ᠴᠢᠩᠱᠠᠨ ᠲᠣᠭᠤᠷᠢᠭ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠪᠦᠷᠢᠯᠳᠦᠬᠦᠨ ᠨᠢᠭᠡᠴᠡ ᠶᠢᠨ ᠠᠵᠢᠯ ᠢ ᠵᠣᠬᠢᠴᠠᠭᠤᠯᠬᠤ ᠬᠤᠷᠠᠯ ᠵᠢᠴᠢ ᠲᠣᠭᠤᠷᠢᠭ ᠤᠨ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/29
      ᠣᠶᠢᠷ᠎ᠠ ᠳᠤ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠠᠯᠪᠠᠨ ᠭᠡᠷ ᠲᠣᠭᠤᠷᠢᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠪᠦᠷᠢᠯᠳᠦᠬᠦᠨ ᠨᠢᠭᠡᠴᠡ ᠶᠢᠨ ᠠᠵᠢᠯ ᠢ ᠵᠣᠬᠢᠴᠠᠭᠤᠯᠬᠤ ᠬᠤᠷᠠᠯ ᠵᠢᠴᠢ ᠲᠣᠭᠤᠷᠢᠭ ᠤᠨ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ᠂ ᠲᠣᠭᠤᠷᠢᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠳᠡᠳ᠋ ᠡᠷᠬᠢᠯᠡᠭᠴᠢ ᠵᠣᠣ ᠵᠢᠶᠠᠨ ᠭᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠲᠣᠭᠤᠷᠢᠭ ᠤᠨ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠬᠦᠨ ᠨᠢᠭᠡᠴᠡ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠬᠤᠷᠠᠯ ᠠᠴᠠ ᠲᠥᠪ ᠤᠨ ᠬᠢᠨᠠᠨ ᠪᠤᠳᠤᠬᠤ ᠵᠥᠪᠯᠡᠯ ᠤᠨ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ᠂ ᠾᠦᠸᠧ ᠵᠣᠣ ᠯᠢᠶᠠᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠵᠢᠴᠢ ︽ᠲᠥᠪ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠬᠡᠷ ᠤᠨ 2023 ᠣᠨ ᠤ ᠠᠵᠢᠯ ᠤᠨ ᠳ᠋ᠦᠩᠨᠡᠯᠲᠡ ᠵᠢᠴᠢ 2024 ᠣᠨ ᠤ ᠠᠵᠢᠯ ᠤᠨ ᠰᠠᠨᠠᠭᠤᠯᠭ᠎ᠠ︾ ᠶᠢ ᠤᠯᠠᠮᠵᠢᠯᠠᠨ ᠰᠤᠷᠤᠯᠴᠠᠵᠤ᠂ 2023 ᠣᠨ ᠤ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ 2024 ᠣᠨ ᠤ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠭᠤᠤᠯᠳᠠᠯᠭ᠎ᠠ ᠶᠢ ᠵᠠᠷᠯᠠᠨ ᠮᠡᠳᠡᠭᠳᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠶᠡᠷᠦᠩᠬᠡᠢ ᠰᠠᠶᠢᠳ ᠯᠢ ᠴᠢᠶᠠᠩ  ᠤᠨ ᠱᠠᠭᠠᠷᠳᠠᠯᠭ᠎ᠠ ᠨᠢ᠂ ᠬᠢᠨᠠᠨ ᠪᠤᠳᠤᠬᠤ ᠠᠵᠢᠯ ᠢ ᠴᠢᠨᠠᠭᠰᠢᠳᠠ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ᠂ ᠴᠢᠬᠤᠯᠠ ᠵᠢᠷᠤᠮᠯᠠᠯ ᠬᠠᠩᠭᠠᠵᠠᠢ᠃ ᠶᠡᠷᠦᠩᠬᠡᠢ ᠱᠦᠵᠢ ᠰᠢ ᠶᠢᠨ ᠫᠢᠩ ᠤᠨ ᠤᠳᠠᠭ᠎ᠠ ᠪᠦᠷᠢ ᠶᠢᠨ ᠲᠥᠪ ᠤᠨ ᠬᠢᠨᠠᠨ ᠪᠤᠳᠤᠬᠤ ᠵᠥᠪᠯᠡᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠨᠡᠪᠲᠡᠷᠡᠭᠦᠯᠵᠦ᠂ ᠪᠦᠬᠦ ᠲᠠᠯ᠎ᠠ ᠪᠠᠷ ᠰᠤᠷᠤᠯᠴᠠᠨ ᠣᠶᠢᠯᠠᠭᠠᠵᠤ᠂ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠨ ᠤ ᠬᠠᠮᠲᠤ᠂ ᠲᠥᠪ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠬᠠᠮᠲᠤᠷᠠᠭᠰᠠᠨ ᠬᠤᠷᠠᠯ ᠵᠢᠴᠢ ᠲᠢᠩᠬᠢᠮ ᠤᠨ ᠳᠠᠷᠤᠭ᠎ᠠ ᠾᠦᠸᠧ ᠵᠣᠣ ᠯᠢᠶᠠᠩ ᠶᠠᠷᠢᠶᠠᠨ ᠤ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠪᠥᠬᠦ ᠲᠤᠭᠤᠷᠢᠭ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠪᠥᠬᠦ ᠵᠢᠯ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠭᠡᠵᠦ ᠵᠢᠭᠠᠨ ᠭᠠᠷᠭᠠᠪᠠ᠃      ᠬᠤᠷᠠᠯ ᠠᠴᠠ᠂ ᠡᠯ᠎ᠡ ᠪᠦᠷᠢᠯᠳᠦᠬᠦᠨ ᠨᠢᠭᠡᠴᠡ ᠶᠢᠨ ᠬᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠪᠦᠷᠢᠯᠳᠦᠬᠦᠨ ᠨᠢᠭᠡᠴᠡ ᠶᠢᠨ ᠡᠬᠢ ᠪᠠᠶᠠᠯᠢᠭ ᠪᠣᠯᠤᠨ ᠳᠠᠪᠠᠭᠤᠯᠢᠭ ᠢ ᠬᠠᠮᠤᠭ ᠤᠨ ᠶᠡᠭᠡ ᠪᠠᠷ ᠬᠤᠷᠠᠮᠳᠤᠭᠤᠯᠬᠤ ᠬᠡᠷᠡᠭᠲᠡᠢ᠃ ᠢᠯᠠᠩᠭᠤᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠣᠬᠢᠶᠠᠨ ᠪᠠᠶᠢᠭᠤᠯᠤᠯᠲᠠ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠴᠠᠭᠳᠠᠨ ᠪᠠᠶᠢᠴᠠᠭᠠᠬᠤ ᠪᠠᠶᠢᠭᠤᠯᠤᠮᠵᠢ ᠯᠤᠭ᠎ᠠ ᠶᠢᠨ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠨᠡᠪᠲᠡᠷᠡᠯᠴᠡᠬᠦ᠂ ᠰᠦᠪᠡᠭᠴᠢ ᠶᠢ ᠰᠢᠯᠵᠢᠭᠦᠯᠦᠨ ᠲᠤᠰᠢᠶᠠᠬᠤ᠂ ᠠᠷᠭ᠎ᠠ ᠬᠡᠮᠵᠢᠶ᠎ᠡ ᠶᠢ ᠬᠠᠮᠵᠢᠯᠴᠠᠭᠤᠯᠬᠤ᠂ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠬᠢᠨᠠᠨ ᠪᠤᠳᠤᠬᠤ ᠪᠠ ᠪᠤᠰᠤᠳ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠬᠠᠮᠵᠢᠯᠴᠠᠬᠤ ᠲᠦᠷᠢᠮ ᠤᠨ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠬᠦ ᠬᠡᠷᠡᠭᠲᠡᠢ᠃ ᠬᠢᠨᠠᠨ ᠪᠤᠳᠤᠬᠤ ᠪᠠᠶᠢᠭᠤᠯᠭ᠎ᠠ ᠨᠢ ᠠᠵᠢᠯ ᠤᠨ ᠵᠣᠬᠢᠴᠠᠭᠤᠯᠬᠤ ᠬᠤᠷᠠᠯ ᠪᠤᠶᠤ ᠬᠠᠮᠲᠤᠷᠠᠭᠰᠠᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠬᠢᠨᠠᠨ ᠪᠤᠳᠤᠬᠤ ᠵᠥᠪᠯᠡᠯ ᠤᠨ ᠪᠦᠷᠢᠯᠳᠦᠬᠦᠨ ᠨᠢᠭᠡᠴᠡ ᠶᠢᠨ ᠠᠵᠢᠯ ᠢ ᠵᠣᠬᠢᠴᠠᠭᠤᠯᠤᠨ ᠠᠬᠢᠭᠤᠯᠬᠤ ᠲᠣᠭᠲᠠᠴᠠ ᠪᠠ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠬᠠᠮᠲᠤᠷᠠᠭᠰᠠᠨ ᠬᠤᠷᠠᠯ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠣᠶ ᠪᠣᠯᠭᠠᠵᠤ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号