠨ | ᠪᠦᠲᠦᠭᠡᠯ ᠤᠨ ᠴᠤᠭᠯᠠᠭᠠᠨ᠂ ᠵᠣᠨ ᠤ ᠠᠮᠠᠷᠠᠯᠲᠠ ᠶᠢᠨ ᠰᠣᠶᠣᠯ ᠵᠢᠭᠤᠯᠴᠢᠯᠠᠯ ᠤᠨ ᠤᠯᠠᠷᠢᠯ᠂ 3v3 ᠰᠠᠭᠰᠤᠨ | ᠪᠥᠮᠪᠦᠭᠡ ᠶᠢᠨ ᠤᠷᠤᠯᠳᠤᠭᠠᠨ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ 20 ᠭᠠᠷᠤᠶ ᠲᠠᠯᠠᠪᠤᠷ ᠡᠷᠭᠢᠯᠡᠵᠦ᠂ | ᠬᠤᠲᠠ ᠶᠢᠨ ᠠᠷᠠᠳ ᠤᠨ ᠵᠢᠭᠤᠯᠴᠢᠯᠠᠭᠴᠢᠳ ᠤᠨ ᠣᠶᠤᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ | ᠪᠠᠶᠠᠯᠢᠭᠵᠢᠭᠤᠯᠵᠤ᠂ ᠴᠢᠩᠱᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠯ | ᠴᠡᠴᠡᠭᠯᠡᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ ᠵᠣᠨ ᠤ ᠠᠮᠠᠷᠠᠯᠲᠠ ᠶᠢᠨ ᠬᠤᠭᠤᠴᠠᠭᠠᠨ ᠳᠤ | ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢ ᠬᠠᠮᠲᠤ ᠪᠠᠷ ᠵᠤᠭᠠᠴᠠᠵᠤ ᠪᠦᠯᠬᠦᠮᠳᠡᠯ ᠤᠨ ᠬᠥᠭᠵᠢᠮ ᠢ ᠬᠠᠮᠲᠤ ᠪᠠᠷ | ᠬᠥᠭᠵᠢᠮᠳᠡᠬᠦ︾ ᠭᠠᠳᠠᠭᠠᠳᠤ ᠰᠣᠶᠣᠯ ᠵᠢᠭᠤᠯᠴᠢᠯᠠᠯ ᠤᠨ ᠰᠣᠯᠢᠯᠴᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ | ᠶᠦᠨᠨᠠᠨ᠂ ᠭᠤᠸᠠᠩᠰᠢ᠂ ᠵᠢᠶᠠᠩᠰᠢ ᠵᠡᠷᠭᠡ ᠵᠠᠭᠤ ᠭᠠᠷᠤᠢ ᠤᠳᠬ᠎ᠠ ᠤᠷᠠᠯᠢᠭ ᠤᠨ ᠪᠠᠭ᠋ᠠᠲᠠᠳ ᠢ ᠪᠤᠭᠤᠲᠤ ᠬᠤᠳᠠ ᠳᠤ | ᠲᠡᠳᠡᠨ ᠠᠪᠴᠢᠷᠠᠵᠤ ᠰᠣᠯᠢᠯᠴᠠᠭᠤᠯᠪᠠ᠃ | ᠭᠤᠷᠪᠠ ᠳᠤ᠂ ᠦᠢᠯᠡᠴᠢᠯᠡᠭᠡ ᠶᠢ ᠰᠢᠯᠢᠳᠡᠭᠵᠢᠭᠦᠯᠬᠦ ᠫᠠᠶᠢᠰᠠ ᠶᠢ ᠰᠠᠶᠢᠲᠤᠷ ᠲᠠᠯᠪᠢᠵᠤ᠂ ᠰᠣᠶᠣᠯ | ᠵᠢᠭᠤᠯᠴᠢᠯᠠᠯ ᠤᠨ ᠬᠡᠷᠡᠭᠯᠡᠭᠡ ᠶᠢ ︽ᠰᠢᠯᠢᠳᠡᠭᠵᠢᠭᠦᠯᠬᠦ︾ ᠪᠣᠯᠭᠠᠪᠠ᠃ ᠦᠢᠯᠡᠴᠢᠯᠡᠭᠡ ᠪᠠᠷ ᠬᠡᠷᠡᠭᠯᠡᠭᠡ ᠶᠢᠨ | ᠣᠶᠢᠯᠠᠭᠠᠯᠲᠠ ᠶᠢ ᠰᠢᠯᠢᠳᠡᠭᠵᠢᠭᠦᠯᠬᠦ ᠭᠤᠣᠯ ᠬᠦᠴᠦᠨ ᠪᠣᠯᠭᠠᠬᠤ ᠶᠢ ᠪᠠᠷᠢᠮᠲᠠᠯᠠᠵᠤ᠂ ᠰᠤᠳᠤᠯᠤᠨ ᠰᠤᠷᠤᠯᠴᠠᠬᠤ | ᠵᠢᠭᠤᠯᠴᠢᠯᠠᠯ ᠢ ᠶᠡᠭᠡ ᠪᠠᠷ ᠬᠥᠭᠵᠢᠭᠦᠯᠦᠨ᠂ ᠸᠧᠶ ᠯᠠ ᠤᠯᠤᠰ ᠤᠨ ᠵᠢᠭᠤᠯᠴᠢᠯᠠᠯ ᠵᠡᠷᠭᠡ 8 ᠵᠢᠭᠤᠯᠴᠢᠯᠠᠯ ᠤᠨ | ᠦᠢᠯᠡᠴᠢᠯᠡᠭᠡᠨ ᠤ ᠭᠠᠵᠠᠷ ᠤᠨ ᠥᠪᠡᠷᠲᠡᠭᠡᠨ ᠵᠠᠰᠠᠬᠤ ᠣᠷᠣᠨ ᠤ ᠰᠤᠳᠤᠯᠤᠨ ᠰᠤᠷᠤᠯᠴᠠᠬᠤ ᠵᠢᠭᠤᠯᠴᠢᠯᠠᠯ ᠤᠨ | ᠦᠢᠯᠡᠴᠢᠯᠡᠭᠡᠨ ᠤ ᠬᠤᠳᠠᠯᠳᠤᠭᠠᠴᠢᠨ᠂ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠥᠩᠭᠡᠨ ᠠᠵᠤ | ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠤᠮᠠᠷᠠᠲᠤ ᠶᠢᠨ ᠴᠡᠷᠢᠭ ᠤᠨ ᠵᠡᠪᠰᠡᠭ ᠤᠨ ᠬᠤᠲᠠ | ᠵᠡᠷᠭᠡ 3 ᠥᠪᠡᠷᠲᠡᠭᠡᠨ ᠵᠠᠰᠠᠬᠤ ᠣᠷᠣᠨ ᠤ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠠᠭᠤᠷᠢ ︵ᠬᠤᠸᠠᠷᠠᠨ ᠤ︶ | ᠭᠠᠵᠠᠷ᠂ ︽ᠣᠷᠳᠣ ᠴᠠᠭᠠᠨ ᠬᠡᠷᠡᠮ ᠤᠨ ᠳᠣᠲᠣᠨ᠎ᠠ ᠭᠠᠳᠠᠨ᠎ᠠ ᠪᠣᠯ ᠡᠬᠡ ᠨᠤᠲᠤᠭ ᠮᠥᠨ︾ ᠭᠡᠬᠦ 1 ᠥᠪᠡᠷᠲᠡᠭᠡᠨ | ᠵᠠᠰᠠᠬᠤ ᠣᠷᠣᠨ ᠤ ᠠᠩᠬᠠᠳᠠᠭᠴᠢ ᠪᠦᠯᠦᠭ ︽ᠠᠷᠪᠠᠨ ᠰᠢᠯᠢᠳᠡᠭ ᠰᠤᠳᠤᠯᠤᠨ ᠰᠤᠷᠤᠯᠴᠠᠬᠤ ᠵᠢᠭᠤᠯᠴᠢᠯᠠᠯ ᠤᠨ | ᠰᠣᠳᠣᠨ ᠵᠠᠮ ᠱᠤᠭᠤᠮ︾᠂ ︽ᠵᠢᠵᠢᠭ ᠪᠤᠰᠤ ᠤᠳᠤᠮᠯᠠᠯ ᠤᠨ ᠵᠠᠯᠭᠠᠮᠵᠢᠯᠠᠭᠴᠢ︾ 1 ᠵᠦᠢᠯ ᠤᠨ ᠥᠪᠡᠷᠲᠡᠭᠡᠨ ᠵᠠᠰᠠᠬᠤ | ᠣᠷᠣᠨ ᠤ ᠠᠩᠬᠠᠳᠠᠭᠴᠢ ᠪᠦᠯᠦᠭ ︽ᠰᠢᠯᠢᠳᠡᠭ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠣᠳᠣᠨ ᠬᠢᠴᠢᠶᠡᠯ︾ ᠢ | ᠰᠢᠨ᠎ᠡ ᠪᠠᠷ ᠨᠡᠮᠡᠭᠳᠡᠭᠦᠯᠪᠡ᠃ ᠴᠡᠷᠢᠭ ᠤᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ | ᠦᠷᠭᠦᠯᠵᠢᠯᠡᠨ ᠭᠡᠷᠡᠯᠲᠦᠭᠦᠯᠵᠦ᠂ ᠴᠡᠷᠢᠭ ᠤᠨ ᠠᠵᠤ ᠦᠢᠯᠡᠳᠪᠦᠷᠢ ᠶᠢᠨ ᠰᠣᠶᠣᠯ ᠵᠢᠭᠤᠯᠴᠢᠯᠠᠯ ᠤᠨ ᠤᠯᠠᠷᠢᠯ ᠤᠨ | ᠰᠢᠷᠢᠰ ᠠᠵᠢᠯᠯᠠᠭ᠎ᠠ ᠶᠢ ᠥᠷᠨᠢᠭᠦᠯᠵᠦ᠂ ᠲᠠᠩᠺ ᠬᠤᠶᠠᠭᠲᠤ ᠲᠡᠷᠭᠡ ᠵᠢᠯᠣᠭᠤᠳᠬᠤ ᠪᠠᠷ ᠪᠡᠶᠡᠴᠢᠯᠡᠨ ᠣᠶᠢᠯᠠᠭᠠᠬᠤ | ᠲᠥᠷᠥᠯ ᠵᠦᠢᠯ ᠢ ᠭᠠᠷᠭᠠᠵᠤ᠂ ︽ᠴᠡᠷᠢᠭ ᠤᠨ ᠠᠵᠤ ᠦᠢᠯᠡᠳᠪᠦᠷᠢ + ᠣᠷᠳᠣ ᠴᠠᠭᠠᠨ ᠬᠡᠷᠡᠮ︾᠂ ︽ᠴᠡᠷᠢᠭ ᠤᠨ ᠠᠵᠤ | ᠦᠢᠯᠡᠳᠪᠦᠷᠢ + ᠤᠷᠠᠯᠢᠭ︾᠂ ︽ᠴᠡᠷᠢᠭ ᠤᠨ ᠠᠵᠤ ᠦᠢᠯᠡᠳᠪᠦᠷᠢ + ᠪᠣᠳᠠᠰ ᠤᠨ ᠪᠤᠰᠤ ᠰᠣᠶᠣᠯ ᠤᠨ ᠥᠪ︾ ᠵᠡᠷᠭᠡ | ᠤᠨᠴᠠᠯᠢᠬᠳᠤ ᠵᠢᠭᠤᠯᠴᠢᠯᠠᠯ ᠤᠨ ᠵᠠᠮ ᠱᠤᠭᠤᠮ ᠢ ᠵᠢᠷᠤᠵᠤ ᠲᠥᠯᠥᠪᠯᠡᠨ ᠳᠡᠯᠭᠡᠷᠡᠭᠦᠯᠦᠨ᠎ᠡ᠃ 7 ᠳ᠋ᠤᠭᠠᠷ ᠰᠠᠷ᠎ᠠ ᠶᠢᠨ | ᠡᠴᠦᠰ ᠪᠣᠯᠲᠠᠯ᠎ᠠ᠂ ᠴᠢᠩᠱᠠᠨ ᠲᠣᠭᠤᠷᠢᠭ ᠤᠨ ᠡᠯ᠎ᠡ ᠲᠥᠷᠥᠯ ᠤᠨ ᠦᠵᠡᠮᠵᠢ ᠶᠢᠨ ᠣᠷᠣᠨ ᠤ ᠬᠢᠨ ᠨᠡᠶᠢᠲᠡ 38.9 | ᠲᠦᠮᠡᠨ ᠬᠥᠮᠦᠨ ᠤᠳᠠᠭ᠎ᠠ ᠵᠤᠭᠠᠴᠠᠭᠰᠠᠳ ᠢ ᠬᠦᠯᠢᠶᠡᠨ ᠠᠪᠴᠤ᠂ ᠡᠭᠦᠨ ᠳᠤ ᠰᠤᠳᠤᠯᠤᠨ ᠰᠤᠷᠤᠯᠴᠠᠬᠤ | ᠵᠢᠭᠤᠯᠴᠢᠯᠠᠯ ᠤᠨ ᠬᠥᠮᠦᠨ ᠤ ᠲᠤᠭ᠎ᠠ 26% ᠳᠤ ᠬᠦᠷᠴᠡᠢ᠃ | ᠲᠦᠷᠪᠡ ᠳᠤ᠂ ᠤᠬᠠᠭᠤᠯᠭ᠎ᠠ ᠶᠢᠨ ᠡᠵᠡᠩᠨᠡᠨ ᠪᠣᠷᠣᠯᠠᠭᠤᠯᠬᠤ ᠫᠠᠶᠢᠰᠠ ᠶᠢ ᠰᠠᠶᠢᠲᠤᠷ ᠲᠠᠯᠪᠢᠵᠤ᠂ ᠰᠣᠶᠣᠯ | ᠵᠢᠭᠤᠯᠴᠢᠯᠠᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠢ ︽ᠬᠥᠭᠵᠢᠶᠡᠨᠲᠡᠢ︾ ᠪᠤᠯᠭᠠᠪᠠ᠃ ︽ᠶᠤᠸᠠᠢ ᠰᠢᠶᠠᠩ ᠴᠢᠩᠱᠠᠨ︾ | ᠸᠢᠴᠠᠲ ᠤᠨ ᠵᠢᠵᠢᠭ ᠫᠷᠤᠭ᠍ᠷᠠᠮ ᠢᠶᠠᠷ ᠳᠠᠮᠵᠢᠭᠤᠯᠤᠨ᠂ ᠴᠢᠩᠱᠠᠨ ᠲᠣᠭᠤᠷᠢᠭ ᠤᠨ ᠬᠠᠯᠠᠭᠤᠨ ᠬᠦᠢᠲᠡᠨ ᠦᠵᠡᠮᠵᠢ ᠶᠢᠨ | ᠣᠷᠣᠨ᠂ ᠰᠦᠯᠵᠢᠶᠡᠨ ᠳᠡᠭᠡᠷ᠎ᠡ ᠺᠠᠷᠲ ᠴᠣᠬᠢᠬᠤ ᠴᠡᠭ᠂ ᠰᠣᠳᠣᠨ ᠵᠢᠭᠤᠯᠴᠢᠯᠠᠯ ᠤᠨ ᠵᠠᠮ ᠱᠤᠭᠤᠮ᠂ ᠪᠣᠳᠠᠰ ᠤᠨ ᠪᠤᠰᠤ | ᠰᠣᠶᠣᠯ ᠤᠨ ᠥᠪ ᠤᠨ ᠰᠣᠶᠣᠯ᠂ ᠣᠨᠴᠠᠯᠢᠭᠲᠤ ᠠᠮᠲᠠᠲᠤ ᠢᠳᠡᠭᠡᠨ᠂ ᠪᠠᠭᠤᠳᠠᠯ ᠪᠠ ᠬᠠᠪᠰᠤᠷᠤᠭᠴᠢ ᠶᠢᠨ ᠪᠡᠯᠡᠭ ᠢ | ᠰᠦᠯᠵᠢᠶᠡᠨ ᠳᠡᠭᠡᠷ᠎ᠡ ᠤᠬᠠᠭᠤᠯᠤᠨ ᠳᠡᠯᠭᠡᠷᠡᠭᠦᠯᠦᠨ᠎ᠡ᠃ ᠭᠤᠤ ᠯᠧ ᠮᠦ ᠳ᠋ᠧ ᠰᠣᠶᠣᠯ ᠤᠨ ᠵᠠᠭᠤᠴᠢᠯᠠᠭᠤᠷ ᠤᠨ ᠺᠣᠮᠫᠠᠨᠢ᠂ | ᠦᠬᠡᠷ ᠮᠣᠷᠢ ᠬᠤᠨᠢ ᠵᠡᠷᠭᠡ ᠺᠣᠮᠫᠠᠨᠢ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠬᠤᠷᠢᠳᠤᠭᠠᠷ ᠬᠤᠭᠤᠴᠠᠭᠠᠨ ᠤ | ᠳᠤᠮᠳᠠᠳᠤ ᠤᠯᠤᠰ ᠤᠨ ᠣᠯᠠᠨ ᠤᠯᠤᠰ ᠤᠨ ᠰᠣᠶᠣᠯ ᠤᠨ ᠠᠵᠤ ᠦᠢᠯᠡᠰ ᠤᠨ ᠦᠵᠡᠰᠬᠦᠯᠡᠩ ᠤᠨ ᠴᠤᠭᠯᠠᠭᠠᠨ᠂ | 2024 ᠳᠤᠮᠳᠠᠳᠤ ᠤᠯᠤᠰ · ᠪᠤᠭᠤᠲᠤ ᠶᠢᠨ ᠤᠷᠠᠯᠢᠭ ᠤᠨ ᠦᠵᠡᠰᠬᠦᠯᠡᠩ ᠳᠤ ᠣᠷᠣᠯᠴᠠᠭᠤᠯᠵᠤ᠂ ᠣᠯᠠᠨ | ᠤᠯᠤᠰ ᠤᠨ ᠵᠢᠭᠤᠯᠴᠢᠯᠠᠯ ᠤᠨ ᠬᠤᠷᠢᠶ᠎ᠠ᠂ ᠦᠵᠡᠮᠵᠢ ᠶᠢᠨ ᠣᠷᠣᠨ ᠢ ᠵᠣᠬᠢᠶᠠᠨ ᠪᠠᠶᠢᠭᠤᠯᠤᠨ ᠠᠷᠪᠠᠨ ᠳᠣᠯᠣᠳᠤᠭᠠᠷ | ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠨ ᠠᠵᠤ ᠦᠢᠯᠡᠳᠪᠦᠷᠢ ᠬᠤᠳᠠᠯᠳᠤᠭᠠᠨ ᠤ ᠶᠠᠷᠢᠶᠠᠨ ᠤ | ᠲᠠᠪᠴᠠᠩ ᠤᠨ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠬᠤᠪᠢᠶᠠᠷᠢ ᠶᠠᠷᠢᠶᠠᠨ ᠤ ᠲᠠᠪᠴᠠᠩ ᠳᠤ | ᠣᠷᠣᠯᠴᠠᠭᠤᠯᠵᠤ᠂ ᠣᠯᠠᠨ ᠤᠯᠤᠰ ᠤᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠢ ᠬᠤᠯᠪᠣᠵᠤ᠂ ᠤᠯᠤᠰ | ᠠᠯᠤᠰᠯᠠᠭᠰᠠᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠪᠠ᠃ | ᠴᠢᠩᠱᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠷᠠᠭᠠᠨ | ᠳᠠᠪᠲᠠᠮᠵᠢ ᠶᠢᠨ ᠳ᠋ᠤᠭᠠᠷ ᠪᠠ ︽ᠳ᠋ᠦᠩ ᠳ᠋ᠠ ᠱᠠᠨ ᠵᠣᠣ ᠠᠬ᠎ᠠ︾ ᠲᠢᠭ᠋ ᠲᠤᠭ ᠵᠡᠷᠭᠡ ᠣᠯᠠᠨ ᠨᠡᠶᠢᠲᠡ ᠶᠢᠨ ᠨᠣᠮᠧᠷ ᠢ | ᠦᠷᠭᠦᠯᠵᠢᠯᠡᠨ ᠪᠤᠶᠢᠵᠢᠭᠤᠯᠵᠤ᠂ ᠣᠲᠣ ᠪᠣᠯᠲᠠᠯ᠎ᠠ ᠡᠯ᠎ᠡ ᠲᠥᠷᠥᠯ ᠤᠨ ᠤᠬᠠᠭᠤᠯᠭ᠎ᠠ ᠶᠢᠨ ᠸᠢᠳᠢᠣ᠋ ᠶᠢ ᠨᠡᠶᠢᠲᠡ 300 | ᠭᠠᠷᠤᠶ ᠵᠤᠷᠪᠤᠰ ᠨᠡᠶᠢᠲᠡᠯᠡᠪᠡ᠃ ᠪᠤᠭᠤᠲᠤ ᠶᠢᠨ ᠮᠠᠷᠠᠰᠦᠨ᠂ ᠮᠣᠷᠢᠨ ᠮᠡᠷᠭᠡᠵᠢᠯ ᠤᠨ ᠰᠠᠭᠠᠳ ᠳᠠᠪᠠᠭ᠋ᠤ ᠤᠷᠤᠯᠳᠤᠭᠠᠨ᠂ | ITF ᠤᠯᠤᠰ ᠤᠨ ᠡᠷᠡᠭᠲᠡᠢ ᠶᠢᠨ ᠲᠣᠣᠷ ᠪᠥᠮᠪᠦᠭᠡ ᠶᠢᠨ ᠲᠣᠭᠤᠷᠢᠨ ᠦᠵᠡᠬᠦ ᠤᠷᠤᠯᠳᠤᠭᠠᠨ ᠵᠡᠷᠭᠡ ᠣᠯᠠᠨ | ᠤᠯᠤᠰ ᠤᠨ ᠪᠠ ᠤᠯᠤᠰ ᠤᠨ ᠳᠣᠲᠣᠭᠠᠳᠤ ᠶᠢᠨ ᠤᠷᠤᠯᠳᠤᠭᠤᠨ ᠳᠤ ᠲᠦᠰᠢᠭᠯᠡᠨ᠂ ᠴᠢᠩᠱᠠᠨ ᠲᠣᠭᠤᠷᠢᠭ ᠤᠨ | ᠣᠨᠴᠠᠯᠢᠭᠲᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠤᠬᠠᠭᠤᠯᠵᠤ᠂ ᠤᠷᠤᠯᠳᠤᠭᠠᠨ ᠤ ᠬᠡᠮᠵᠢᠶ᠎ᠡ ᠶᠢ | ᠬᠡᠷᠡᠭᠯᠡᠭᠡᠨ ᠤ ᠨᠡᠮᠡᠭᠳᠡᠯ ᠪᠣᠯᠭᠠᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ | | | |