ᠴᠢᠩᠱᠠᠨ ᠵᠠᠰᠠᠭ ᠠᠯᠪᠠᠨ ᠲᠠᠷᠬᠠᠭᠠᠭᠰᠠᠨ ︹2024︺ 10 ᠳ᠋ᠤᠭᠠᠷ ᠲᠣᠭᠠᠲᠤ | ᠴᠢᠩᠱᠠᠨ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶ | ᠮᠡᠳᠡᠭᠳᠡᠯ | ᠡᠯ᠎ᠡ ᠬᠤᠯᠪᠣᠭᠳᠠᠯ ᠪᠦᠬᠦᠢ ᠨᠢᠭᠡᠴᠢ᠄ | ︽ᠴᠢᠩᠱᠠᠨ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ᠢ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃ | ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 7 ᠰᠠᠷ᠎ᠠ ᠶᠢᠨ 30 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠴᠢᠩᠱᠠᠨ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶ | 1. ᠶᠡᠷᠦᠩᠬᠡᠶ ᠳᠦᠷᠢᠮ | 1.1 ᠨᠡᠶᠢᠷᠡᠭᠤᠯᠥᠨ ᠵᠤᠬᠢᠶ᠋ᠬᠠᠰᠠᠨ ᠵᠣᠷᠢᠯᠭ᠎ᠠ | ᠬᠦᠨᠳᠦ ᠪᠣᠬᠢᠷᠲᠤᠯ ᠲᠠᠢ ᠴᠠᠭ ᠠᠭᠤᠷ ᠢ ᠤᠷᠢᠳᠴᠢᠯᠠᠨ ᠰᠡᠷᠭᠡᠶᠢᠯᠡᠬᠦ᠂ ᠤᠷᠢᠳᠴᠢᠯᠠᠨ ᠰᠡᠷᠡᠮᠵᠢᠯᠡᠬᠦ ᠪᠠ | ᠠᠷᠭᠠᠴᠠᠬᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠢᠩᠱᠠᠨ ᠲᠣᠭᠤᠷᠢᠭ ᠤᠨ ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠦᠰᠦᠯ ᠤᠨ ᠲᠣᠭᠲᠠᠴᠠ ᠶᠢ ᠲᠡᠭᠦᠯᠳᠡᠷᠵᠢᠭᠦᠯᠵᠦ᠂ | ᠪᠠᠴᠢᠮ ᠪᠠᠶᠢᠳᠠᠯ ᠢ ᠠᠷᠭᠠᠴᠠᠬᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ | ᠪᠠᠬᠢᠵᠢᠭᠦᠯᠵᠦ᠂ ᠣᠷᠣᠨ ᠪᠦᠰᠡ ᠪᠠ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠬᠤᠯᠪᠣᠭᠠᠯᠠᠨ | ᠬᠥᠳᠡᠯᠦᠯᠴᠡᠬᠦ ᠶᠢ ᠴᠢᠩᠭᠠᠳᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠠᠷᠠᠳ ᠲᠦᠮᠡᠨ ᠤ ᠦᠢᠯᠡᠳᠪᠦᠷᠢᠯᠡᠯ | ᠠᠮᠢᠳᠤᠷᠠᠯ ᠳᠤ ᠦᠵᠡᠭᠦᠯᠬᠦ ᠨᠥᠯᠥᠭᠡ ᠶᠢ ᠪᠠᠭᠠᠰᠬᠠᠵᠤ᠂ ᠣᠷᠴᠢᠨ ᠲᠣᠭᠤᠷᠢᠨ ᠤ ᠠᠮᠤᠷ ᠲᠦᠪᠰᠢᠨ ᠪᠠ ᠠᠷᠠᠳ | ᠣᠯᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠶᠢᠨ ᠲᠤᠰᠠᠳᠠ᠂ ᠲᠣᠰ ᠪᠡᠯᠡᠳᠬᠡᠯ ᠲᠥᠰᠦᠯ ᠢ | ᠣᠨᠴᠠᠭᠠᠶᠢᠯᠠᠨ ᠲᠣᠭᠲᠠᠭᠠᠪᠠ᠃ | 1.2 ᠨᠡᠶᠢᠷᠡᠭᠤᠯᠥᠨ ᠵᠤᠬᠢᠶ᠋ᠬᠠᠰᠠᠨ ᠦᠨᠳᠦᠰᠦᠯᠡᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ | ︵2014 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ | ᠵᠠᠰᠠᠬᠤ ᠬᠠᠤᠯᠢ ︵2018 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ | ︵2007 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ | ︽ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ | ᠵᠠᠰᠠᠪᠤᠷᠢ ᠣᠷᠣᠭᠤᠯᠬᠤ ᠠᠵᠢᠯ ᠢ ᠲᠦᠯᠬᠢᠨ ᠠᠬᠢᠭᠤᠯᠬᠤ ᠲᠤᠬᠠᠶ ᠠᠮᠢ ᠠᠬᠤᠶ ᠶᠢᠨ ᠣᠷᠴᠢᠨ ᠲᠣᠭᠤᠷᠢᠨ ᠤ | ᠶᠠᠮᠤᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠣᠷᠴᠢᠨ ᠲᠣᠭᠤᠷᠢᠨ ᠤ ᠠᠯᠪᠠᠨ ᠭᠡᠷ ᠤᠨ ᠠᠭᠠᠷ | ᠮᠠᠨᠳᠠᠯ ᠤᠨ ᠵᠠᠬᠢᠳᠠᠯ 2018︺ 875 ᠳ᠋ᠤᠭᠠᠷ ᠲᠣᠭᠠᠲᠤ︶ | ︽ᠬᠦᠨᠳᠦ ᠪᠣᠬᠢᠷᠲᠤᠯ ᠲᠠᠢ ᠴᠠᠭ ᠠᠭᠤᠷ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠪᠠᠴᠢᠮ ᠪᠠᠶᠢᠳᠠᠯ ᠢ | ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠲᠣᠭᠲᠠᠭᠠᠬᠤ | ᠮᠡᠷᠭᠡᠵᠢᠯ ᠤᠨ ᠵᠦᠭᠯᠡᠭᠦᠷ ︵2020 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ︵ᠣᠷᠴᠢᠨ ᠲᠣᠭᠤᠷᠢᠨ ᠤ | ᠠᠯᠪᠠᠨ ᠬᠡᠷ ᠤᠨ ᠠᠭᠠᠷ ᠮᠠᠨᠳᠠᠯ ᠤᠨ ᠵᠠᠬᠢᠳᠠᠯ ﹇2020﹈ 340 ᠳ᠋ᠤᠭᠡᠷ ᠲᠣᠭᠠᠲᠤ︶ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ | ᠵᠠᠰᠠᠬᠤ ᠲᠦᠷᠢᠮ ︵2018 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ | ︽ᠪᠤᠭᠤᠲᠤ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ | ︽ᠪᠤᠭᠤᠲᠤ ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ ︵2018 ᠣᠨ ᠤ | ᠵᠠᠰᠠᠪᠤᠷᠢ ᠣᠷᠣᠭᠤᠯᠤᠭᠰᠠᠨ ᠬᠡᠪᠯᠡᠯ︶︾ | 1.3 ᠬᠡᠷᠡᠭᠯᠡᠬᠦ ᠬᠡᠪᠴᠢᠶ᠎ᠡ | ᠲᠣᠰ ᠪᠡᠯᠡᠳᠬᠡᠯ ᠲᠥᠰᠦᠯ ᠨᠢ ᠴᠢᠩᠱᠠᠨ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠳᠤ ᠲᠣᠬᠢᠷᠠᠨ᠎ᠠ᠂ ᠡᠯᠡᠰᠦᠨ | ᠰᠢᠭᠤᠷᠭ᠎ᠠ᠂ ᠭᠠᠯ ᠤᠨ ᠠᠶᠤᠯ ᠵᠡᠷᠭᠡ ᠡᠰᠡᠷᠭᠦᠴᠡᠰᠢ ᠦᠭᠡᠢ ᠬᠦᠴᠦᠨ ᠠᠴᠠ ᠪᠣᠯᠤᠭᠰᠠᠨ ᠬᠦᠨᠳᠦ ᠪᠣᠬᠢᠷᠲᠤᠯ ᠲᠠᠢ | ᠴᠠᠭ ᠠᠭᠤᠷ ᠢ ᠲᠣᠰ ᠪᠡᠯᠡᠳᠬᠡᠯ ᠲᠥᠰᠦᠯ ᠤᠨ ᠬᠡᠪᠴᠢᠶᠡᠨ ᠳᠤ ᠣᠷᠣᠭᠤᠯᠬᠤ ᠦᠭᠡᠢ᠃ | 1.4 ᠪᠡᠯᠡᠳᠬᠡᠯ ᠲᠥᠰᠦᠯ ᠤᠨ ᠰᠢᠰᠲ᠋ᠧᠮᠵᠢ | ᠲᠣᠰ ᠪᠡᠯᠡᠳᠬᠡᠯ ᠲᠥᠰᠦᠯ ᠪᠣᠯ ᠴᠢᠩᠱᠠᠨ ᠲᠣᠭᠤᠷᠢᠭ ᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮ ᠳᠠᠬᠢ ᠲᠤᠰᠬᠠᠶ ᠪᠡᠯᠡᠳᠬᠡᠯ ᠲᠥᠰᠦᠯ | ᠪᠣᠯᠤᠨ᠎ᠠ᠃ ᠡᠭᠦᠨ ᠳᠤ ᠲᠤᠭᠤᠷᠢᠭ ᠤᠨ ᠲᠣᠰ ᠱᠠᠲᠤᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠠᠭᠲᠠᠭᠠᠵᠤ᠂ ᠡᠯ᠎ᠡ ᠵᠡᠭᠡᠯᠢ ᠭᠤᠳᠤᠮᠵᠢ᠂ ᠪᠠᠯᠭᠠᠰᠤ᠂ ᠪᠤᠭᠤᠲᠤ ᠶᠢᠨ | ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠲᠤᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠦᠨᠳᠦ ᠪᠣᠬᠢᠷᠲᠤᠯ ᠲᠠᠢ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠳᠤ ᠲᠤᠰᠬᠠᠶ ᠬᠡᠷᠡᠭᠵᠢᠭᠦᠯᠬᠦ ᠲᠥᠰᠦᠯ ᠢ ᠪᠠᠭᠲᠠᠭᠠᠨ᠎ᠠ᠃ ᠲᠤᠭᠤᠷᠢᠭ ᠤᠨ | ᠱᠠᠲᠤᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ | ᠡᠬᠢᠯᠡᠭᠦᠯᠬᠦ ᠦᠶ᠎ᠡ ᠳᠤ᠂ ᠬᠤᠯᠪᠣᠭᠳᠠᠯ ᠪᠦᠬᠦᠢ ᠲᠥᠰᠦᠯ ᠢ ᠬᠠᠮᠲᠤ ᠳᠤᠨᠢ ᠡᠬᠢᠯᠡᠭᠦᠯᠦᠨ᠎ᠡ᠃ | 1.5 ᠠᠵᠢᠯᠯᠠᠬᠤ ᠵᠠᠷᠴᠢᠮ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠦᠰᠦᠯ ᠤᠨ ᠠᠷᠭ᠎ᠠ | ᠬᠡᠮᠵᠢᠶ᠎ᠡ ᠨᠢ ᠠᠷᠠᠳ ᠤᠨ ᠠᠮᠢᠳᠤᠷᠠᠯ ᠪᠠ ᠠᠮᠤᠷ ᠲᠦᠪᠰᠢᠨ ᠢ ᠪᠠᠲᠤᠯᠠᠬᠤ ᠪᠠᠷ ᠤᠷᠢᠲᠠᠯ ᠪᠣᠯᠭᠠᠵᠤ᠂ ᠬᠤᠲᠠ ᠶᠢᠨ | ᠬᠡᠪ ᠤᠨ ᠠᠵᠢᠯᠯᠠᠭᠠᠨ ᠢ ᠨᠥᠯᠥᠭᠡᠯᠡᠬᠦ ᠬᠡᠮᠵᠢᠶ᠎ᠡ ᠶᠢ ᠠᠯᠢ ᠴᠢᠳᠠᠬᠤ ᠪᠠᠷ ᠪᠠᠭᠠᠰᠬᠠᠬᠤ ᠰᠠᠭᠤᠷᠢᠨ ᠳᠡᠭᠡᠷ᠎ᠡ᠂ ᠲᠥᠷᠥᠯ | ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠠᠮᠤᠭ ᠤᠨ | ᠶᠡᠭᠡ ᠬᠡᠮᠵᠢᠶ᠎ᠡ ᠪᠠᠷ ᠪᠠᠭᠠᠰᠬᠠᠵᠤ᠂ ᠣᠯᠠᠨ ᠨᠡᠶᠢᠲᠡ ᠶᠢᠨ ᠡᠷᠡᠭᠦᠯ ᠮᠡᠨᠳᠦ ᠶᠢ ᠪᠠᠲᠤᠯᠠᠨ᠎ᠠ᠃ | ᠬᠥᠮᠦᠨ ᠢᠶᠠᠷ ᠦᠨᠳᠦᠰᠦ ᠪᠣᠯᠭᠠᠵᠤ᠂ ᠰᠡᠷᠭᠡᠶᠢᠯᠡᠬᠦ ᠪᠠᠷ ᠭᠤᠤᠯ ᠪᠤᠯᠭᠠᠨ᠎ᠠ᠃ ᠨᠡᠶᠢᠲᠡ ᠣᠯᠠᠨ ᠤ ᠪᠡᠶ᠎ᠡ | ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠶᠠᠪᠤᠳᠠᠯ ᠢ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ | ᠠᠵᠢᠯ ᠤᠨ ᠡᠭᠦᠰᠦᠯᠲᠡ ᠪᠣᠯᠭᠠᠵᠤ᠂ ᠲᠥᠰᠦᠭᠡᠯᠡᠵᠦ ᠰᠡᠷᠡᠮᠵᠢᠯᠡᠬᠦ ᠶᠢ ᠴᠢᠩᠭᠠᠳᠬᠠᠨ᠂ ᠪᠠᠴᠢᠮ ᠪᠠᠶᠢᠳᠠᠯ ᠢ | ᠠᠷᠭᠠᠴᠠᠬᠤ ᠲᠦᠰᠦᠯ ᠤᠨ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠦᠢᠯᠡᠳᠦᠯ ᠢ ᠦᠨᠡᠨᠬᠦ ᠪᠠᠳᠠᠷᠠᠭᠤᠯᠤᠨ᠂ ᠬᠦᠨᠳᠦ ᠪᠣᠬᠢᠷᠲᠤᠯ ᠲᠠᠢ ᠴᠠᠭ | ᠠᠭᠤᠷ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃ | ᠴᠠᠭ ᠲᠤᠬᠠᠢ ᠳᠤᠨᠢ ᠤᠷᠢᠳᠴᠢᠯᠠᠨ ᠰᠡᠷᠡᠮᠵᠢᠯᠡᠵᠦ᠂ ᠪᠦᠲᠦᠮᠵᠢᠲᠡᠢ ᠲᠦᠰᠦᠭᠡᠯᠡᠨ᠎ᠡ᠃ ᠠᠭᠠᠷ ᠮᠠᠨᠳᠠᠯ ᠤᠨ | ᠪᠣᠬᠢᠷᠲᠤᠯ ᠤᠨ ᠡᠬᠢ ᠶᠢ ᠬᠢᠨᠠᠨ ᠡᠵᠡᠮᠳᠡᠬᠦ ᠪᠠᠨ ᠴᠢᠩᠭᠠᠷᠠᠭᠤᠯᠵᠤ᠂ ᠰᠡᠷᠡᠮᠵᠢᠯᠡᠬᠦ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠨ᠂ ᠬᠠᠮᠵᠢᠯᠴᠠᠬᠤ ᠰᠡᠷᠡᠮᠵᠢᠯᠡᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠰᠡᠷᠡᠮᠵᠢᠯᠡᠬᠦ | ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ | ᠡᠬᠢᠯᠡᠭᠦᠯᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ | ᠪᠠᠭᠠᠰᠬᠠᠨ᠎ᠠ᠃ | ᠱᠠᠲᠤ ᠬᠤᠪᠢᠶᠠᠨ ᠬᠠᠮᠢᠶᠠᠷᠴᠤ᠂ ᠪᠣᠬᠢᠷᠲᠤᠯ ᠪᠣᠳᠠᠰ ᠭᠠᠳᠠᠭᠱᠢᠯᠠᠭᠤᠯᠬᠤ ᠬᠡᠮᠵᠢᠶ᠎ᠡ ᠶᠢ ᠣᠨᠣᠪᠴᠢᠲᠠᠢ | ᠪᠠᠭᠠᠰᠬᠠᠨ᠎ᠠ᠃ ᠭᠤᠣᠯᠳᠠᠯᠭ᠎ᠠ ᠲᠠᠢ ᠠᠵᠢᠯ ᠲᠦᠷᠦᠯ ᠤᠨ ᠠᠮᠵᠢᠯᠲᠠ ᠪᠦᠲᠦᠮᠵᠢ ᠶᠢ ᠳᠡᠰ ᠬᠤᠪᠢᠶᠠᠨ ᠬᠡᠷᠡᠭᠵᠢᠭᠦᠯᠵᠦ᠂ | ᠪᠠᠴᠢᠮ ᠪᠠᠶᠢᠳᠠᠯ ᠢ ᠠᠷᠭᠠᠴᠠᠬᠤ ᠭᠠᠳᠠᠭᠰᠢᠯᠠᠭᠤᠯᠤᠯᠲᠠ ᠶᠢ ᠪᠠᠭᠠᠰᠬᠠᠬᠤ ᠵᠥᠷᠢᠶᠡᠴᠢᠯᠡᠭᠰᠡᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠤᠨ ︽ᠨᠢᠭᠡ ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ︾ ᠬᠡᠷᠡᠭᠵᠢᠭᠦᠯᠬᠦ | ᠲᠥᠰᠦᠯ ᠢ ᠨᠠᠷᠢᠯᠢᠭᠵᠢᠭᠤᠯᠵᠤ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ | ︽ᠬᠡᠷᠡᠭᠵᠢᠭᠦᠯᠵᠦ ᠪᠣᠯᠬᠤ᠂ ᠬᠢᠨᠠᠨ ᠬᠡᠮᠵᠢᠵᠦ ᠪᠣᠯᠬᠤ᠂ ᠬᠢᠨᠠᠨ ᠪᠠᠶᠢᠴᠠᠭᠠᠵᠤ ᠪᠣᠯᠬᠤ︾ ᠶᠢ ᠪᠡᠶᠡᠯᠡᠭᠦᠯᠦᠨ᠎ᠡ᠃ | ᠬᠠᠷᠢᠶᠠᠲᠤ ᠣᠷᠣᠨ ᠬᠠᠷᠢᠭᠤᠴᠠᠵᠤ᠂ ᠣᠷᠣᠨ ᠪᠦᠰᠡ ᠶᠢ ᠨᠢᠭᠡᠳᠦᠯᠲᠡᠶ ᠲᠥᠯᠥᠪᠯᠡᠨ᠎ᠡ᠃ ᠲᠣᠭᠤᠷᠢᠭ ᠤᠨ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠨᠢ ᠡᠯ᠎ᠡ | ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠡᠯ᠎ᠡ ᠵᠡᠭᠡᠯᠢ ᠭᠤᠳᠤᠮᠵᠢ᠂ ᠪᠠᠯᠭᠠᠰᠤ᠂ ᠪᠤᠭᠤᠲᠤ ᠶᠢᠨ | ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ | ᠠᠵᠢᠯ ᠢ ᠪᠣᠳᠠᠲᠠᠶ ᠬᠠᠷᠢᠭᠤᠴᠠᠵᠤ᠂ ᠪᠦᠷᠢᠯᠳᠦᠬᠦᠨ ᠨᠢᠭᠡᠴᠡ ᠨᠦᠭᠦᠳ ᠲᠣᠰ ᠲᠣᠰ ᠤᠨ ᠡᠭᠦᠷᠭᠡ ᠲᠤᠰᠢᠶᠠᠯ ᠢᠶᠠᠨ | ᠭᠦᠢᠴᠡᠳᠬᠡᠵᠦ᠂ ᠬᠠᠷᠢᠯᠴᠠᠨ ᠬᠠᠮᠵᠢᠯᠴᠠᠵᠤ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠦᠢᠯᠡᠳᠦᠯ ᠢᠶᠠᠨ | ᠭᠦᠢᠴᠡᠳ ᠪᠠᠳᠠᠷᠠᠭᠤᠯᠤᠨ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠨᠡᠶᠢᠯᠡᠮᠡᠯ ᠬᠦᠴᠦᠨ ᠢ ᠪᠣᠶ | ᠪᠤᠯᠭᠠᠨ᠎ᠠ᠃ | ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ᠂ ᠠᠵᠢᠯ ᠤᠨ ᠬᠤᠪᠢᠶᠠᠷᠢᠯᠠᠯ ᠢ ᠲᠤᠲᠤᠷᠬᠠᠶᠢᠯᠠᠨ᠎ᠠ᠃ ᠡᠯ᠎ᠡ | ᠪᠦᠷᠢᠯᠳᠦᠬᠦᠨ ᠨᠢᠭᠡᠴᠡ ᠨᠦᠭᠦᠳ ᠵᠣᠬᠢᠴᠠᠭᠤᠯᠤᠨ ᠬᠠᠮᠲᠤᠷᠠᠨ ᠬᠥᠳᠡᠯᠦᠯᠴᠡᠵᠦ᠂ ᠮᠡᠳᠡᠭᠡ ᠵᠠᠩᠭᠢ ᠶᠢ ᠬᠠᠮᠲᠤᠪᠠᠷ | ᠡᠳ᠋ᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠣᠰ ᠲᠣᠰ ᠤᠨ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠤᠨ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠷᠭ᠎ᠠ ᠬᠡᠮᠵᠢᠶ᠎ᠡ ᠶᠢ ᠴᠢᠩᠭ᠎ᠠ | ᠨᠠᠶᠢᠲᠠᠪᠦᠷᠢᠵᠢᠭᠤᠯᠤᠨ᠎ᠠ᠃ | 2. ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ | 2.1 ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ | ᠴᠢᠩᠱᠠᠨ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ︵ᠳᠣᠷᠣᠭᠰᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠭᠡᠵᠦ | ᠲᠣᠪᠴᠢᠯᠠᠨ᠎ᠠ︶ ᠢ ᠪᠠᠶᠢᠭᠤᠯᠵᠤ᠂ ᠪᠦᠬᠦ ᠲᠤᠭᠤᠷᠢᠭ ᠤᠨᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠠᠵᠢᠯ ᠢ ᠨᠢᠭᠡᠳᠦᠯᠲᠡᠶ ᠤᠳᠤᠷᠢᠳᠤᠨ ᠵᠢᠯᠣᠭᠤᠳᠤᠨ᠎ᠠ᠃ ᠶᠡᠷᠦᠩᠬᠡᠶ ᠵᠢᠯᠤᠭᠤᠳᠤᠭᠴᠢ ᠶᠢᠨ ᠲᠤᠰᠢᠶᠠᠯ ᠢ ᠲᠣᠭᠤᠷᠢᠭ ᠤᠨ | ᠳᠠᠷᠤᠭ᠎ᠠ ᠡᠭᠦᠷᠭᠡᠯᠡᠵᠦ᠂ ᠶᠡᠷᠦᠩᠬᠡᠶ ᠳᠡᠳ᠋ ᠵᠢᠯᠤᠭᠤᠳᠤᠭᠴᠢ ᠶᠢᠨ ᠲᠤᠰᠢᠶᠠᠯ ᠢ ᠠᠮᠢ ᠠᠬᠤᠶ ᠣᠷᠴᠢᠨ ᠲᠣᠭᠤᠷᠢᠨ ᠤ | ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠳᠠᠷᠤᠭ᠎ᠠ ᠡᠭᠦᠷᠭᠡᠯᠡᠵᠦ᠂ ᠪᠦᠷᠢᠯᠳᠦᠬᠦᠨ ᠢ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠭᠤᠤᠯ ᠬᠠᠷᠢᠭᠤᠴᠠᠯᠭᠠᠲᠠᠨ ᠡᠭᠦᠷᠭᠡᠯᠡᠨ᠎ᠡ᠃ | 2.2 ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠤᠨ ᠠᠯᠪᠠᠨ ᠭᠡᠷ | ᠲᠤᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ | ᠭᠠᠵᠠᠷ ᠤᠨ ᠠᠯᠪᠠᠨ ᠭᠡᠷ ᠢ ᠪᠤᠭᠤᠲᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠴᠢᠩᠱᠠᠨ | ᠲᠣᠭᠤᠷᠢᠭ ᠤᠨ ᠬᠤᠪᠢᠶᠠᠷᠢ ᠲᠣᠪᠴᠢᠶ᠎ᠠ ᠳᠤ ᠪᠠᠶᠢᠭᠤᠯᠵᠤ᠂ ᠡᠷᠬᠢᠯᠡᠭᠴᠢ ᠶᠢᠨ ᠲᠤᠰᠢᠶᠠᠯ ᠢ ᠠᠮᠢ ᠠᠬᠤᠶ ᠣᠷᠴᠢᠨ | ᠲᠣᠭᠤᠷᠢᠨ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠳᠠᠷᠤᠭ᠎ᠠ ᠬᠠᠪᠰᠤᠷᠭᠠᠨ ᠬᠠᠷᠢᠭᠤᠴᠠᠵᠤ᠂ ᠳᠡᠳ᠋ | ᠡᠷᠬᠢᠯᠡᠭᠴᠢ ᠶᠢᠨ ᠲᠤᠰᠢᠶᠠᠯ ᠢ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠬᠠᠷᠢᠭᠤᠴᠠᠯᠭᠠᠲᠠᠨ᠂ | ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠳᠠᠷᠤᠭ᠎ᠠ ᠡᠭᠦᠷᠭᠡᠯᠡᠨ᠎ᠡ᠃ ᠲᠤᠭᠤᠷᠢᠭ ᠤᠨ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠲᠣᠭᠲᠠᠭᠠᠯ ᠢ | ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠬᠦᠨᠳᠦ ᠪᠣᠬᠢᠷᠲᠤᠯ ᠲᠠᠢ ᠴᠠᠭ ᠠᠭᠤᠷ ᠤᠨ | ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠬᠦ ᠪᠠ ᠳᠡᠭᠡᠭᠰᠢ ᠮᠡᠳᠡᠭᠦᠯᠬᠦ ᠶᠢ ᠵᠣᠬᠢᠶᠠᠨ ᠪᠠᠶᠢᠭᠤᠯᠤᠨ᠎ᠠ︔ ᠡᠯ᠎ᠡ | ᠪᠦᠷᠢᠯᠳᠦᠬᠦᠨ ᠨᠢᠭᠡᠴᠢ ᠶᠢ ᠱᠠᠯᠠᠪᠳᠠᠭᠤᠯᠤᠨ ᠵᠢᠯᠣᠭᠤᠳᠴᠤ ᠪᠠᠶᠢᠭᠠᠳ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ︔ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠳᠤ | ᠵᠠᠳᠠᠯᠤᠯᠲᠠ ᠬᠢᠵᠦ ᠳ᠋ᠦᠩᠨᠡᠬᠦ ᠶᠢ ᠵᠣᠬᠢᠶᠠᠨ ᠪᠠᠶᠢᠭᠤᠯᠤᠨ᠎ᠠ︔ ᠡᠯ᠎ᠡ ᠪᠦᠷᠢᠯᠳᠦᠬᠦᠨ ᠨᠢᠭᠡᠴᠢ ᠶᠢᠨ ᠬᠦᠨᠳᠦ | ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠢ ᠵᠢᠯᠣᠭᠤᠳᠤᠨ᠎ᠠ︔ ᠲᠤᠭᠤᠷᠢᠭ ᠤᠨ ᠬᠦᠨᠳᠦ ᠪᠣᠬᠢᠷᠲᠤᠯ ᠲᠠᠢ | ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠲᠤᠰᠢᠶᠠᠭᠰᠠᠨ ᠪᠤᠰᠤᠳ ᠠᠵᠢᠯ ᠢ | ᠡᠭᠦᠷᠭᠡᠯᠡᠨ᠎ᠡ᠃ | 2.3 ᠲᠣᠰᠬᠠᠢ ᠠᠵᠢᠯ | ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ | ᠭᠠᠵᠠᠷ ᠤᠨ ᠠᠯᠪᠠᠨ ᠭᠡᠷ ᠤᠨ ᠳᠣᠣᠷ᠎ᠠ ᠮᠡᠳᠡᠭᠡ ᠵᠠᠩᠭᠢ ᠨᠡᠶᠢᠲᠡᠯᠡᠬᠦ ᠳᠤᠭᠤᠶᠢᠯᠠᠩ ᠵᠢᠴᠢ ᠬᠢᠨᠠᠨ ᠵᠢᠯᠣᠭᠤᠳᠴᠤ | ᠪᠠᠶᠢᠴᠠᠭᠠᠬᠤ ᠳᠤᠭᠤᠶᠢᠯᠠᠩ ᠭᠡᠬᠦ ᠬᠤᠶᠠᠷ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠤᠨ᠎ᠠ᠃ | 2.3.1 ᠮᠡᠳᠡᠭᠡ ᠵᠠᠩᠬᠢ ᠨᠡᠶᠢᠳᠡᠯᠡᠬᠦ ᠲᠣᠭᠤᠶᠢᠯᠠᠩ | ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠤᠭᠤᠷᠢᠭ ᠤᠨ ᠠᠮᠢ ᠠᠬᠤᠶ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ ᠪᠠᠷ ᠪᠦᠷᠢᠯᠳᠦᠨ᠎ᠡ᠃ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠬᠤ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠬᠦ ᠶᠢ ᠬᠠᠷᠢᠭᠤᠴᠠᠵᠤ᠂ | ᠣᠯᠠᠨ ᠨᠡᠶᠢᠲᠡ ᠶᠢᠨ ᠡᠷᠡᠭᠦᠯ ᠮᠡᠨᠳᠦ ᠶᠢ ᠬᠠᠮᠠᠭᠠᠯᠠᠬᠤ᠂ ᠰᠠᠨᠠᠭᠠᠴᠢᠯᠠᠬᠤ ᠴᠢᠨᠠᠷᠲᠠᠶ ᠪᠠ ᠪᠣᠬᠢᠷᠲᠤᠯ ᠢ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ ᠠᠷᠭ᠎ᠠ ᠬᠡᠮᠵᠢᠶ᠎ᠡ ᠶᠢ ᠤᠬᠠᠭᠤᠯᠬᠤ ᠡᠷᠴᠢᠮ ᠢᠶᠠᠨ | ᠴᠢᠩᠭᠠᠷᠠᠭᠤᠯᠤᠨ᠎ᠠ︔ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠲᠠᠢ ᠬᠠᠮᠵᠢᠯᠴᠠᠨ ᠬᠦᠨᠳᠦ ᠪᠣᠬᠢᠷᠲᠤᠯ ᠲᠠᠢ ᠴᠠᠭ ᠠᠭᠤᠷ ᠤᠨ ᠰᠡᠷᠡᠮᠵᠢᠯᠡᠭᠦᠯᠦᠯ ᠢ ᠡᠬᠢᠯᠡᠭᠦᠯᠬᠦ | ︵ᠬᠦᠴᠦᠨ ᠦᠭᠡᠶ ᠪᠣᠯᠭᠠᠬᠤ︶ ᠮᠡᠳᠡᠭᠳᠡᠯ ᠤᠨ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ | 2.3.2 ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠳᠤᠭᠤᠶᠢᠯᠠᠩ | ᠲᠤᠭᠤᠷᠢᠭ ᠤᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠢᠶᠠᠷ ᠲᠦᠷᠦᠭᠦᠯᠡᠭᠦᠯᠦᠨ᠂ | ᠲᠤᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠲᠠᠷᠢᠶᠠᠯᠠᠩ | ᠮᠠᠯ ᠠᠵᠤ ᠠᠬᠤᠶ᠂ ᠬᠤᠲᠠ ᠶᠢᠨ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠤᠨ ᠡᠯ᠎ᠡ ᠪᠦᠷᠢᠯᠳᠦᠬᠦᠨ ᠨᠢᠭᠡᠴᠢ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ᠂ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ᠂ ᠳᠠᠭᠠᠬᠤ ᠵᠡᠷᠭᠡ ᠡᠭᠦᠷᠭᠡ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠠᠵᠢᠯ ᠤᠨ | ᠪᠦᠲᠦᠮᠵᠢᠲᠡᠶ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ | 3. ᠰᠡᠷᠡᠮᠵᠢᠯᠡᠬᠦ | 3.1 ᠰᠡᠷᠡᠮᠵᠢᠯᠡᠬᠦ ᠳᠡᠰ ᠬᠤᠪᠢᠶᠠᠬᠤ | ︽ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠵᠢᠭᠠᠯᠲᠠ ᠲᠤᠭ᠎ᠠ ︵AQI︶ ᠶᠢᠨ ᠮᠡᠷᠭᠡᠵᠢᠯ ᠤᠨ | ᠲᠣᠭᠲᠠᠭᠠᠯ ︵ᠲᠤᠷᠰᠢᠨ ᠬᠡᠷᠡᠭᠵᠢᠭᠦᠯᠬᠦ︶︾ ︵HJ633 - 2012 ᠣᠨ︶ ᠤᠨ ᠲᠠᠰ ᠬᠤᠪᠢᠶᠠᠬᠤ ᠠᠷᠭ᠎ᠠ ᠶᠢ | ᠦᠨᠳᠦᠰᠦᠯᠡᠨ᠂ ᠠᠭᠠᠷ ᠤᠨ ᠶᠠᠰᠤ ᠴᠢᠨᠠᠷ ᠤᠨ ᠲᠤᠬᠠᠶ ᠠᠮᠢ ᠠᠬᠤᠶ ᠶᠢᠨ ᠣᠷᠴᠢᠨ ᠲᠣᠭᠤᠷᠢᠨ ᠤ ᠶᠠᠮᠤᠨ ᠤ | ᠰᠡᠷᠡᠮᠵᠢᠯᠡᠬᠦ ᠲᠠᠰ ᠬᠤᠪᠢᠶᠠᠬᠤ ᠪᠠᠷᠢᠮᠵᠢᠶ᠎ᠠ ᠶᠢᠨ ᠲᠤᠬᠠᠶ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠠᠭᠠᠷ ᠤᠨ | ᠶᠠᠰᠤ ᠴᠢᠨᠠᠷ ᠤᠨ ᠵᠢᠭᠠᠯᠲᠠ ᠲᠤᠭ᠎ᠠ ︵AQI︶ ᠪᠠᠷ ᠨᠢᠭᠡᠳᠦᠯᠲᠡᠶ ᠰᠡᠷᠡᠮᠵᠢᠯᠡᠬᠦ ᠲᠠᠰ ᠬᠤᠪᠢᠶᠠᠬᠤ ᠭᠦᠢᠴᠡᠳᠬᠡᠯ | ᠲᠤᠭ᠎ᠠ ᠪᠣᠯᠭᠠᠵᠤ᠂ 24 ᠴᠠᠭ ︵ᠪᠠᠶᠢᠭᠠᠯᠢ ᠶᠢᠨ ᠡᠳᠦᠷ ᠠᠯᠤᠰᠯᠠᠨ ᠲᠤᠭ᠎ᠠ︶ ᠢᠶᠠᠷ ᠨᠢᠭᠡᠳᠦᠯᠲᠡᠶ ᠰᠡᠷᠡᠮᠵᠢᠯᠡᠵᠦ᠂ | ᠠᠭᠠᠷ ᠤᠨ ᠶᠠᠰᠤ ᠴᠢᠨᠠᠷ ᠢ ᠵᠢᠱᠢᠭᠰᠡᠨ ᠦᠷ᠎ᠡ ᠳ᠋ᠦᠩ᠂ ᠠᠭᠠᠷ ᠤᠨ ᠪᠣᠬᠢᠷᠲᠤᠯ ᠤᠨ ᠬᠡᠮᠵᠢᠶ᠎ᠡ ᠪᠠ ᠦᠷᠭᠦᠯᠵᠢᠯᠡᠬᠦ | ᠴᠠᠭ ᠢ ᠶᠡᠷᠦᠩᠬᠡᠶᠢᠯᠡᠨ ᠪᠣᠳᠣᠯᠬᠢᠯᠠᠵᠤ᠂ ᠠᠭᠠᠷ ᠤᠨ ᠬᠦᠨᠳᠦ ᠪᠣᠬᠢᠷᠲᠤᠯ ᠤᠨ ᠰᠡᠷᠡᠮᠵᠢᠯᠡᠭᠦᠯᠦᠯ ᠢ 3 ᠲᠠᠰ ᠬᠤᠪᠢᠶᠠᠵᠤ᠂ | ᠳᠣᠤᠷ᠎ᠠ ᠲᠠᠰ ᠠᠴᠠ ᠳᠡᠭᠡᠳᠦ ᠲᠠᠰ ᠬᠦᠷᠲᠡᠯ᠎ᠡ ᠲᠣᠰ ᠲᠣᠰ ᠰᠢᠷ᠎ᠠ ︵Ⅲ ᠲᠠᠰ︶᠂ ᠤᠯᠠᠪᠤᠷ ︵Ⅱ ᠲᠠᠰ︶ ᠪᠠ | ᠤᠯᠠᠭᠠᠨ ︵Ⅰᠲᠠᠰ︶ ᠲᠠᠰ ᠢᠶᠠᠷ ᠰᠡᠷᠡᠮᠵᠢᠯᠡᠭᠦᠯᠦᠨ᠎ᠡ᠂ ᠲᠠᠰ ᠬᠤᠪᠢᠶᠠᠬᠤ ᠪᠠᠷᠢᠮᠵᠢᠶ᠎ᠠ ᠨᠢ᠄ | ᠰᠢᠷ᠎ᠠ ᠥᠩᠭᠡ ᠶᠢᠨ ᠰᠡᠷᠡᠮᠵᠢᠯᠡᠭᠦᠯᠦᠯ᠄ ᠲᠥᠰᠦᠭᠡᠯᠡᠭᠰᠡᠨ ᠡᠳᠦᠷ ᠤᠨ AQI ᠶᠢᠨ 200 ᠪᠤᠶᠤ ᠡᠳᠦᠷ ᠤᠨ | AQI ᠶᠢᠨ 150 48 ᠴᠠᠭ ᠠᠴᠠ ᠳᠡᠭᠡᠭᠰᠢ ᠦᠷᠭᠦᠯᠵᠢᠯᠡᠬᠦ ᠪᠥᠭᠡᠳ ᠳᠡᠭᠡᠳᠦ ᠲᠠᠰ ᠤᠨ ᠤᠷᠢᠳᠴᠢᠯᠠᠨ | ᠰᠡᠷᠡᠮᠵᠢᠯᠡᠭᠦᠯᠬᠦ ᠨᠥᠬᠦᠴᠡᠯ ᠳᠤ ᠬᠦᠷᠴᠦ ᠳᠡᠶᠢᠯᠦᠭᠰᠡᠨ ᠥᠬᠡᠶ᠃ | ᠤᠯᠠᠪᠤᠷ ᠥᠩᠭᠡ ᠶᠢᠨ ᠰᠡᠷᠡᠮᠵᠢᠯᠡᠭᠦᠯᠦᠯ᠄ ᠲᠥᠰᠦᠭᠡᠯᠡᠭᠰᠡᠨ ᠡᠳᠦᠷ ᠤᠨ AQI ᠶᠢᠨ 20048 ᠴᠠᠭ | ᠦᠷᠭᠦᠯᠵᠢᠯᠡᠬᠦ ᠪᠤᠶᠤ ᠡᠳᠦᠷ ᠤᠨ AQI ᠶᠢᠨ 150 72 ᠴᠠᠭ ᠵᠢᠴᠢ ᠲᠡᠭᠦᠨ ᠠᠴᠠ ᠳᠡᠭᠡᠭᠰᠢ ᠦᠷᠭᠦᠯᠵᠢᠯᠡᠬᠦ | ᠪᠥᠭᠡᠳ ᠳᠡᠭᠡᠳᠦ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠬᠦᠷᠴᠦ ᠳᠡᠶᠢᠯᠦᠭᠰᠡᠨ ᠥᠬᠡᠶ᠃ | ᠤᠯᠠᠭᠠᠨ ᠥᠩᠭᠡ ᠶᠢᠨ ᠰᠡᠷᠡᠮᠵᠢᠯᠡᠭᠦᠯᠦᠯ᠄ ᠲᠥᠰᠦᠭᠡᠯᠡᠭᠰᠡᠨ ᠡᠳᠦᠷ ᠤᠨ AQI ᠶᠢᠨ 200 ᠨᠢ 72 ᠴᠠᠭ | ᠦᠷᠭᠦᠯᠵᠢᠯᠡᠬᠦ ᠪᠥᠭᠡᠳ ᠡᠳᠦᠷ ᠤᠨ AQI ᠶᠢᠨ 300 ᠨᠢ 24 ᠴᠠᠭ ᠦᠷᠭᠦᠯᠵᠢᠯᠡᠬᠦ ᠵᠢᠴᠢ ᠲᠡᠭᠦᠨ ᠠᠴᠠ ᠳᠡᠭᠡᠭᠰᠢ | ᠪᠣᠯᠤᠨ᠎ᠠ᠃ | 3.2 ᠤᠷᠤᠨ ᠪᠤᠰᠦ ᠬᠤᠪᠢᠶᠠᠨ ᠬᠠᠮᠢᠶᠠᠷᠬᠤ | ︽ᠪᠤᠭᠤᠲᠤ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ᠢ ᠦᠨᠳᠦᠰᠦᠯᠡᠨ᠂ ᠪᠥᠬᠦ ᠬᠤᠲᠠ ᠳᠤ | ᠲᠤᠰ ᠲᠤᠰ ᠨᠢᠭᠡᠳᠦᠭᠡᠷ ᠤᠷᠤᠨ ᠪᠦᠰᠡ ᠪᠠ ᠬᠤᠶᠠᠳᠤᠭᠠᠷ ᠤᠷᠤᠨ ᠪᠦᠰᠡ ᠭᠡᠬᠦ ᠪᠤᠬᠢᠷᠳᠣᠯ ᠢ ᠬᠢᠵᠠᠭᠠᠷᠯᠠᠬᠤ ᠬᠤᠶᠠᠷ | ᠤᠷᠤᠨ ᠬᠤᠪᠢᠶᠠᠵᠠᠢ᠃ ︵ᠨᠢᠭᠡᠳᠦᠭᠡᠷ ᠷᠣᠨ ᠪᠦᠰᠡ᠄ ᠬᠥᠨᠳᠡᠯᠡᠨ ᠲᠣᠭᠤᠷᠢᠭ᠂ ᠴᠢᠩᠱᠠᠨ ᠲᠣᠭᠤᠷᠢᠭ᠂ ᠳ᠋ᠦᠩ ᠾᠧ | ᠲᠣᠭᠤᠷᠢᠭ᠂ ᠵᠢᠦᠶᠤᠸᠠᠨ ᠲᠣᠭᠤᠷᠢᠭ᠂ ᠲᠦᠮᠡᠳ ᠪᠠᠷᠠᠭᠤᠨ ᠬᠤᠰᠢᠭᠤ᠂ ᠬᠤᠪᠣᠷ ᠰᠢᠷᠣᠶ ᠶᠢᠨ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ︶ | 3.3 ᠰᠡᠷᠡᠮᠵᠢᠯᠡᠯ ᠨᠡᠶᠢᠲᠡᠯᠡᠬᠦ | ᠢᠷᠡᠭᠡᠳᠦᠶ ᠶᠢᠨ ᠠᠭᠠᠷ ᠤᠨ ᠶᠠᠰᠤ ᠴᠢᠨᠠᠷ ᠨᠢ ᠰᠡᠷᠡᠮᠵᠢᠯᠡᠬᠦ ᠨᠥᠬᠦᠴᠡᠯ ᠳᠤ ᠬᠦᠷᠴᠦ ᠮᠡᠳᠡᠬᠦ ᠦᠶ᠎ᠡ ᠳᠤ᠂ | ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠠᠴᠠ | ᠤᠷᠢᠳᠴᠢᠯᠠᠨ ᠰᠡᠷᠡᠮᠵᠢᠯᠡᠬᠦ ᠱᠠᠲᠤ ᠬᠤᠪᠢᠶᠠᠨ 48 ᠴᠠᠭ ᠠᠴᠠ ᠳᠡᠭᠡᠭᠰᠢ ᠤᠷᠢᠳᠴᠢᠯᠠᠨ ᠰᠡᠷᠡᠮᠵᠢᠯᠡᠬᠦ ᠮᠡᠳᠡᠭᠡ ᠵᠠᠩᠭᠢ | ᠨᠡᠶᠢᠲᠡᠯᠡᠨ᠎ᠡ᠃ ᠲᠤᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠨᠢ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠤᠨ ᠨᠡᠶᠢᠲᠡᠯᠡᠭᠰᠡᠨ ᠰᠡᠷᠡᠮᠵᠢᠯᠡᠬᠦ ᠮᠡᠳᠡᠭᠡ ᠵᠠᠩᠭᠢ ᠶᠢᠨ ᠶᠣᠰᠣᠭᠠᠷ᠂ ︽ᠪᠤᠭᠤᠲᠤ ᠬᠤᠲᠠ ᠶᠢᠨ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ | ᠵᠠᠰᠠᠪᠤᠷᠢ ᠣᠷᠣᠭᠤᠯᠤᠭᠰᠠᠨ ᠬᠡᠪᠯᠡᠯ︶︾ ᠢ ᠦᠨᠳᠦᠰᠦᠯᠡᠨ ᠪᠠᠶᠢᠷᠢᠯᠠᠭᠤᠯᠤᠭᠰᠠᠨ ᠨᠢᠭᠡᠳᠦᠭᠡᠷ ᠣᠷᠣᠨ ᠪᠦᠰᠡ᠂ | ᠰᠡᠷᠡᠮᠵᠢᠯᠡᠯ ᠢ ᠵᠡᠷᠭᠡᠪᠡᠷ ᠡᠬᠢᠯᠡᠭᠦᠯᠬᠦ ᠪᠤᠶᠤ ᠬᠦᠴᠦᠨ ᠦᠭᠡᠢ ᠪᠣᠯᠭᠠᠨ᠎ᠠ᠃ | ᠣᠽᠣᠨ ︵O3︶ ᠤ ᠪᠣᠬᠢᠷᠲᠤᠯ ᠠᠴᠠ ᠪᠣᠯᠤᠭᠰᠠᠨ ᠬᠦᠨᠳᠦ ᠪᠣᠬᠢᠷᠲᠤᠯ ᠲᠠᠢ ᠴᠠᠭ ᠠᠭᠤᠷ ᠢ ᠮᠡᠳᠡᠭᠡ ᠵᠠᠩᠭᠢ | ᠨᠡᠶᠢᠲᠡᠯᠡᠬᠦ ᠳᠤᠭᠤᠶᠢᠯᠠᠩ ᠴᠠᠭ ᠲᠤᠬᠠᠶ ᠳᠤᠨᠢ ᠨᠡᠶᠢᠭᠡᠮ ᠨᠡᠶᠢᠲᠡ ᠳᠤ ᠡᠷᠡᠭᠦᠯ ᠮᠡᠨᠳᠦ ᠶᠢᠨ ᠰᠠᠨᠠᠭᠤᠯᠤᠮᠵᠢ ᠶᠢᠨ ᠮᠡᠳᠡᠭᠡ | ᠵᠠᠩᠭᠢ ᠨᠡᠶᠢᠲᠡᠯᠡᠬᠦ ᠶᠢᠨ ᠬᠠᠮᠲᠤ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ︵VOCs︶ ᠪᠣᠯᠤᠨ ᠠᠽᠣᠲ ᠤᠨ | ᠢᠰᠦᠮᠡᠭ ᠪᠣᠳᠠᠰ ︵NOx︶ ᠤᠨ ᠭᠠᠳᠠᠭᠰᠢᠯᠠᠭᠤᠯᠬᠤ ᠡᠬᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠡᠯᠡᠰᠦ ᠲᠣᠭᠤᠰᠣ᠂ ᠬᠡᠰᠡᠭ ᠭᠠᠵᠠᠷ ᠤᠨ ᠡᠯᠡᠰᠦ ᠮᠠᠩᠬ᠎ᠠ᠂ ᠤᠯᠤᠰ ᠤᠨ ᠬᠢᠯᠢ ᠶᠢᠨ ᠭᠠᠳᠠᠨᠠᠬᠢ | ᠪᠣᠬᠢᠷᠲᠤᠯ ᠢ ᠳᠠᠮᠵᠢᠭᠤᠯᠬᠤ ᠵᠡᠷᠭᠡ ᠡᠰᠡᠷᠭᠦᠴᠡᠰᠢ ᠥᠬᠡᠶ ᠬᠦᠴᠦᠨ ᠵᠦᠢᠯ ᠠᠴᠠ ᠪᠣᠯᠤᠭᠰᠠᠨ ᠬᠦᠨᠳᠦ ᠪᠣᠬᠢᠷᠲᠤᠯ ᠲᠠᠢ | ᠴᠠᠭ ᠠᠭᠤᠷ ᠲᠤ᠂ ᠮᠡᠳᠡᠭᠡ ᠵᠠᠩᠭᠢ ᠨᠡᠶᠢᠲᠡᠯᠡᠬᠦ ᠳᠤᠭᠤᠶᠢᠯᠠᠩ ᠨᠢ ᠴᠠᠭ ᠲᠤᠬᠠᠶ ᠳᠤᠨᠢ ᠨᠡᠶᠢᠭᠡᠮ ᠳᠤ ᠡᠷᠡᠭᠦᠯ | ᠮᠡᠨᠳᠦ ᠶᠢᠨ ᠰᠠᠨᠠᠭᠤᠯᠤᠮᠵᠢ ᠶᠢᠨ ᠮᠡᠳᠡᠭᠡ ᠵᠠᠩᠭᠢ ᠨᠡᠶᠢᠲᠡᠯᠡᠵᠦ᠂ ᠣᠯᠠᠨ ᠨᠡᠶᠢᠲᠡ ᠶᠢ ᠬᠥᠲᠥᠯᠦᠨ ᠵᠢᠯᠣᠭᠤᠳᠴᠤ | ᠪᠠᠶᠢᠭᠠᠳ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠴᠤ᠂ ᠪᠠᠶᠢᠳᠠᠯ ᠢ ᠨᠢ ᠦᠵᠡᠵᠦ ᠪᠠᠶᠢᠭᠠᠳ | ᠲᠣᠭᠤᠰᠣᠨ ᠤ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠠᠪᠤᠨ᠎ᠠ᠃ | 3.4 ᠰᠡᠷᠡᠮᠵᠢᠯᠡᠬᠦ ᠳᠡᠰ ᠤᠨ ᠲᠣᠬᠢᠷᠠᠭᠤᠯᠤᠯᠲᠠ ᠬᠢᠭᠡᠳ ᠬᠦᠴᠦᠨ ᠦᠭᠡᠢ ᠪᠤᠯᠭᠠᠬᠤ | ᠪᠥᠬᠦ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠰᠡᠷᠡᠮᠵᠢᠯᠡᠬᠦ ᠲᠠᠰ ᠤᠨ ᠲᠣᠬᠢᠷᠠᠭᠤᠯᠤᠯᠲᠠ ᠪᠠ | ᠬᠦᠴᠦᠨ ᠥᠬᠡᠶ ᠪᠣᠯᠭᠠᠬᠤ ᠱᠠᠭᠠᠷᠳᠠᠯᠭ᠎ᠠ ᠶᠣᠰᠣᠭᠠᠷ᠂ ᠲᠤᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠰᠡᠷᠡᠮᠵᠢᠯᠡᠬᠦ ᠲᠠᠰ ᠤᠨ | ᠲᠣᠬᠢᠷᠠᠭᠤᠯᠤᠯᠲᠠ ᠪᠠ ᠬᠦᠴᠦᠨ ᠥᠬᠡᠶ ᠪᠣᠯᠭᠠᠬᠤ ᠮᠡᠳᠡᠭᠡ ᠵᠠᠩᠭᠢ ᠶᠢ ᠨᠡᠶᠢᠲᠡᠯᠡᠨ᠎ᠡ᠃ | 4. ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ | 4.1 ᠪᠠᠴᠢᠮ ᠪᠠᠶᠢᠳᠠᠯ ᠢ ᠠᠷᠭᠠᠴᠠᠬᠤ ᠲᠦᠰᠦᠯ ᠢ ᠳᠡᠰ ᠬᠤᠪᠢᠶᠠᠬᠤ | ᠰᠢᠷ᠎ᠠ ᠥᠩᠭᠡ ᠶᠢᠨ ᠰᠡᠷᠡᠮᠵᠢᠯᠡᠭᠦᠯᠦᠯ ᠢ ᠨᠡᠶᠢᠲᠡᠯᠡᠬᠦ ᠣᠶᠢᠶ᠎ᠠ ᠳᠤ᠂ Ⅲ ᠲᠠᠰ ᠤᠨ ᠪᠠᠴᠢᠮ ᠪᠠᠶᠢᠳᠠᠯ ᠢ | ᠠᠷᠭᠠᠴᠠᠬᠤ ᠲᠦᠰᠦᠯ ᠢ ᠬᠡᠷᠡᠭᠵᠢᠭᠦᠯᠦᠨ᠎ᠡ᠃ | ᠤᠯᠠᠪᠤᠷ ᠥᠩᠭᠡ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠬᠦ ᠦᠶ᠎ᠡ ᠳᠤⅡ ᠲᠠᠰ ᠤᠨ ᠪᠠᠴᠢᠮ ᠪᠠᠶᠢᠳᠠᠯ ᠢ | ᠠᠷᠭᠠᠴᠠᠬᠤ ᠲᠥᠰᠦᠯ ᠢ ᠬᠡᠷᠡᠭᠵᠢᠭᠦᠯᠦᠨ᠎ᠡ᠃ | ᠤᠯᠠᠭᠠᠨ ᠥᠩᠭᠡ ᠶᠢᠨ ᠰᠡᠷᠡᠮᠵᠢᠯᠡᠭᠦᠯᠦᠯ ᠨᠡᠶᠢᠲᠡᠯᠡᠬᠦ ᠦᠶ᠎ᠡ ᠳᠤ᠂Ⅰᠲᠠᠰ ᠤᠨ ᠪᠠᠴᠢᠮ ᠪᠠᠶᠢᠳᠠᠯ ᠢ ᠠᠷᠭᠠᠴᠠᠬᠤ | ᠲᠥᠰᠦᠯ ᠢ ᠬᠡᠷᠡᠭᠵᠢᠭᠦᠯᠦᠨ᠎ᠡ᠃ | 4.2 ᠪᠠᠴᠢᠮ ᠪᠠᠶᠢᠳᠠᠯ ᠢ ᠠᠷᠭᠠᠴᠠᠬᠤ ᠲᠦᠰᠦᠯ ᠢ ᠡᠬᠢᠯᠡᠭᠦᠯᠦᠨ ᠬᠡᠷᠡᠭᠵᠢᠭᠦᠯᠬᠦ | ᠬᠤᠲᠠ ᠶᠢᠨ ᠱᠠᠲᠤᠨ ᠤ ᠰᠡᠷᠡᠮᠵᠢᠯᠡᠭᠦᠯᠦᠯ ᠨᠡᠶᠢᠲᠡᠯᠡᠬᠦ ᠦᠶ᠎ᠡ ᠳᠤ᠂ ᠲᠣᠭᠤᠷᠢᠭ ᠤᠨ ᠬᠦᠨᠳᠦ ᠪᠣᠬᠢᠷᠲᠤᠯ ᠲᠠᠢ | ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠰᠡᠷᠡᠮᠵᠢᠯᠡᠬᠦ ᠲᠠᠰ ᠤᠨ ᠶᠣᠰᠣᠭᠠᠷ | ᠵᠣᠬᠢᠴᠠᠩᠭᠤᠶ ᠲᠠᠰ ᠤᠨ ᠪᠠᠴᠢᠮ ᠪᠠᠶᠢᠳᠠᠯ ᠢ ᠠᠷᠭᠠᠴᠠᠬᠤ ᠲᠦᠰᠦᠯ ᠢ ᠡᠬᠢᠯᠡᠭᠦᠯᠦᠨ᠎ᠡ᠃ | 4.3 ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ | 4.3.1 ᠶᠡᠷᠦᠩᠭᠡᠢ ᠱᠠᠭᠠᠷᠳᠡᠯᠭ᠎ᠠ | ︵1︶ ᠪᠠᠴᠢᠮ ᠪᠠᠶᠢᠳᠠᠯ ᠢ ᠠᠷᠭᠠᠴᠠᠬᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠢ | ᠨᠢᠭᠡᠳᠦᠯᠲᠡᠶ ᠲᠣᠭᠲᠠᠭᠠᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠬᠤᠭᠤᠴᠠᠭᠠᠨ ᠳᠤ᠂ ᠬᠦᠬᠦᠷ ᠤᠨ ᠳᠠᠪᠬᠤᠷ ᠢᠰᠦᠯ ︵SO2︶᠂ ᠠᠽᠣᠲ ᠤᠨ ᠢᠰᠦᠯ ︵NOx︶᠂ ᠮᠥᠬᠦᠯᠢᠭᠲᠦ | ᠪᠣᠳᠠᠰ ︵PM︶ ᠪᠠ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ︵VOCs︶ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠬᠠᠷᠢᠴᠠᠯ ᠢ Ⅲ ᠳᠡᠰ᠂ Ⅱ ᠳᠡᠰ᠂Ⅰᠲᠠᠰ ᠤᠨ ᠪᠠᠴᠢᠮ ᠪᠠᠶᠢᠳᠠᠯ ᠢ ᠠᠷᠭᠠᠴᠠᠬᠤ | ᠬᠤᠭᠤᠴᠠᠭᠠᠨ ᠳᠤ᠂ ᠲᠤᠰ ᠲᠤᠰ ᠪᠦᠬᠦ ᠨᠡᠶᠢᠭᠡᠮ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢᠨ ᠡᠵᠡᠯᠡᠬᠦ | ᠬᠠᠷᠢᠴᠠᠯ ᠤᠨ 10%᠂ 20% ᠪᠠ 30% ᠠᠴᠠ ᠳᠡᠭᠡᠭᠰᠢ ᠳᠤ ᠬᠦᠷᠦᠭᠦᠯᠦᠨ᠎ᠡ᠃ | ︵2︶ ᠨᠠᠷᠢᠨ ᠲᠠᠩᠰᠠ ᠶᠢᠨ ᠲᠥᠷᠥᠯ ᠬᠤᠪᠢᠶᠠᠨ ᠪᠠᠴᠢᠮ ᠪᠠᠶᠢᠳᠠᠯ ᠢ ᠠᠷᠭᠠᠴᠠᠨ ᠬᠠᠮᠢᠶᠠᠷᠤᠨ ᠡᠵᠡᠮᠳᠡᠬᠦ ᠶᠢ | ᠬᠡᠷᠡᠭᠵᠢᠭᠦᠯᠦᠨ᠎ᠡ᠃ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠪᠣᠯ ᠪᠥᠬᠦ ᠲᠤᠭᠤᠷᠢᠭ ᠤᠨ ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠳᠠᠪᠤᠷᠢᠵᠢᠭᠤᠯᠬᠤ | ᠠᠵᠢᠯᠯᠠᠭᠠᠨ ᠤ ᠴᠢᠨᠠᠷᠲᠠᠶ ᠪᠢᠴᠢᠭ ᠮᠠᠲ᠋ᠧᠷᠢᠶᠠᠯ ᠮᠥᠨ᠂ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ | ᠶᠣᠰᠣᠭᠠᠷ᠂ ᠠᠭᠠᠷ ᠮᠠᠨᠳᠠᠯ ᠤᠨ ᠪᠣᠬᠢᠷᠲᠤᠯ ᠤᠨ ᠡᠬᠢ ᠰᠤᠷᠪᠤᠯᠵᠢ ᠶᠢ ᠪᠦᠬᠦᠨ ᠢ ᠪᠠᠴᠢᠮ ᠪᠠᠶᠢᠳᠠᠯ ᠢ ᠠᠷᠭᠠᠴᠠᠵᠤ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠳᠤ ᠣᠷᠣᠭᠤᠯᠬᠤ ᠶᠢ ᠦᠨᠡᠨᠬᠦ | ᠪᠠᠲᠤᠯᠠᠨ᠎ᠠ᠃ ᠪᠣᠬᠢᠷᠲᠤᠯ ᠪᠣᠳᠠᠰ ᠢ ᠬᠢᠵᠠᠭᠠᠷᠯᠠᠬᠤ ᠲᠡᠷᠢᠭᠦᠨ ᠴᠢᠬᠤᠯᠠ ᠱᠠᠭᠠᠷᠳᠠᠯᠭ᠎ᠠ ᠲᠠᠢ ᠤᠶᠠᠯᠳᠤᠭᠤᠯᠤᠨ᠂ ᠪᠠᠴᠢᠮ | ᠪᠠᠶᠢᠳᠠᠯ ᠢ ᠠᠷᠭᠠᠴᠠᠬᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠰᠠᠭᠤᠷᠢ ᠲᠤᠭ᠎ᠠ ᠪᠣᠯᠤᠨ ᠠᠳᠠᠯᠢ | ᠪᠤᠰᠤ ᠰᠡᠷᠡᠮᠵᠢᠯᠡᠬᠦ ᠲᠠᠰ ᠤᠨ ᠠᠵᠤ ᠦᠢᠯᠡᠳᠪᠦᠷᠢ ᠶᠢᠨ ᠢᠷᠡᠯᠲᠡ᠂ ᠲᠣᠭᠤᠰᠣ ᠳᠡᠭᠳᠡᠬᠦ ᠡᠬᠢ ᠰᠤᠷᠪᠤᠯᠵᠢ᠂ ᠰᠢᠯᠵᠢᠮᠡᠯ | ᠡᠬᠢ ᠰᠤᠷᠪᠤᠯᠵᠢ ᠪᠣᠯᠤᠨ ᠪᠤᠰᠤᠳ ᠪᠣᠬᠢᠷᠲᠤᠯ ᠤᠨ ᠨᠠᠷᠢᠨ ᠬᠠᠭᠤᠳᠠᠰᠤ ᠶᠢᠨ ᠪᠠᠴᠢᠮ ᠪᠠᠶᠢᠳᠠᠯ ᠢ ᠠᠷᠭᠠᠴᠠᠬᠤ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠢ ᠬᠢᠨᠠᠮᠠᠭᠠᠶ ᠲᠣᠭᠠᠴᠠᠭ᠎ᠠ ᠬᠢᠵᠦ᠂ ᠰᠢᠨᠵᠢᠯᠡᠬᠦ | ᠤᠬᠠᠭᠠᠨᠴᠢ᠂ ᠵᠦᠶ ᠵᠣᠬᠢᠰᠲᠠᠶ᠂ ᠪᠦᠲᠦᠮᠵᠢᠲᠡᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠲᠥᠷᠥᠯ | ᠬᠤᠪᠢᠶᠠᠨ ᠵᠠᠰᠠᠵᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ ᠡᠵᠡᠮᠳᠡᠨ᠎ᠡ᠃ ᠵᠠᠷᠴᠢᠮ ᠳᠡᠭᠡᠷ᠎ᠡ ᠪᠠᠨ᠂ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ | ᠬᠡᠮᠵᠢᠶ᠎ᠡ ᠨᠢ ᠭᠤᠣᠯᠳᠠᠭᠤ ᠦᠢᠯᠡᠳᠪᠦᠷᠢᠯᠡᠯ ᠢ ᠨᠢ ᠵᠣᠭᠰᠣᠭᠠᠬᠤ᠂ ᠲᠡᠭᠡᠭᠡᠪᠦᠷᠢ ᠶᠢ ᠵᠣᠭᠰᠣᠭᠠᠬᠤ ᠬᠡᠰᠡᠭ | ᠦᠢᠯᠡᠳᠪᠦᠷᠢᠯᠡᠯ ᠤᠨ ᠱᠤᠭᠤᠮ ᠪᠤᠶᠤ ᠭᠤᠣᠯ ᠪᠣᠯᠬᠤ ᠦᠢᠯᠡᠳᠪᠦᠷᠢᠯᠡᠯ ᠤᠨ ᠠᠵᠢᠯ ᠤᠨ ᠳᠡᠰ ᠳᠠᠷᠠᠭᠠᠯᠠᠯ | ︵ᠲᠥᠬᠦᠭᠡᠷᠦᠮᠵᠢ︶ ᠢᠶᠠᠷ ᠳᠠᠮᠵᠢᠭᠤᠯᠤᠨ᠎ᠠ᠃ ᠦᠢᠯᠡᠳᠪᠦᠷᠢᠯᠡᠯ ᠢ ᠬᠢᠵᠠᠭᠠᠷᠯᠠᠬᠤ ᠠᠷᠭ᠎ᠠ ᠬᠡᠯᠪᠡᠷᠢ ᠪᠠᠷ ᠪᠣᠬᠢᠷᠳᠠᠯ ᠢ | ᠪᠠᠭᠠᠰᠬᠠᠨ᠎ᠠ᠃ ᠣᠬᠤᠷᠬᠠᠨ ᠬᠤᠭᠤᠴᠠᠭᠠᠨ ᠳᠣᠲᠣᠷ᠎ᠠ ᠦᠢᠯᠡᠳᠪᠦᠷᠢᠯᠡᠯ ᠢᠶᠠᠨ ᠵᠣᠭᠰᠣᠭᠠᠬᠤ ᠳᠤ ᠬᠦᠴᠢᠷᠲᠡᠶ ᠪᠤᠶᠤ | ᠴᠠᠭ ᠬᠤᠭᠤᠴᠠᠭ᠎ᠠ ᠶᠢ ᠤᠷᠲᠤᠳᠬᠠᠬᠤ ᠦᠢᠯᠡᠳᠪᠦᠷᠢᠯᠡᠯ ᠤᠨ ᠠᠵᠢᠯ ᠤᠨ ᠳᠡᠰ ᠳᠠᠷᠠᠭᠠᠯᠠᠯ ᠳᠤ ᠪᠣᠯ ᠪᠣᠬᠢᠷᠲᠤᠯ ᠢ | ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠦᠢᠯᠡᠳᠪᠦᠷᠢᠯᠡᠯ ᠤᠨ ᠳᠠᠭᠠᠭᠠᠴᠠ ᠶᠢ ᠬᠢᠵᠠᠭᠠᠷᠯᠠᠬᠤ᠂ | ᠦᠢᠯᠡᠳᠪᠦᠷᠢᠯᠡᠯ ᠤᠨ ᠲᠥᠯᠥᠪᠯᠡᠭᠡ ᠪᠠᠨ ᠤᠷᠢᠳᠴᠢᠯᠠᠨ ᠲᠣᠬᠢᠷᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ︽ᠬᠢᠵᠦ ᠪᠣᠯᠬᠤ᠂ ᠬᠢᠨᠠᠨ | ᠬᠡᠮᠵᠢᠵᠦ ᠪᠣᠯᠬᠤ᠂ ᠬᠢᠨᠠᠨ ᠪᠠᠶᠢᠴᠠᠭᠠᠵᠤ ᠪᠣᠯᠬᠤ︾ ᠪᠤᠯᠭᠠᠨ᠎ᠠ᠃ | ︵3︶ ᠳᠡᠰ ᠬᠤᠪᠢᠶᠠᠨ ᠪᠠᠴᠢᠮ ᠪᠠᠶᠢᠳᠠᠯ ᠢ ᠠᠷᠭᠠᠴᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ᠃ | ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠳᠤ ᠲᠠᠰ ᠲᠥᠷᠥᠯ ᠬᠤᠪᠢᠶᠠᠨ ᠬᠠᠮᠢᠶᠠᠷᠤᠨ ᠡᠵᠡᠮᠳᠡᠬᠦ ᠶᠢ | ᠬᠡᠷᠡᠭᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢᠨ A ᠲᠠᠰ ᠤᠨ ᠪᠠᠷᠢᠮᠵᠢᠶ᠎ᠠ ᠳᠤ | ᠬᠦᠷᠦᠭᠰᠡᠨ ᠠᠵᠤ ᠠᠬᠤᠶᠢᠯᠠᠯ ᠳᠤ ᠵᠠᠷᠴᠢᠮ ᠳᠡᠭᠡᠷ᠎ᠡ ᠪᠠᠨ ᠦᠢᠯᠡᠳᠪᠦᠷᠢᠯᠡᠯ ᠢᠶᠠᠨ ᠵᠣᠭᠰᠣᠭᠠᠬᠤ ᠪᠤᠶᠤ | ᠦᠢᠯᠡᠳᠪᠦᠷᠢᠯᠡᠯ ᠢᠶᠠᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠠᠯᠪᠠᠳᠠᠯᠭ᠎ᠠ ᠪᠠᠷ ᠬᠡᠷᠡᠭᠵᠢᠭᠦᠯᠬᠦ ᠥᠬᠡᠶ︔ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢᠨ B ᠲᠠᠰ ᠤᠨ ᠪᠠᠷᠢᠮᠵᠢᠶ᠎ᠠ ᠳᠤ ᠬᠦᠷᠦᠭᠰᠡᠨ ᠠᠵᠤ | ᠠᠬᠤᠶᠢᠯᠠᠯ ᠳᠤ ᠦᠢᠯᠡᠳᠪᠦᠷᠢᠯᠡᠯ ᠢᠶᠠᠨ ᠵᠣᠭᠰᠣᠭᠠᠬᠤ ᠪᠤᠶᠤ ᠦᠢᠯᠡᠳᠪᠦᠷᠢᠯᠡᠯ ᠢᠶᠠᠨ ᠬᠢᠵᠠᠭᠠᠷᠯᠠᠬᠤ ᠠᠷᠭ᠎ᠠ ᠬᠡᠮᠵᠢᠶ᠎ᠡ | ᠠᠪᠬᠤ ᠶᠢ ᠪᠠᠭᠠᠰᠬᠠᠨ᠎ᠠ︔ ᠪᠣᠬᠢᠷᠲᠤᠯ ᠢ ᠵᠠᠰᠠᠬᠤ ᠬᠢᠷᠢ ᠬᠡᠮᠵᠢᠶ᠎ᠡ ᠪᠠᠷ ᠳᠣᠤᠷ᠎ᠠ ᠠᠵᠤ ᠦᠢᠯᠡᠳᠪᠦᠷᠢ ᠶᠢᠨ ᠠᠵᠤ | ᠠᠬᠤᠶᠢᠯᠠᠯ ᠳᠤ ᠦᠢᠯᠡᠳᠪᠦᠷᠢᠯᠡᠯ ᠢᠶᠠᠨ ᠵᠣᠭᠰᠣᠭᠠᠬᠤ ᠪᠤᠶᠤ ᠦᠢᠯᠡᠳᠪᠦᠷᠢᠯᠡᠯ ᠢ ᠨᠢ ᠬᠢᠵᠠᠭᠠᠷᠯᠠᠬᠤ ᠠᠷᠭ᠎ᠠ | ᠬᠡᠮᠵᠢᠶ᠎ᠡ ᠶᠢᠨ ᠡᠷᠴᠢᠮ ᠢ ᠴᠢᠩᠭᠠᠷᠠᠭᠤᠯᠵᠤ᠂ ᠴᠢᠳᠠᠪᠤᠷᠢ ᠲᠠᠢ ᠠᠵᠤ ᠠᠬᠤᠶᠢᠯᠠᠯ ᠤᠨ ᠬᠦᠨᠳᠦ ᠪᠣᠬᠢᠷᠲᠤᠯ ᠲᠠᠢ ᠴᠠᠭ | ᠠᠭᠤᠷ ᠡᠭᠦᠰᠬᠦ ᠦᠶ᠎ᠡ ᠳᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠤᠯᠠᠮ | ᠨᠢᠭᠡ ᠠᠯᠬᠤᠮ ᠠᠪᠬᠤ ᠶᠢ ᠵᠣᠷᠢᠭᠵᠢᠭᠤᠯᠤᠨ᠎ᠠ᠃ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ | ᠬᠤᠯᠪᠣᠭᠳᠠᠭᠰᠠᠨ ᠠᠵᠤ ᠠᠬᠤᠶᠢᠯᠠᠯ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠬᠤᠲᠠ ᠶᠢᠨ | ᠠᠵᠢᠯᠯᠠᠭᠠᠨ ᠤ ᠪᠠᠲᠤᠯᠠᠭ᠎ᠠ ᠶᠢᠨ ᠲᠡᠷᠭᠡ ᠬᠥᠰᠬᠡ ᠶᠢ ᠪᠠᠲᠤᠯᠠᠭ᠎ᠠ ᠶᠢᠨ ᠲᠥᠷᠥᠯ ᠤᠨ ᠨᠠᠷᠢᠨ ᠬᠠᠭᠤᠳᠠᠰᠤ ᠳᠤ | ᠣᠷᠣᠭᠤᠯᠤᠨ ᠪᠠᠲᠤᠯᠠᠭ᠎ᠠ ᠬᠠᠩᠭᠠᠵᠤ᠂ ︽ᠨᠢᠭᠡ ᠯᠡ ᠠᠳᠠᠯᠢ ᠪᠠᠷ ᠱᠠᠭᠠᠷᠳᠠᠬᠤ︾ ᠶᠢ ᠰᠡᠷᠭᠡᠶᠢᠯᠡᠨ ᠬᠤᠷᠢᠭᠯᠠᠨ᠎ᠠ᠃ | ᠵᠠᠷᠴᠢᠮ ᠳᠡᠭᠡᠷ᠎ᠡ ᠪᠠᠨ ᠴᠠᠬᠢᠯᠭᠠᠨ ᠤ ᠦᠢᠯᠡᠳᠪᠦᠷᠢ᠂ ᠰᠠᠭᠤᠭᠠᠯᠢ ᠠᠷᠠᠳ ᠤᠨ ᠳᠤᠯᠠᠭᠠᠯᠭ᠎ᠠ ᠶᠢᠨ ᠭᠦᠸᠧᠯᠦ ᠶᠢᠨ ᠭᠡᠷ᠂ | ᠬᠡᠢ ᠳᠤ ᠬᠤᠯᠪᠣᠭᠳᠠᠬᠤ ᠵᠢᠵᠢᠭ ᠪᠢᠴᠢᠯ ᠠᠵᠤ ᠠᠬᠤᠶᠢᠯᠠᠯ ᠵᠡᠷᠭᠡ ᠳᠤ ᠦᠢᠯᠡᠳᠪᠦᠷᠢᠯᠡᠯ ᠢ ᠨᠢ ᠵᠣᠭᠰᠣᠭᠠᠬᠤ ᠠᠷᠭ᠎ᠠ | ᠬᠡᠮᠵᠢᠶ᠎ᠡ ᠠᠪᠬᠤ ᠦᠭᠡᠶ᠃ | ︵4︶ ᠠᠵᠤ ᠠᠬᠤᠶᠢᠯᠠᠯ ᠤᠨ ︽ᠨᠢᠭᠡ ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ︾ ᠶᠢᠨ ᠬᠡᠷᠡᠭᠵᠢᠭᠦᠯᠬᠦ | ᠲᠥᠰᠦᠯ ᠢ ᠨᠠᠷᠢᠯᠢᠭᠵᠢᠭᠤᠯᠤᠨ᠎ᠠ᠃ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠦᠨᠳᠦ ᠪᠣᠬᠢᠷᠲᠤᠯ ᠲᠠᠢ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠳᠤ | ᠣᠷᠣᠭᠤᠯᠤᠭᠰᠠᠨ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ︽ᠨᠢᠭᠡ ᠦᠢᠯᠡᠳᠪᠦᠷᠢ ᠨᠢᠭᠡ ᠠᠷᠭ᠎ᠠ ᠪᠣᠳᠣᠯᠭ᠎ᠠ︾ | ᠶᠢᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠡᠷᠡᠭᠵᠢᠭᠦᠯᠬᠦ | ᠲᠥᠰᠦᠯ ᠢ ᠲᠣᠭᠲᠠᠭᠠᠵᠤ᠂ ᠲᠥᠰᠦᠯ ᠳᠤ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠭᠤᠤᠯ ᠪᠣᠯᠬᠤ | ᠦᠢᠯᠡᠳᠪᠦᠷᠢᠯᠡᠯ ᠤᠨ ᠤᠷ᠎ᠠ ᠮᠡᠷᠭᠡᠵᠢᠯ ᠤᠨ ᠴᠤᠪᠤᠷᠠᠯ᠂ ᠭᠤᠤᠯ ᠪᠣᠯᠬᠤ ᠬᠡᠢ ᠳᠤ ᠬᠤᠯᠪᠣᠭᠳᠠᠬᠤ ᠦᠢᠯᠡᠳᠪᠦᠷᠢᠯᠡᠯ ᠤᠨ | ᠪᠣᠬᠢᠷᠲᠤᠯ ᠭᠠᠳᠠᠭᠰᠢᠯᠠᠭᠤᠯᠬᠤ ᠭᠤᠭᠴᠤᠭ᠎ᠠ ᠵᠢᠴᠢ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠶᠢᠳᠠᠯ ︵ᠬᠦᠨᠳᠦ | ᠬᠡᠯᠪᠡᠷᠢ ᠶᠢᠨ ᠲᠡᠭᠡᠭᠡᠪᠦᠷᠢ ᠶᠢᠨ ᠲᠡᠷᠭᠡ ᠬᠥᠰᠬᠡ ᠵᠢᠴᠢ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ︶ ᠢ | ᠪᠠᠭᠲᠠᠭᠠᠬᠤ ᠶᠢᠨ ᠬᠠᠮᠲᠤ ᠠᠳᠠᠯᠢ ᠪᠤᠰᠤ ᠲᠠᠰ ᠤᠨ ᠤᠷᠢᠳᠴᠢᠯᠠᠨ ᠰᠡᠷᠡᠮᠵᠢᠯᠡᠬᠦ ᠳᠣᠤᠷᠠᠬᠢ ᠪᠠᠴᠢᠮ ᠪᠠᠶᠢᠳᠠᠯ ᠢ | ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠂ ᠪᠣᠳᠠᠲᠠᠶ ᠵᠣᠭᠰᠣᠭᠠᠬᠤ | ︵ᠬᠢᠵᠠᠭᠠᠷᠯᠠᠬᠤ ᠶᠢ ᠲᠣᠳᠣᠷᠬᠠᠶᠢᠯᠠᠨ᠎ᠠ︶ ᠦᠢᠯᠡᠳᠪᠦᠷᠢᠯᠡᠬᠦ ᠱᠤᠬᠤᠮ᠂ ᠭᠠᠷ ᠤᠷᠠᠯᠠᠯ ᠤᠨ ᠭᠤᠭᠴᠤᠭ᠎ᠠ ᠶᠢ ᠲᠣᠳᠣᠷᠬᠠᠶ | ᠪᠢᠴᠢᠨ᠎ᠡ᠃ ᠤᠨᠴᠠᠭᠠᠢ ᠴᠠᠭ ᠦᠶ᠎ᠡ ᠳᠤ ᠪᠣᠬᠢᠷᠳᠦᠯ ᠡᠳ᠋ ᠢ ᠭᠠᠳ᠋ᠬᠠᠰᠢᠯᠠᠭᠤᠯᠬᠤ ᠶᠢ ᠴᠠᠭᠠᠵᠠᠯᠠᠬᠤ ᠪᠤᠶᠤ ᠬᠢᠵᠠᠭᠠᠷᠯᠠᠬᠤ | ᠱᠠᠭᠠᠷᠳᠠᠯᠭ᠎ᠠ ᠶᠢ ᠪᠣᠬᠢᠷᠳᠦᠯ ᠡᠳ᠋ ᠢ ᠭᠠᠳ᠋ᠬᠠᠰᠢᠯᠠᠭᠤᠯᠬᠤ ᠵᠦᠪᠰᠢᠶᠡᠷᠡᠯ ᠤᠨ ᠦᠨᠡᠮᠯᠠᠯ ᠳᠤ ᠬᠠᠦᠯᠢ ᠶᠣᠰᠣᠭᠠᠷ | ᠣᠷᠣᠭᠤᠯᠥᠨ᠎ᠠ᠃ | ︵5︶ ᠭᠠᠵᠠᠷ ᠣᠷᠣᠨ ᠵᠢᠴᠢ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠬᠤᠯᠪᠤᠭᠠᠯᠠᠯ ᠢ | ᠴᠢᠩᠭᠠᠷᠠᠭᠤᠯᠤᠨ᠎ᠠ᠃ ᠰᠡᠷᠡᠮᠵᠢᠯᠡᠬᠦ ᠮᠡᠳᠡᠭᠡ ᠵᠠᠩᠭᠢ ᠶᠢ ᠨᠡᠶᠢᠲᠡᠯᠡᠬᠦ ᠦᠶ᠎ᠡ ᠳᠤ᠂ ᠡᠯ᠎ᠡ ᠪᠦᠷᠢᠯᠳᠦᠬᠦᠨ ᠨᠢᠭᠡᠴᠢ ᠲᠣᠰ | ᠲᠣᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠴᠢᠩᠱᠠᠨ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠵᠢᠴᠢ ᠲᠣᠰ ᠰᠠᠯᠠᠭ᠎ᠠ ᠮᠥᠴᠢᠷ ᠤᠨ ᠲᠤᠰᠬᠠᠶ | ᠬᠡᠷᠡᠭᠵᠢᠭᠦᠯᠬᠦ ᠲᠥᠰᠦᠯ ᠢ ᠬᠠᠮᠵᠢᠯᠴᠠᠨ ᠨᠠᠶᠢᠲᠠᠪᠦᠷᠢᠵᠢᠭᠤᠯᠤᠨ᠎ᠠ᠃ ᠣᠷᠣᠨ ᠪᠦᠰᠡ ᠶᠢᠨ ᠴᠢᠨᠠᠷᠲᠠᠶ ᠪᠣᠬᠢᠷᠲᠤᠯ ᠲᠠᠢ | ᠴᠠᠭ ᠠᠭᠤᠷ ᠡᠭᠦᠰᠬᠦ ᠦᠶ᠎ᠡ ᠳᠤ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠰᠠᠭᠤᠷᠢᠨ ᠳᠡᠭᠡᠷ᠎ᠡ᠂ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ | ᠬᠡᠷᠡᠭᠯᠡᠨ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠵᠥᠪᠳᠡᠯᠴᠡᠨ ᠰᠤᠳᠤᠯᠤᠨ ᠮᠠᠭᠠᠳᠯᠠᠬᠤ᠂ ᠬᠠᠤᠯᠢ | ᠬᠡᠷᠡᠭᠵᠢᠭᠦᠯᠬᠦ ᠳᠤ ᠬᠢᠨᠠᠯᠲᠠ ᠲᠠᠯᠪᠢᠬᠤ ᠵᠡᠷᠭᠡ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠥᠨᠳᠥᠷ ᠥᠷᠲᠡᠭ ᠲᠠᠢ ᠪᠠᠶᠢᠨ | ᠳᠠᠬᠢᠨ ᠡᠭᠦᠰᠬᠦ ᠭᠤᠤᠯᠳᠠᠯᠭ᠎ᠠ ᠲᠠᠢ ᠭᠠᠵᠠᠷ ᠣᠷᠣᠨ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠮᠲᠤᠷᠠᠨ ᠬᠠᠤᠯᠢ | ᠬᠡᠷᠡᠭᠵᠢᠭᠦᠯᠬᠦ᠂ ᠰᠣᠯᠪᠢᠴᠠᠨ ᠬᠠᠤᠯᠢ ᠬᠡᠷᠡᠭᠵᠢᠭᠦᠯᠬᠦ ᠪᠠ ᠦᠢᠯᠡᠳᠪᠦᠷᠢ ᠳᠤ ᠰᠠᠭᠤᠵᠤ ᠬᠢᠨᠠᠯᠲᠠ ᠲᠠᠯᠪᠢᠬᠤ ᠶᠢ | ᠥᠷᠨᠢᠭᠦᠯᠵᠦ᠂ ᠣᠷᠣᠨ ᠪᠦᠰᠡ ᠶᠢᠨ ᠪᠣᠬᠢᠷᠲᠤᠯ ᠢ ᠵᠠᠰᠠᠬᠤ ᠶᠢ ᠬᠠᠮᠵᠢᠯᠴᠠᠭᠤᠯᠬᠤ᠂ ᠠᠷᠭᠠᠴᠠᠨ ᠵᠣᠬᠢᠴᠠᠭᠤᠯᠬᠤ᠂ | ᠬᠠᠮᠢᠶᠠᠷᠤᠨ ᠡᠵᠡᠮᠳᠡᠬᠦ ᠶᠢ ᠬᠠᠮᠵᠢᠯᠴᠠᠬᠤ ᠶᠢ ᠦᠨᠡᠨ ᠬᠦ ᠠᠬᠢᠭᠤᠯᠤᠨ᠎ᠠ᠃ ᠣᠨᠴᠠᠭᠠᠶ ᠴᠠᠭ ᠦᠶ᠎ᠡ ᠳᠤ ᠪᠥᠬᠦ | ᠬᠤᠲᠠ ᠳᠤ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠨ ᠬᠥᠳᠡᠯᠦᠯᠴᠡᠬᠦ ᠱᠠᠭᠠᠷᠳᠠᠯᠭ᠎ᠠ ᠳᠤᠷᠠᠳᠬᠤ ᠦᠶ᠎ᠡ ᠳᠤ᠂ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠡᠯ᠎ᠡ ᠪᠦᠷᠢᠯᠳᠦᠬᠦᠨ | ᠨᠢᠭᠡᠴᠡ ᠶᠢᠨ ᠵᠣᠬᠢᠴᠠᠩᠭᠤᠶ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠵᠣᠬᠢᠴᠠᠭᠤᠯᠤᠨ᠎ᠠ᠃ | 4.3.2 Ⅲ ᠲᠠᠰ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ | ᠰᠡᠷᠡᠮᠵᠢᠯᠡᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠲᠤᠭᠤᠷᠢᠭ ᠤᠨ ᠬᠦᠨᠳᠦ ᠪᠣᠬᠢᠷᠲᠤᠯ ᠲᠠᠢ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠳᠠᠷᠤᠶ ᠲᠦᠷᠭᠡᠨ ᠬᠠᠮᠢᠶ᠎ᠠ ᠪᠦᠬᠦᠢ ᠰᠠᠯᠠᠭ᠎ᠠ | ᠮᠥᠴᠢᠷ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠵᠣᠬᠢᠴᠠᠩᠭᠤᠶ ᠲᠡᠰ ᠤᠨ ᠳᠠᠭᠠᠬᠤ ᠠᠷᠭ᠎ᠠ ᠬᠡᠮᠵᠢᠶ᠎ᠡ ᠠᠪᠬᠤ | ᠬᠡᠷᠡᠭᠲᠡᠶ᠃ ᠡᠭᠦᠨ ᠳᠤ ᠳᠣᠣᠷᠠᠬᠢ ᠠᠷᠭ᠎ᠠ ᠬᠡᠮᠵᠢᠶ᠎ᠡ ᠨᠦᠭᠦᠳ ᠲᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠦᠭᠡᠢ᠄ | ︵1︶ ᠡᠷᠡᠭᠦᠯ ᠮᠡᠨᠳᠦ ᠶᠢ ᠬᠠᠮᠠᠭᠠᠯᠠᠬᠤ ᠠᠷᠭ᠎ᠠ ᠬᠡᠮᠵᠢᠶ᠎ᠡ | ① ᠤᠬᠠᠭᠤᠯᠬᠤ ᠰᠠᠯᠠᠭ᠎ᠠ ᠮᠥᠴᠢᠷ ᠨᠢ ᠰᠣᠨᠢᠨ ᠤ ᠬᠤᠷᠢᠶ᠎ᠠ᠂ ᠷᠠᠳᠢᠣ᠋ ᠲᠧᠯᠸᠢᠰ ᠬᠤᠷᠢᠶ᠎ᠠ᠂ ᠴᠠᠬᠢᠯᠭᠠᠨ | ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ ᠵᠡᠷᠭᠡ ᠶᠢ ᠬᠠᠷᠢᠭᠤᠴᠠᠨ ᠵᠢᠯᠣᠭᠤᠳᠴᠤ ᠵᠣᠬᠢᠴᠠᠭᠤᠯᠤᠨ᠎ᠠ᠃ | ② ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢᠭᠡᠨᠲᠡ ᠠᠭᠠᠷ ᠴᠡᠪᠡᠷᠰᠢᠭᠦᠯᠬᠦ ᠲᠥᠬᠦᠭᠡᠷᠦᠮᠵᠢ | ᠤᠭᠰᠠᠷᠠᠭᠰᠠᠨ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠴᠠᠭ ᠲᠤᠬᠠᠢ ᠳᠤᠨᠢ ᠠᠭᠠᠷ ᠴᠡᠪᠡᠷᠰᠢᠭᠦᠯᠬᠦ | ᠲᠥᠬᠦᠭᠡᠷᠦᠮᠵᠢ ᠶᠢ ᠨᠡᠭᠡᠭᠡᠵᠦ᠂ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢ ᠵᠣᠬᠢᠶᠠᠨ ᠪᠠᠶᠢᠭᠤᠯᠵᠤ | ᠭᠡᠷ ᠤᠨ ᠭᠠᠳᠠᠨᠠᠬᠢ ᠬᠢᠴᠢᠶᠡᠯ ᠵᠢᠴᠢ ᠠᠵᠢᠯᠯᠠᠭ᠎ᠠ ᠶᠢ ᠵᠣᠭᠰᠣᠭᠠᠨ᠎ᠠ᠃ | ③ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠡᠮᠴᠢᠯᠡᠭᠡᠨ ᠤ ᠪᠠᠶᠢᠭᠤᠯᠤᠮᠵᠢ ᠶᠢ | ᠱᠠᠭᠠᠷᠳᠠᠨ ᠵᠢᠯᠣᠭᠤᠳᠴᠤ ᠪᠠᠶᠢᠭᠠᠳ ᠬᠤᠯᠪᠣᠭᠳᠠᠯ ᠪᠦᠬᠦᠢ ᠡᠪᠡᠳᠴᠢᠨ ᠡᠮᠭᠡᠭ ᠤᠨ ᠡᠭᠦᠳᠡᠨ ᠡᠮᠨᠡᠯᠭᠡ᠂ ᠲᠦᠷᠭᠡᠨ | ᠡᠮᠴᠢᠯᠡᠭᠡ ᠬᠢᠯᠭᠡᠵᠦ᠂ ᠡᠮᠴᠢ ᠰᠤᠪᠢᠯᠠᠭᠴᠢ ᠶᠢ ᠨᠡᠮᠡᠭᠳᠡᠭᠦᠯᠦᠨ᠎ᠡ᠃ | ︵2︶ ᠰᠠᠨᠠᠭᠠᠴᠢᠯᠠᠭ᠎ᠠ ᠶᠢᠨ ᠴᠢᠨᠠᠷᠲᠠᠢ ᠪᠣᠬᠢᠷᠳᠣᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ | ᠬᠡᠮᠵᠢᠶ᠎ᠡ | ① ᠨᠢᠭᠡᠴᠢ ᠪᠠ ᠣᠯᠠᠨ ᠨᠡᠶᠢᠲᠡ ᠨᠦᠭᠦᠳ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠠᠭᠤᠯᠤᠭᠰᠠᠨ ᠰᠢᠷ᠂ | ᠰᠢᠷ᠂ ᠠᠭᠤᠰᠬᠠᠭᠴᠢ ᠵᠡᠷᠭᠡ ᠲᠦᠭᠦᠬᠡᠶ ᠮᠠᠲ᠋ᠧᠷᠢᠶᠠᠯ ᠵᠢᠴᠢ ᠦᠢᠯᠡᠳᠬᠦᠨ ᠤ ᠬᠡᠷᠡᠭᠯᠡᠯᠲᠡ ᠶᠢ ᠠᠯᠢ ᠴᠢᠳᠠᠬᠤ ᠪᠠᠷ | ᠪᠠᠭᠠᠰᠬᠠᠨ᠎ᠠ︔ | ② ᠨᠡᠶᠢᠲᠡ ᠶᠢᠨ ᠮᠠᠰᠢᠨ ᠲᠡᠷᠭᠡ ᠪᠤᠶᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠳᠤ ᠰᠠᠭᠤᠵᠤ | ᠭᠠᠳᠠᠭᠰᠢ ᠭᠠᠷᠬᠤ ᠶᠢ ᠵᠣᠷᠢᠭᠵᠢᠭᠤᠯᠤᠨ᠎ᠠ᠃ | ③ ᠲᠡᠷᠭᠡᠨ ᠳᠤ ᠰᠠᠭᠤᠵᠤ ᠴᠠᠭ ᠲᠤᠬᠠᠶ ᠳᠤᠨᠢ ᠤᠨᠲᠠᠷᠠᠭᠠᠵᠤ᠂ ᠲᠡᠷᠭᠡ ᠬᠥᠰᠬᠡ ᠶᠢᠨ ᠤᠤᠯ ᠤᠨ | ᠬᠤᠷᠳᠤᠴᠠ ᠪᠠᠨ ᠤᠳᠠᠭᠠᠰᠢᠷᠠᠭᠤᠯᠤᠨ ᠠᠶᠠᠯᠠᠬᠤ ᠶᠢ ᠪᠠᠭᠠᠰᠬᠠᠨ᠎ᠠ᠃ | ︵3︶ ᠪᠣᠬᠢᠷᠳᠣᠯ ᠢ ᠠᠯᠪᠠᠳᠠᠨ ᠪᠠᠭᠠᠰᠬᠠᠬᠤ ᠠᠷᠭ᠎ᠠ ᠬᠡᠮᠵᠢᠶ᠎ᠡ | ① ᠠᠵᠤ ᠦᠢᠯᠡᠳᠪᠦᠷᠢ ᠶᠢᠨ ᠢᠷᠡᠯᠲᠡ ᠶᠢᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠠᠷᠭ᠎ᠠ ᠬᠡᠮᠵᠢᠶ᠎ᠡ᠃ ᠠᠵᠤ ᠦᠢᠯᠡᠳᠪᠦᠷᠢ ᠶᠢᠨ ᠢᠷᠡᠯᠲᠡ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠶᠢ ᠬᠠᠷᠢᠭᠤᠴᠠᠵᠤ ᠪᠠᠶᠢᠭ᠎ᠠ ᠬᠠᠮᠢᠶ᠎ᠠ ᠪᠦᠬᠦᠢ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ | ᠰᠠᠯᠠᠭ᠎ᠠ ᠮᠥᠴᠢᠷ ᠤᠳ ᠠᠵᠤ ᠦᠢᠯᠡᠳᠪᠦᠷᠢ ᠠᠵᠤ ᠠᠬᠤᠶᠢᠯᠠᠯ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠶᠢᠨ | ᠶᠣᠰᠣᠭᠠᠷ᠂ ᠠᠵᠤ ᠠᠬᠤᠶᠢᠯᠠᠯ ᠢ ᠰᠢᠮᠳᠠᠭᠤᠯᠤᠨ ᠵᠢᠯᠣᠭᠤᠳᠴᠤ ᠪᠠᠶᠢᠭᠠᠳ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠲᠠᠪᠦᠷᠢᠵᠢᠭᠤᠯᠤᠨ᠎ᠠ᠃ ᠠᠮᠢ ᠠᠬᠤᠶ ᠶᠢᠨ ᠣᠷᠴᠢᠨ | ᠲᠣᠭᠤᠷᠢᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠠᠵᠤ ᠠᠬᠤᠶᠢᠯᠠᠯ ᠢ ᠱᠠᠯᠠᠪᠳᠠᠭᠤᠯᠤᠨ ᠵᠢᠯᠣᠭᠤᠳᠴᠤ ᠪᠠᠶᠢᠭᠠᠳ ︽ᠨᠢᠭᠡ | ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ︾ ᠶᠢᠨ ᠪᠠᠴᠢᠮ ᠪᠠᠶᠢᠳᠠᠯ ᠢ ᠠᠷᠭᠠᠴᠠᠬᠤ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠤᠨ ᠳᠠᠭᠠᠭᠠᠴᠠ ᠶᠢ | ᠪᠠᠭᠤᠷᠠᠭᠤᠯᠬᠤ᠂ ᠦᠢᠯᠡᠳᠪᠦᠷᠢᠯᠡᠯ ᠢ ᠵᠣᠭᠰᠣᠭᠠᠬᠤ᠂ ᠪᠣᠬᠢᠷᠲᠤᠯ ᠢ ᠵᠠᠰᠠᠬᠤ ᠶᠢ ᠴᠢᠩᠭᠠᠳᠬᠠᠬᠤ᠂ ᠶᠡᠭᠡ ᠬᠡᠮᠵᠢᠶᠡᠨ ᠤ | ᠪᠣᠳᠠᠰ ᠤᠨ ᠤᠷᠬᠢᠯ ᠢ ᠲᠡᠭᠡᠭᠡᠪᠦᠷᠢᠯᠡᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠠᠭᠠᠷ ᠮᠠᠨᠳᠠᠯ ᠤᠨ ᠪᠣᠬᠢᠷᠲᠤᠯ | ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢᠨ ᠬᠠᠮᠲᠤ ᠭᠤᠣᠯᠳᠠᠯᠭ᠎ᠠ ᠲᠠᠢ ᠠᠭᠠᠷ ᠮᠠᠨᠳᠠᠯ ᠤᠨ | ᠪᠣᠬᠢᠷᠲᠤᠯ ᠤᠨ ᠡᠬᠢ ᠰᠤᠷᠪᠤᠯᠵᠢ ᠶᠢᠨ ᠲᠤᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠤᠳᠠᠭ᠎ᠠ ᠶᠢ | ᠨᠡᠮᠡᠭᠳᠡᠭᠦᠯᠦᠨ᠎ᠡ᠃ ᠪᠠᠲᠤᠯᠠᠭ᠎ᠠ ᠶᠢᠨ ᠲᠥᠷᠥᠯ ᠤᠨ ᠠᠵᠤ ᠠᠬᠤᠶᠢᠯᠠᠯ ᠨᠢ ᠠᠷᠠᠳ ᠤᠨ ᠠᠮᠢᠳᠤᠷᠠᠯ ᠤᠨ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ ︽ᠢᠯᠴᠢ ᠪᠠᠷ ᠭᠠᠷᠤᠯᠲᠠ ᠪᠠᠨ ᠲᠣᠭᠲᠠᠭᠠᠬᠤ︾ ᠪᠤᠶᠤ ︽ᠬᠡᠮᠵᠢᠶ᠎ᠡ ᠪᠠᠷ | ᠭᠠᠷᠤᠯᠲᠠ ᠪᠠᠨ ᠲᠣᠭᠲᠠᠭᠠᠬᠤ︾ ᠬᠡᠷᠡᠭᠲᠡᠶ᠃ ᠢᠯᠴᠢ ᠶᠢᠨ ᠴᠠᠬᠢᠯᠭᠠᠨ᠂ ᠲᠣᠨᠤᠭ ᠲᠥᠬᠦᠭᠡᠷᠦᠮᠵᠢ ᠦᠢᠯᠡᠳᠬᠦ᠂ ᠠᠵᠤ | ᠦᠢᠯᠡᠳᠪᠦᠷᠢ ᠶᠢᠨ ᠲᠦᠷᠬᠢᠵᠦ ᠤᠭᠰᠠᠷᠠᠬᠤ᠂ ᠬᠡᠷ ᠤᠨ ᠬᠡᠷᠡᠭᠰᠡᠯ ᠦᠢᠯᠡᠳᠬᠦ᠂ ᠴᠢᠯᠠᠭᠤᠨ ᠲᠣᠰᠣ ᠬᠢᠮᠢ᠂ ᠴᠢᠳᠬᠤᠨ | ᠦᠢᠯᠡᠳᠬᠦ ᠵᠡᠷᠭᠡ ᠠᠵᠤ ᠠᠬᠤᠶᠢᠯᠠᠯ ᠢ ᠬᠠᠮᠢᠶᠠᠷᠤᠨ ᠡᠵᠡᠮᠳᠡᠬᠦ ᠶᠢ ᠳᠣᠪᠤᠶᠢᠯᠭᠠᠨ᠂ ᠠᠵᠤ ᠠᠬᠤᠶᠢᠯᠠᠯ ᠢ | ᠱᠠᠯᠠᠪᠳᠠᠭᠤᠯᠵᠦ ᠪᠠᠶᠢᠭᠠᠳ ᠬᠠᠶᠠᠭᠳᠠᠮᠠᠯ ᠬᠡᠢ ᠶᠢ ᠵᠠᠰᠠᠬᠤ ᠪᠡᠯᠡᠳᠬᠡᠮᠵᠢ ᠶᠢᠨ ᠠᠵᠢᠯᠯᠠᠭᠠᠨ ᠢ ᠴᠢᠩᠭᠠᠷᠠᠭᠤᠯᠵᠤ᠂ | ᠣᠷᠭᠠᠨᠢᠭ ᠠᠭᠤᠰᠬᠠᠭᠴᠢ ᠡᠳ᠋ ᠤᠨ ᠬᠡᠷᠡᠭᠯᠡᠯᠲᠡ ᠶᠢ ᠪᠠᠭᠠᠰᠬᠠᠨ᠂ ᠨᠥᠬᠦᠴᠡᠯ ᠲᠠᠢ ᠠᠵᠤ ᠠᠬᠤᠶᠢᠯᠠᠯ ᠨᠢ ᠬᠡᠷᠡᠯ | ᠬᠢᠮᠢ ᠶᠢᠨ ᠤᠷᠪᠠᠯ ᠤᠨ ᠵᠠᠩᠭᠢᠯᠠᠭ᠎ᠠ ᠶᠢᠨ ᠴᠠᠭ ︵8 - 18 ᠴᠠᠭ︶ ᠳᠤ ᠣᠷᠭᠢᠯ ᠤᠨ ᠬᠤᠭᠤᠴᠠᠭ᠎ᠠ ᠶᠢ ᠵᠥᠷᠢᠭᠦᠯᠦᠨ | ᠦᠶ᠋ᠯᠡᠳᠬᠦ ᠪᠠᠷ ᠳᠣᠭᠢᠷᠠᠭᠤᠯᠬᠤ ᠪᠤᠶᠤ ᠦᠢᠯᠡᠳᠪᠦᠷᠢᠯᠡᠯ ᠢᠶᠠᠨ ᠲᠦᠷ ᠵᠣᠭᠰᠣᠭᠠᠨ᠎ᠠ᠃ | ② ᠲᠣᠭᠤᠰᠣ ᠳᠡᠭᠳᠡᠬᠦ ᠡᠬᠢ ᠰᠤᠷᠪᠤᠯᠵᠢ ᠶᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ | ᠪᠠᠷᠢᠯᠭ᠎ᠠ ᠶᠢᠨ ᠭᠠᠵᠠᠷ ᠨᠢ ᠴᠢᠯᠠᠭᠤ ᠰᠢᠷᠤᠢ ᠴᠢᠯᠠᠭᠤ ᠮᠠᠯᠲᠠᠬᠤ ᠶᠢ ᠵᠣᠭᠰᠤᠭᠠᠬᠤ ︵ᠪᠠᠷᠢᠯᠭ᠎ᠠ ᠶᠢᠨ ᠠᠵᠢᠯ ᠢ | ᠨᠤᠷᠠᠭᠠᠬᠤ᠂ ᠴᠢᠯᠠᠭᠤ ᠮᠠᠯᠲᠠᠬᠤ᠂ ᠲᠠᠯᠠᠪᠠᠢ ᠶᠢᠨ ᠳᠣᠲᠣᠷ᠎ᠠ ᠭᠡᠳᠡᠷᠭᠦ ᠲᠡᠭᠡᠭᠡᠪᠦᠷᠢᠯᠡᠬᠦ᠂ ᠴᠢᠯᠠᠭᠤᠨ ᠦᠨᠡᠰᠦ ᠬᠤᠯᠢᠬᠤ᠂ | ᠪᠧᠲ᠋ᠣᠨ ᠨᠦᠬᠡᠯᠡᠵᠦ ᠮᠠᠯᠲᠠᠬᠤ ᠵᠡᠷᠭᠡ ᠠᠵᠢᠯ ᠢ ᠵᠣᠭᠰᠣᠭᠠᠵᠤ᠂ ᠪᠠᠷᠢᠯᠭ᠎ᠠ ᠶᠢᠨ ᠠᠵᠢᠯ ᠤᠨ ᠢᠵᠢ ᠪᠦᠷᠢᠳᠦᠭᠦᠯᠬᠦ ᠵᠠᠮ | ᠪᠠ ᠬᠤᠭᠤᠯᠠᠢ ᠭᠤᠤ ᠤᠬᠤᠵᠤ ᠮᠠᠯᠲᠠᠬᠤ ᠠᠵᠢᠯ ᠢ ᠵᠣᠭᠰᠣᠭᠠᠨ᠎ᠠ︶᠂ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ | ᠲᠡᠭᠡᠭᠡᠪᠦᠷᠢᠯᠡᠬᠦ ᠲᠡᠷᠭᠡ ᠪᠠ ᠬᠠᠶᠢᠷ ᠴᠢᠯᠠᠭᠤᠨ ᠲᠡᠭᠡᠭᠡᠪᠦᠷᠢ ᠶᠢᠨ ᠲᠡᠷᠭᠡ ᠬᠥᠰᠬᠡ ᠶᠢ ᠵᠠᠮ ᠳᠤ ᠭᠠᠷᠭᠠᠨ | ᠶᠠᠪᠤᠭᠤᠯᠬᠤ ᠶᠢ ᠴᠠᠭᠠᠵᠠᠯᠠᠬᠤ᠂ ᠰᠢᠷᠣᠢ ᠴᠢᠯᠠᠭᠤ ᠮᠠᠯᠲᠠᠬᠤ ᠵᠡᠷᠭᠡ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ | ᠮᠧᠬᠠᠨᠢᠭ ᠢᠶᠠᠷ ᠠᠵᠢᠯᠯᠠᠭᠤᠯᠬᠤ ᠶᠢ ᠵᠣᠭᠰᠣᠭᠠᠨ᠎ᠠ᠃ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠡᠳᠦᠷ | ᠲᠤᠲᠤᠮ ᠤᠨ ᠵᠠᠮ ᠤᠨ ᠠᠷᠢᠭᠤᠨ ᠴᠡᠪᠡᠷ ᠢ ᠬᠠᠮᠠᠭᠠᠯᠠᠬᠤ ᠤᠳᠠᠭ᠎ᠠ ᠳᠠᠷᠠᠭ᠎ᠠ ᠶᠢᠨ ᠰᠠᠭᠤᠷᠢᠨ ᠳᠡᠭᠡᠷ᠎ᠡ᠂ ᠴᠡᠪᠡᠷᠯᠡᠬᠦ᠂ | ᠤᠰᠤ ᠰᠦᠷᠴᠢᠬᠦ᠂ ᠰᠦᠷᠴᠢᠬᠦ ᠵᠡᠷᠭᠡ ᠠᠵᠢᠯ ᠤᠨ ᠳᠠᠪᠲᠠᠮᠵᠢ ᠤᠳᠠᠭ᠎ᠠ ᠶᠢ ᠨᠡᠮᠡᠭᠳᠡᠭᠦᠯᠦᠨ᠎ᠡ ︵ᠬᠥᠯᠳᠡᠬᠦ | ᠬᠤᠭᠤᠴᠠᠭᠠᠨ ᠳᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠡᠷᠡᠭᠵᠢᠭᠦᠯᠦᠨ᠎ᠡ︶᠃ ᠵᠠᠮ ᠬᠠᠷᠢᠯᠴᠠᠭ᠎ᠠ | ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠵᠠᠮ ᠬᠠᠷᠢᠯᠴᠠᠭᠠᠨ ᠤ ᠪᠠᠷᠢᠯᠭ᠎ᠠ ᠶᠢᠨ ᠪᠠᠷᠢᠯᠭ᠎ᠠ ᠪᠠᠷᠢᠬᠤ ᠪᠠ ᠵᠠᠰᠠᠮᠠᠯ | ᠵᠠᠮ ᠤᠨ ᠲᠡᠭᠡᠭᠡᠪᠦᠷᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ | ᠪᠠᠶᠢᠭᠠᠳ ᠵᠠᠰᠠᠮᠠᠯ ᠵᠠᠮ ᠤᠨ ᠲᠣᠭᠤᠰᠣ ᠳᠡᠭᠳᠡᠬᠦ ᠪᠣᠬᠢᠷᠲᠤᠯ ᠢ ᠰᠡᠷᠭᠡᠶᠢᠯᠡᠨ ᠵᠠᠰᠠᠨ᠎ᠠ᠃ | ᠴᠢᠩᠱᠠᠨ ᠲᠣᠭᠤᠷᠢᠭ ᠤᠨ ᠲᠣᠭᠲᠠᠭᠠᠭᠰᠠᠨ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ᠂ ᠠᠷᠠᠳ ᠤᠨ ᠠᠮᠢᠳᠤᠷᠠᠯ ᠤᠨ ᠢᠨᠵᠧᠨᠧᠷᠢᠩ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ | ᠪᠠᠷᠢᠯᠭ᠎ᠠ ᠪᠠᠷᠢᠬᠤ ᠵᠡᠷᠭᠡ ᠲᠠᠯ᠎ᠠ ᠪᠠᠷ ᠬᠡᠷᠡᠭᠴᠡᠭᠡ ᠪᠠᠨ ᠦᠨᠳᠦᠰᠦᠯᠡᠨ ᠦᠷᠭᠦᠯᠵᠢᠯᠡᠨ ᠠᠵᠢᠯᠯᠠᠵᠤ ᠪᠣᠯᠤᠨ᠎ᠠ᠂ ᠭᠡᠪᠡᠴᠦ | ︽ᠵᠢᠷᠭᠤᠭᠠᠨ ᠵᠠᠭᠤᠨ ᠤ ᠵᠠᠭᠤ︾ ᠶᠢᠨ ︵ᠪᠠᠷᠢᠯᠭ᠎ᠠ ᠶᠢᠨ ᠭᠠᠵᠠᠷ ᠤᠨ ᠡᠷᠭᠢᠨ ᠲᠣᠭᠤᠷᠢᠨ ᠢ 100% ᠪᠠᠷ ᠬᠦᠷᠢᠶᠡᠯᠡᠨ | ᠬᠠᠰᠢᠬᠤ᠂ ᠡᠳ᠋ ᠮᠠᠲ᠋ᠧᠷᠢᠶᠠᠯ ᠣᠪᠣᠭᠠᠯᠠᠨ ᠲᠠᠯᠪᠢᠬᠤ ᠶᠢ 100% ᠪᠠᠷ ᠪᠦᠷᠬᠦᠭᠦᠯᠬᠦ᠂ ᠣᠷᠣᠵᠤ ᠭᠠᠷᠬᠤ ᠲᠡᠷᠭᠡ | ᠬᠥᠰᠬᠡ ᠶᠢ 100% ᠪᠠᠷ ᠤᠬᠢᠶᠠᠬᠤ᠂ ᠪᠠᠷᠢᠯᠭ᠎ᠠ ᠪᠠᠷᠢᠬᠤ ᠲᠤᠬᠠᠶ ᠶᠢᠨ ᠭᠠᠵᠠᠷ ᠤᠨ ᠵᠠᠮ ᠢ 100% ᠪᠠᠷ | ᠬᠠᠲᠠᠭᠤᠷᠠᠭᠤᠯᠬᠤ᠂ ᠨᠤᠷᠠᠭᠠᠵᠤ ᠨᠡᠭᠦᠯᠭᠡᠬᠦ ᠪᠠᠷᠢᠯᠭ᠎ᠠ ᠶᠢᠨ ᠭᠠᠵᠠᠷ ᠢ 100% ᠪᠠᠷ ᠴᠢᠭᠢᠭᠯᠢᠭ ᠠᠷᠭ᠎ᠠ ᠪᠠᠷ | ᠠᠵᠢᠯᠯᠠᠬᠤ᠂ ᠬᠤᠭ ᠰᠢᠷᠣᠶ ᠶᠢᠨ ᠲᠡᠷᠭᠡ ᠬᠥᠰᠬᠡ ᠶᠢ 100% ᠪᠠᠷ ᠨᠢᠭᠲᠠ ᠪᠢᠲᠡᠭᠦᠮᠵᠢᠯᠡᠨ ᠲᠡᠭᠡᠭᠡᠪᠦᠷᠢᠯᠡᠬᠦ︶ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠢᠴᠦᠭᠦᠨ ᠲᠠᠯᠠᠪᠤᠷ ᠭᠠᠵᠠᠷ ᠢ ᠪᠦᠬᠦᠨ ᠢ ᠪᠦᠷᠬᠦᠵᠦ᠂ ᠤᠰᠤ | ᠰᠦᠷᠴᠢᠨ ᠲᠣᠭᠤᠰᠣ ᠳᠠᠷᠤᠬᠤ ᠤᠳᠠᠭ᠎ᠠ ᠶᠢ ᠨᠡᠮᠡᠭᠳᠡᠭᠦᠯᠦᠨ᠎ᠡ᠃ | ③ ᠰᠢᠯᠵᠢᠮᠡᠯ ᠬᠤᠯᠪᠤᠭᠠᠨ ᠤ ᠢᠷᠡᠯᠲᠡ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠃ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠷᠢᠯᠭ᠎ᠠ ᠶᠢᠨ ᠭᠠᠵᠠᠷ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ | ᠲᠣᠭᠤᠷᠢᠭ ᠲᠤ ᠤᠯᠤᠰ ᠤᠨ ᠬᠤᠶᠠᠳᠤᠭᠠᠷ ᠵᠢᠴᠢ ᠲᠡᠭᠦᠨ ᠠᠴᠠ ᠳᠣᠷᠣᠭᠰᠢᠬᠢ ᠵᠠᠮ ᠬᠠᠷᠢᠯᠴᠠᠭᠠᠨ ᠤ ᠪᠤᠰᠤ | ᠰᠢᠯᠵᠢᠮᠡᠯ ᠮᠠᠰᠢᠨ ᠲᠡᠷᠭᠡ ᠬᠡᠷᠡᠭᠯᠡᠬᠦ ᠶᠢ ᠴᠠᠭᠠᠵᠠᠯᠠᠨ᠎ᠠ︔ ᠵᠠᠷᠴᠢᠮ ᠳᠡᠭᠡᠷ᠎ᠡ ᠪᠠᠨ ᠬᠤᠲᠠ ᠶᠢᠨ ᠠᠵᠢᠯᠯᠠᠭᠠᠨ ᠤ | ᠪᠠᠲᠤᠯᠠᠭ᠎ᠠ ᠶᠢᠨ ᠲᠡᠷᠭᠡ ᠬᠥᠰᠬᠡ ᠪᠠ ᠡᠭᠦᠷᠭᠡ ᠭᠦᠢᠴᠡᠳᠬᠡᠬᠦ ᠣᠨᠴᠠ ᠲᠥᠷᠥᠯ ᠤᠨ ᠲᠡᠷᠭᠡ ᠬᠥᠰᠬᠡ ᠶᠢ ᠭᠠᠷᠭᠠᠪᠠᠯ᠂ | ᠤᠷᠢᠳᠴᠢᠯᠠᠨ ᠰᠡᠷᠡᠮᠵᠢᠯᠡᠬᠦ ᠣᠷᠣᠨ ᠪᠦᠰᠡ ᠶᠢᠨ ᠳᠣᠲᠣᠷ᠎ᠠ ᠬᠦᠨᠳᠦ ᠬᠡᠯᠪᠡᠷᠢ ᠶᠢᠨ ᠪᠠ ᠳᠤᠮᠳᠠ ᠬᠡᠯᠪᠡᠷᠢ ᠶᠢᠨ | ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ︵ᠰᠢᠲᠠᠮᠠᠬᠠᠶ ᠬᠡᠢ ᠪᠠᠭᠲᠠᠨ᠎ᠠ︶᠂ ᠭᠤᠷᠪᠠᠨ ᠬᠦᠷᠳᠦᠲᠦ ᠮᠠᠰᠢᠨ ᠲᠡᠷᠭᠡ᠂ | ᠳᠣᠤᠷ᠎ᠠ ᠬᠤᠷᠳᠤᠴᠠᠲᠤ ᠪᠠᠷᠠᠭ᠎ᠠ ᠲᠡᠭᠡᠭᠡᠬᠦ ᠮᠠᠰᠢᠨ ᠲᠡᠷᠭᠡ ᠪᠠ ᠲᠷᠠᠺᠲ᠋ᠣᠷ ᠨᠡᠪᠲᠡᠷᠡᠬᠦ ᠶᠢ ᠴᠠᠭᠠᠵᠠᠯᠠᠨ᠎ᠠ︔ | ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠴᠢᠩᠱᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ᠬᠦᠨᠳᠦ ᠪᠣᠬᠢᠷᠲᠤᠯ ᠲᠠᠢ ᠴᠠᠭ ᠠᠭᠤᠷ ᠢᠶᠠᠷ | ᠶᠠᠪᠤᠬᠤ ᠶᠢ ᠬᠢᠵᠠᠭᠠᠷᠯᠠᠬᠤ ᠵᠠᠷᠯᠠᠯ ᠶᠣᠰᠣᠭᠠᠷ᠂ ᠬᠦᠨᠳᠦ ᠬᠡᠯᠪᠡᠷᠢ᠂ ᠳᠤᠮᠳᠠ ᠬᠡᠯᠪᠡᠷᠢ ᠶᠢᠨ ᠪᠠᠷᠠᠭᠠᠨ ᠤ ᠲᠡᠷᠭᠡ ᠵᠢᠴᠢ | ᠪᠠᠷᠢᠯᠭ᠎ᠠ ᠶᠢᠨ ᠲᠡᠷᠭᠡ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠵᠦ᠂ | ᠬᠢᠯᠢ ᠪᠠᠷ ᠥᠩᠭᠡᠷᠡᠬᠦ ᠲᠡᠷᠭᠡ ᠬᠥᠰᠬᠡ ᠶᠢ ᠬᠥᠲᠥᠯᠥᠨ ᠵᠢᠯᠣᠭᠤᠳᠴᠤ ᠪᠠᠶᠢᠭᠠᠳ ᠭᠤᠣᠯ ᠬᠤᠲᠠ ᠶᠢᠨ | ᠲᠣᠭᠤᠷᠢᠭ ᠲᠤ ᠶᠠᠪᠤᠭᠤᠯᠬᠤ ᠠᠴᠠ ᠵᠠᠶᠢᠯᠠᠭᠤᠯᠤᠨ᠎ᠠ᠃ | ④ ᠪᠤᠰᠤᠳ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠬᠡᠮᠵᠢᠶ᠎ᠡ᠃ ᠬᠠᠮᠢᠶ᠎ᠠ ᠪᠦᠬᠦᠢ ᠬᠦᠨᠳᠦ | ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠰᠠᠯᠠᠭ᠎ᠠ ᠮᠥᠴᠢᠷ ᠤᠳ ᠵᠠᠳᠠᠭᠠᠶ ᠰᠢᠲᠠᠭᠠᠬᠤ᠂ ᠢᠳᠡᠭᠡᠨ ᠤᠮᠳᠠᠭᠠᠨ ᠤ | ᠲᠣᠰᠣᠨ ᠣᠲᠤᠭ᠎ᠠ ᠶᠢ ᠬᠠᠮᠢᠶᠠᠷᠤᠨ ᠡᠵᠡᠮᠳᠡᠬᠦ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠵᠡᠷᠭᠡ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠤᠰᠤᠳ ᠵᠣᠬᠢᠰᠲᠠᠶᠠᠷᠭᠠ ᠬᠡᠮᠵᠢᠶ᠎ᠡ ᠶᠢ ᠠᠪᠤᠨ᠎ᠠ᠃ ᠲᠠᠷᠢᠶᠠᠯᠠᠩ ᠮᠠᠯ | ᠠᠵᠤ ᠠᠬᠤᠶ ᠶᠢᠨ ᠰᠠᠯᠠᠭ᠎ᠠ ᠮᠥᠴᠢᠷ ᠪᠣᠯᠤᠨ ᠴᠢᠩ ᠹᠦ᠋ ᠪᠠᠯᠭᠠᠰᠤ᠂ ᠰᠢᠩ ᠱᠧᠩ ᠪᠠᠯᠭᠠᠰᠤ ᠲᠠᠷᠢᠮᠠᠯ ᠤᠨ ᠡᠰᠢ | ᠰᠦᠷᠡᠯ ᠰᠢᠲᠠᠭᠠᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ | ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠮᠣᠳᠣᠨ ᠨᠠᠪᠴᠢ᠂ ᠬᠤᠭ ᠨᠣᠪᠰᠢ ᠶᠢ ᠭᠠᠳᠠᠨ᠎ᠠ | ᠰᠢᠲᠠᠭᠠᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠢᠳᠡᠭᠡᠨ | ᠤᠮᠳᠠᠭᠠᠨ ᠤ ᠲᠣᠰᠣᠨ ᠣᠲᠤᠭ᠎ᠠ ᠰᠢᠢᠳᠪᠦᠷᠢᠯᠡᠬᠦ ᠪᠡᠯᠡᠳᠬᠡᠮᠵᠢ ᠶᠢᠨ ᠬᠡᠪ ᠤᠨ ᠠᠵᠢᠯᠯᠠᠭᠠᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠬᠤᠸᠠᠷ ᠫᠤᠤᠵᠢᠩ | ᠲᠠᠯᠪᠢᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠬᠡᠷᠡᠯ ᠬᠢᠮᠢ ᠶᠢᠨ | ᠤᠷᠪᠠᠯ ᠤᠨ ᠵᠠᠩᠭᠢᠯᠠᠭ᠎ᠠ ᠶᠢᠨ ᠴᠠᠭ ︵8 - 18 ᠴᠠᠭ︶ ᠲᠤ ᠭᠠᠳᠠᠷ ᠲᠠᠯ᠎ᠠ ᠶᠢᠨ ᠰᠦᠷᠴᠢᠨ ᠰᠢᠷᠳᠡᠬᠦ᠂ ᠵᠠᠮ ᠤᠨ | ᠪᠠᠷᠤᠭᠰᠢᠨ ᠳᠡᠪᠢᠰᠬᠦ᠂ ᠬᠤᠲᠠ ᠶᠢᠨ ᠶᠠᠪᠤᠳᠠᠯ ᠤᠨ ᠪᠡᠯᠡᠳᠬᠡᠮᠵᠢ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠲᠡᠮᠳᠡᠭ | ᠵᠢᠷᠤᠭᠠᠰᠤ ᠶᠢᠨ ᠰᠢᠷᠳᠡᠬᠦ ᠵᠡᠷᠭᠡ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠭᠠᠳᠠᠭᠰᠢᠯᠠᠭᠤᠯᠬᠤ ᠠᠵᠢᠯ | ᠥᠷᠨᠢᠭᠦᠯᠬᠦ ᠠᠴᠠ ᠵᠠᠶᠢᠯᠠᠰᠬᠢᠨ᠎ᠡ᠃ ᠦᠨᠡᠨᠬᠦ ᠪᠠᠷᠢᠯᠭ᠎ᠠ ᠪᠠᠷᠢᠬᠤ ᠴᠢᠬᠤᠯᠠᠲᠠᠶ ᠪᠣᠯ ᠨᠠᠷᠢᠯᠢᠭᠵᠢᠭᠤᠯᠤᠨ ᠬᠠᠮᠢᠶᠠᠷᠤᠨ | ᠡᠵᠡᠮᠳᠡᠬᠦ ᠶᠢ ᠬᠡᠷᠡᠭᠵᠢᠭᠦᠯᠵᠦ᠂ ᠤᠰᠤᠨ ᠤ ᠴᠢᠨᠠᠷᠲᠠᠶ ᠰᠢᠷ ᠵᠡᠷᠭᠡ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ | ᠠᠭᠤᠯᠤᠭᠳᠠᠴᠠ ᠲᠠᠢ ᠰᠢᠷ ᠢ ᠬᠡᠷᠡᠭᠯᠡᠨ᠎ᠡ᠃ | 4.3.3 Ⅱ ᠲᠠᠰ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ | Ⅲ ᠲᠠᠰ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ | ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠯᠪᠠᠳᠠᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠶᠢ ᠨᠡᠮᠡᠨ᠎ᠡ᠄ | ︵1︶ ᠡᠷᠡᠭᠦᠯ ᠮᠡᠨᠳᠦ ᠶᠢ ᠬᠠᠮᠠᠭᠠᠯᠠᠬᠤ ᠠᠷᠭ᠎ᠠ ᠬᠡᠮᠵᠢᠶ᠎ᠡ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ | ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠭᠡᠷ ᠤᠨ ᠭᠠᠳᠠᠨᠠᠬᠢ ᠬᠢᠴᠢᠶᠡᠯ ᠵᠢᠴᠢ ᠠᠵᠢᠯᠯᠠᠭ᠎ᠠ ᠶᠢ ᠨᠢ ᠵᠣᠭᠰᠣᠭᠠᠵᠤ᠂ ᠪᠡᠶ᠎ᠡ ᠶᠢᠨ ᠲᠠᠮᠢᠷ ᠤᠨ | ᠰᠢᠯᠭᠠᠯᠲᠠ ᠪᠣᠯᠤᠨ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠭᠡᠷ ᠤᠨ ᠭᠠᠳᠠᠨᠠᠬᠢ ᠠᠵᠢᠯᠯᠠᠭ᠎ᠠ ᠶᠢ ᠬᠤᠶᠢᠰᠢᠯᠠᠭᠤᠯᠤᠨ | ᠬᠢᠬᠦ ᠶᠢ ᠬᠠᠷᠢᠭᠤᠴᠠᠨ᠎ᠠ᠃ | ︵2︶ ᠠᠵᠤ ᠦᠢᠯᠡᠳᠪᠦᠷᠢ ᠶᠢᠨ ᠢᠷᠡᠯᠲᠡ ᠶᠢᠨ ᠪᠣᠬᠢᠷᠳᠠᠯ ᠢ ᠪᠠᠭᠠᠰᠭᠠᠬᠤ ᠠᠷᠭ᠎ᠠ ᠬᠡᠮᠵᠢᠶ᠎ᠡ᠃ ᠠᠮᠢ ᠠᠬᠤᠶ | ᠣᠷᠴᠢᠨ ᠲᠣᠭᠤᠷᠢᠨ ᠤ ᠰᠠᠯᠠᠭ᠎ᠠ ᠮᠥᠴᠢᠷ ᠤᠳ ᠠᠵᠤ ᠦᠢᠯᠡᠳᠪᠦᠷᠢ ᠶᠢᠨ ᠢᠷᠡᠯᠲᠡ ᠶᠢᠨ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠮᠢᠶ᠎ᠠ ᠪᠦᠬᠦᠢ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ | ᠰᠠᠯᠠᠭ᠎ᠠ ᠮᠥᠴᠢᠷ ᠤᠳ ᠠᠵᠤ ᠦᠢᠯᠡᠳᠪᠦᠷᠢ ᠠᠵᠤ ᠠᠬᠤᠶᠢᠯᠠᠯ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ | ᠶᠣᠰᠣᠭᠠᠷ᠂ ᠠᠵᠤ ᠠᠬᠤᠶᠢᠯᠠᠯ ᠢ ᠱᠠᠯᠠᠪᠳᠠᠭᠤᠯᠤᠨ ᠵᠢᠯᠣᠭᠤᠳᠴᠤ ᠪᠠᠶᠢᠭᠠᠳ ᠤᠯᠠᠪᠤᠷ ᠥᠩᠭᠡ ᠶᠢᠨ ᠰᠡᠷᠡᠮᠵᠢᠯᠡᠬᠦ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠤᠳ ᠨᠡᠭᠦᠷᠡᠰᠦ ᠲᠦᠯᠡᠵᠦ ᠴᠠᠬᠢᠯᠭᠠᠨ | ᠭᠠᠷᠭᠠᠬᠤ ᠠᠵᠤ ᠠᠬᠤᠶᠢᠯᠠᠯ ᠢ ᠰᠢᠮᠳᠠᠭᠤᠯᠤᠨ ᠵᠢᠯᠣᠭᠤᠳᠴᠤ ᠪᠠᠶᠢᠭᠠᠳ ᠴᠢᠨᠠᠷ ᠰᠠᠶᠢᠲᠠᠶ ᠨᠡᠭᠦᠷᠡᠰᠦ ᠬᠡᠷᠡᠭᠯᠡᠬᠦ | ᠬᠠᠷᠢᠴᠠᠯ ᠢ ᠨᠡᠮᠡᠭᠳᠡᠭᠦᠯᠵᠦ᠂ ᠨᠡᠭᠦᠷᠡᠰᠦ ᠲᠦᠯᠡᠵᠦ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠱᠠᠲᠤ ᠬᠤᠪᠢᠶᠠᠨ | ᠡᠭᠡᠯᠵᠢᠯᠡᠨ ᠴᠠᠬᠢᠯᠭᠠᠨ ᠭᠠᠷᠭᠠᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠦᠨ᠎ᠡ᠃ | ︵3︶ ᠲᠣᠭᠤᠰᠣ ᠳᠡᠭᠳᠡᠬᠦ ᠡᠬᠢ ᠰᠤᠷᠪᠤᠯᠵᠢ ᠶᠢ ᠭᠠᠳᠠᠭᠱᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ | ᠪᠠᠷᠢᠯᠭ᠎ᠠ ᠶᠢᠨ ᠭᠠᠵᠠᠷ ᠤᠨ ᠭᠡᠷ ᠤᠨ ᠭᠠᠳᠠᠨ᠎ᠠ ᠰᠦᠷᠴᠢᠨ ᠰᠢᠷᠳᠡᠬᠦ᠂ ᠨᠠᠯᠠᠤ ᠶᠢ ᠬᠠᠮᠠᠭᠠᠯᠠᠨ ᠡᠭᠡᠳᠡᠩ ᠰᠦᠷᠴᠢᠬᠦ᠂ | ᠬᠡᠷᠴᠢᠬᠦ᠂ ᠵᠠᠮ ᠪᠡᠯᠡᠳᠬᠡᠮᠵᠢ ᠶᠢᠨ ᠢᠯᠵᠢᠷᠡᠬᠦ ᠶᠢ ᠰᠡᠷᠭᠡᠶᠢᠯᠡᠬᠦ᠂ ᠵᠠᠮ ᠤᠨ ᠪᠠᠷᠤᠭᠰᠢᠨ ᠳᠡᠪᠢᠰᠬᠦ ᠵᠡᠷᠭᠡ ᠪᠠᠷᠢᠯᠭ᠎ᠠ ᠶᠢᠨ | ᠠᠵᠢᠯ ᠢ ᠵᠤᠭᠰᠤᠭᠠᠨ᠎ᠠ᠃ ᠲᠣᠭᠤᠰᠣ ᠳᠡᠭᠳᠡᠬᠦ᠂ ᠤᠲᠤᠭ᠎ᠠ ᠲᠣᠭᠤᠰᠣ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠤᠨ | ᠨᠡᠭᠦᠷᠡᠰᠦ᠂ ᠬᠡᠦᠷᠡᠰᠦ᠂ ᠱᠠᠷᠤᠭ᠂ ᠬᠠᠶᠢᠷ ᠴᠢᠯᠠᠭᠤ ᠵᠡᠷᠭᠡ ᠣᠪᠣᠭᠠᠯᠠᠬᠤ ᠲᠠᠯᠠᠪᠠᠶ ᠶᠢ ᠪᠦᠷᠬᠦᠭᠰᠡᠨ ᠪᠤᠶᠤ ᠲᠠᠰᠤᠷᠠᠯᠲᠠ | ᠥᠬᠡᠶ ᠰᠦᠷᠴᠢᠨ ᠨᠣᠷᠭᠠᠭᠰᠠᠨ ᠵᠡᠷᠭᠡ ᠲᠣᠭᠤᠰᠣ ᠬᠤᠷᠢᠭᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠠᠶᠢᠭ᠎ᠠ | ᠪᠠᠶᠢᠳᠠᠯ ᠤᠨ ᠪᠠᠶᠢᠴᠠᠭᠠᠯᠲᠠ ᠶᠢ ᠴᠢᠩᠭᠠᠳᠬᠠᠨ᠎ᠠ᠃ ᠪᠠᠷᠢᠯᠭ᠎ᠠ ᠶᠢᠨ ᠭᠠᠵᠠᠷ ᠨᠢ ᠮᠠᠲ᠋ᠧᠷᠢᠶᠠᠯ ᠤᠨ ᠣᠪᠣᠭ᠎ᠠ᠂ | ᠰᠢᠷᠣᠶ ᠶᠢᠨ ᠣᠪᠣᠭ᠎ᠠ ᠳᠤ ᠤᠰᠤ ᠰᠦᠷᠴᠢᠬᠦ ᠪᠠ ᠰᠦᠷᠴᠢᠬᠦ ᠤᠳᠠᠭ᠎ᠠ ᠶᠢ ᠳᠡᠭᠡᠭᠰᠢᠯᠡᠭᠦᠯᠬᠦ ᠪᠤᠶᠤ ᠪᠦᠷᠬᠦᠬᠦ ᠠᠷᠭ᠎ᠠ | ᠬᠡᠮᠵᠢᠶ᠎ᠡ ᠠᠪᠤᠨ᠎ᠠ᠃ ᠪᠠᠷᠢᠯᠭ᠎ᠠ ᠶᠢᠨ ᠲᠤᠬᠠᠶ ᠶᠢᠨ ᠲᠠᠯᠠᠪᠠᠶ ᠪᠠ ᠭᠤᠤᠯᠳᠠᠯᠭ᠎ᠠ ᠲᠠᠢ ᠠᠵᠤ ᠠᠬᠤᠶᠢᠯᠠᠯ ᠤᠨ ᠨᠡᠭᠦᠷᠡᠰᠦ᠂ | ᠬᠡᠦᠷᠡᠰᠦ᠂ ᠱᠠᠷᠤᠭ᠂ ᠬᠠᠶᠢᠷ ᠴᠢᠯᠠᠭᠤ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠲᠤᠬᠠᠶ ᠶᠢᠨ ᠲᠠᠯᠠᠪᠤᠷ ᠲᠤ ᠤᠰᠤ | ᠰᠦᠷᠴᠢᠨ ᠤᠬᠢᠶᠠᠬᠤ ᠤᠳᠠᠭ᠎ᠠ ᠶᠢ ᠡᠳᠦᠷ ᠪᠦᠷᠢ 4 ᠤᠳᠠᠭ᠎ᠠ ᠠᠴᠠ ᠳᠤᠲᠠᠭᠤ ᠪᠠᠶᠢᠯᠭᠠᠵᠤ ᠪᠣᠯᠬᠤ ᠥᠬᠡᠶ︔ | ᠬᠤᠲᠠ ᠶᠢᠨ ᠵᠠᠮ ᠳᠤ ᠤᠰᠤ ᠰᠦᠷᠴᠢᠨ ᠤᠬᠢᠶᠠᠬᠤ ᠤᠳᠠᠭ᠎ᠠ ᠶᠢ ᠡᠳᠦᠷ ᠪᠦᠷᠢ 4 ᠤᠳᠠᠭ᠎ᠠ ᠠᠴᠠ ᠳᠤᠲᠠᠭᠤ | ᠪᠠᠶᠢᠯᠭᠠᠵᠤ ᠪᠣᠯᠬᠤ ᠥᠬᠡᠶ᠃ | ︵4︶ ᠰᠢᠯᠵᠢᠮᠡᠯ ᠡᠬᠢ ᠰᠤᠷᠪᠤᠯᠵᠢ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ | ᠬᠡᠮᠵᠢᠶ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠵᠠᠮ ᠬᠠᠷᠢᠯᠴᠠᠭᠠᠨ ᠤ | ᠲᠡᠭᠡᠭᠡᠪᠦᠷᠢ ᠶᠢᠨ ᠴᠢᠳᠠᠪᠤᠷᠢ ᠶᠢ ᠨᠡᠮᠡᠭᠳᠡᠭᠦᠯᠬᠦ ᠶᠢ ᠬᠠᠷᠢᠭᠤᠴᠠᠵᠤ᠂ ᠬᠤᠲᠠ ᠶᠢᠨ ᠠᠷᠠᠳ ᠤᠨ ᠶᠠᠪᠤᠵᠤ ᠰᠠᠭᠤᠬᠤ ᠶᠢ | ᠪᠠᠲᠤᠯᠠᠨ᠎ᠠ᠃ ᠪᠠᠷᠠᠭᠠᠨ ᠤ ᠭᠦᠢᠯᠭᠡᠭᠡ ᠵᠡᠷᠭᠡ ᠶᠡᠭᠡ ᠬᠡᠮᠵᠢᠶᠡᠨ ᠤ ᠲᠦᠭᠦᠬᠡᠢ ᠮᠠᠲ᠋ᠧᠷᠢᠶᠠᠯ ᠪᠠ ᠦᠢᠯᠡᠳᠭᠦᠨ ᠤ | ᠲᠡᠭᠡᠭᠡᠪᠦᠷᠢ ︵ᠡᠳᠦᠷ ᠳᠤᠲᠤᠮ ᠤᠨ ᠲᠡᠷᠭᠡ ᠬᠦᠰᠭᠡ ᠶᠢᠨ ᠤᠷᠤᠵᠤ ᠭᠠᠷᠬᠤ ᠬᠡᠮᠵᠢᠶ᠎ᠡ ᠨᠢ 10 ᠲᠡᠷᠭᠡ ᠠᠴᠠ | ᠬᠡᠲᠦᠷᠡᠭᠰᠡᠨ︶ ᠲᠠᠢ ᠬᠤᠯᠪᠤᠭᠳᠠᠭᠰᠠᠨ ᠨᠢᠭᠡᠴᠡ ᠨᠦᠭᠦᠳ ᠤᠯᠤᠰ ᠤᠨ ᠳᠦᠷᠪᠡᠨ ᠵᠢᠴᠢ ᠲᠡᠭᠦᠨ ᠠᠴᠠ ᠲᠤᠷᠤᠭᠰᠢᠬᠢ | ᠬᠦᠨᠳᠦ ᠬᠡᠯᠪᠡᠷᠢ ᠶᠢᠨ ᠪᠠᠷᠠᠭ᠎ᠠ ᠲᠡᠭᠡᠭᠡᠬᠦ ᠮᠠᠰᠢᠨ ᠲᠡᠷᠭᠡ ︵ᠰᠢᠲᠠᠮᠠᠬᠠᠢ ᠬᠡᠢ ᠪᠠᠭᠲᠠᠨ᠎ᠠ︶ ᠪᠠᠷ ᠲᠡᠭᠡᠭᠡᠪᠦᠷᠢᠯᠡᠬᠦ ᠶᠢ | ᠴᠠᠭᠠᠵᠠᠯᠠᠨ᠎ᠠ ︵ᠣᠨᠴᠠ ᠲᠦᠷᠦᠯ ᠤᠨ ᠲᠡᠷᠭᠡ ᠬᠥᠰᠬᠡ᠂ ᠠᠶᠤᠯᠲᠠᠢ ᠬᠢᠮᠢ ᠶᠢᠨ ᠪᠤᠳᠠᠰ ᠤᠨ ᠲᠡᠷᠭᠡ ᠬᠦᠰᠭᠡ ᠵᠡᠷᠭᠡ | ᠪᠠᠭᠲᠠᠬᠤ ᠦᠭᠡᠢ︶ ᠃ | 4.3.4 Ⅰ ᠳᠡᠰ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ | Ⅱ ᠲᠠᠰ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ | ᠳᠣᠤᠷᠠᠬᠢ ᠮᠡᠲᠦ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠯᠪᠠᠳᠠᠯᠭ᠎ᠠ ᠶᠢᠨ ᠴᠢᠨᠠᠷᠲᠠᠶ ᠠᠷᠭ᠎ᠠ | ᠬᠡᠮᠵᠢᠶ᠎ᠡ ᠶᠢ ᠨᠡᠮᠡᠨ᠎ᠡ᠄ | ︵1︶ ᠡᠷᠡᠭᠦᠯ ᠮᠡᠨᠳᠦ ᠶᠢ ᠬᠠᠮᠠᠭᠠᠯᠠᠬᠤ ᠠᠷᠭ᠎ᠠ ᠬᠡᠮᠵᠢᠶ᠎ᠡ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ | ᠨᠥᠬᠦᠴᠡᠯ ᠲᠠᠢ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠢᠶᠠᠨ ᠵᠣᠭᠰᠣᠭᠠᠬᠤ ᠶᠢ | ᠵᠢᠯᠣᠭᠤᠳᠬᠤ ᠶᠢᠨ ᠬᠠᠮᠲᠤ ᠬᠢᠴᠢᠶᠡᠯ ᠢᠶᠠᠨ ᠵᠣᠭᠰᠣᠬᠤ ᠬᠤᠭᠤᠴᠠᠭᠠᠨ ᠳᠠᠬᠢ ᠰᠤᠷᠤᠭᠴᠢᠳ ᠤᠨ ᠰᠤᠷᠤᠯᠭ᠎ᠠ ᠶᠢ ᠵᠦᠢ | ᠵᠣᠬᠢᠰᠲᠠᠶ ᠲᠣᠬᠢᠷᠠᠭᠤᠯᠵᠤ᠂ ᠬᠢᠴᠢᠶᠡᠯ ᠵᠤᠭᠰᠤᠪᠠᠴᠤ ᠰᠤᠷᠤᠯᠭ᠎ᠠ ᠵᠤᠭᠰᠤᠬᠤ ᠦᠭᠡᠢ ᠪᠠᠶᠢᠨ᠎ᠠ᠃ | ︵2︶ ᠪᠣᠬᠢᠷᠳᠠᠯ ᠢ ᠪᠠᠭᠠᠰᠭᠠᠬᠤ ᠠᠯᠪᠠᠳᠠᠯᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ᠃ | ① ᠠᠵᠤ ᠦᠢᠯᠡᠳᠪᠦᠷᠢ ᠶᠢᠨ ᠢᠷᠡᠯᠲᠡ ᠶᠢᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠠᠷᠭ᠎ᠠ ᠬᠡᠮᠵᠢᠶ᠎ᠡ᠃ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠳ ᠠᠵᠤ ᠦᠢᠯᠡᠳᠪᠦᠷᠢ ᠶᠢᠨ ᠡᠬᠢ | ᠰᠤᠷᠪᠤᠯᠵᠢ ᠶᠢ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠮᠢᠶ᠎ᠠ ᠪᠦᠬᠦᠢ ᠬᠦᠨᠳᠦ ᠪᠣᠬᠢᠷᠲᠤᠯ ᠲᠠᠢ | ᠴᠠᠭ ᠠᠭᠤᠷ ᠢ ᠠᠷᠭᠠᠴᠠᠬᠤ ᠰᠠᠯᠠᠭ᠎ᠠ ᠮᠥᠴᠢᠷ ᠤᠳ ᠠᠵᠤ ᠦᠢᠯᠡᠳᠪᠦᠷᠢ ᠠᠵᠤ ᠠᠬᠤᠶᠢᠯᠠᠯ ᠤᠨ ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠨᠠᠷᠢᠨ ᠬᠠᠭᠤᠳᠠᠰᠤ ᠶᠢᠨ ᠶᠣᠰᠣᠭᠠᠷ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠲᠠᠪᠦᠷᠢᠵᠢᠭᠤᠯᠤᠨ᠎ᠠ᠃ ᠣᠨ ᠤ ᠬᠤᠴᠣᠷᠤᠩᠭᠤᠶ ᠦᠢᠯᠡᠳᠪᠦᠷᠢᠯᠡᠬᠦ | ᠴᠢᠳᠠᠪᠤᠷᠢ ᠶᠢ ᠰᠢᠭᠰᠢᠭᠳᠡᠭᠦᠯᠬᠦ ᠲᠥᠯᠥᠪᠯᠡᠭᠡ ᠳᠤ ᠵᠢᠭᠰᠠᠭᠠᠨ ᠣᠷᠣᠭᠤᠯᠤᠭᠰᠠᠨ ᠠᠭᠠᠷ ᠮᠠᠨᠳᠠᠯ ᠤᠨ ᠪᠣᠬᠢᠷ ᠪᠣᠳᠠᠰ | ᠭᠠᠳᠠᠭᠰᠢᠯᠠᠭᠤᠯᠬᠤ ᠠᠵᠤ ᠠᠬᠤᠶᠢᠯᠠᠯ ᠪᠦᠬᠦᠨ ᠢ ᠬᠠᠤᠯᠢ ᠶᠣᠰᠣᠭᠠᠷ ᠦᠢᠯᠡᠳᠪᠦᠷᠢᠯᠡᠬᠦ ᠪᠠᠨ ᠵᠤᠭᠰᠤᠭᠠᠨ᠎ᠠ᠃ | ② ᠰᠢᠯᠵᠢᠮᠡᠯ ᠢᠷᠡᠯᠲᠡ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠃ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠮᠠᠱᠢᠨ ᠲᠡᠷᠭᠡ ᠶᠢ ᠬᠠᠮᠢᠶᠠᠷᠤᠨ ᠡᠵᠡᠮᠳᠡᠬᠦ ᠨᠡᠩ ᠴᠢᠩᠭ᠎ᠠ ᠠᠷᠭ᠎ᠠ ᠬᠡᠮᠵᠢᠶ᠎ᠡ | ᠠᠪᠤᠨ᠎ᠠ᠃ | 4.4 ᠮᠡᠳᠡᠭᠡ ᠵᠠᠩᠬᠢ ᠶᠢ ᠢᠯᠡ ᠪᠤᠯᠭᠠᠬᠤ | 4.4.1 ᠮᠡᠳᠡᠭᠡ ᠵᠠᠩᠬᠢ ᠶᠢ ᠢᠯᠡ ᠪᠤᠯᠭᠠᠬᠤ ᠠᠭᠤᠯᠭ᠎ᠠ | ᠮᠡᠳᠡᠭᠡ ᠵᠠᠩᠭᠢ ᠶᠢ ᠢᠯᠡ ᠪᠣᠯᠭᠠᠬᠤ ᠠᠭᠤᠯᠭ᠎ᠠ ᠳᠤ ᠬᠦᠨᠳᠦ ᠪᠣᠬᠢᠷᠲᠤᠯ ᠲᠠᠢ ᠴᠠᠭ ᠠᠭᠤᠷ ᠦᠷᠭᠦᠯᠵᠢᠯᠡᠵᠦ | ᠮᠡᠳᠡᠬᠦ᠂ ᠳᠠᠯᠳᠠ ᠬᠤᠤᠷ ᠬᠥᠨᠥᠭᠡᠯ ᠵᠢᠴᠢ ᠰᠡᠷᠭᠡᠶᠢᠯᠡᠬᠦ ᠰᠠᠨᠠᠭᠤᠯᠭ᠎ᠠ᠂ ᠪᠠᠴᠢᠮ ᠪᠠᠶᠢᠳᠠᠯ ᠢ ᠠᠷᠭᠠᠴᠠᠬᠤ ᠠᠵᠢᠯ ᠤᠨ | ᠠᠬᠢᠴᠠ ᠶᠢᠨ ᠪᠠᠶᠢᠳᠠᠯ ᠵᠡᠷᠭᠡ ᠶᠢ ᠪᠠᠭᠲᠠᠭᠠᠨ᠎ᠠ᠃ | 4.4.2 ᠮᠡᠳᠡᠭᠡ ᠵᠠᠩᠬᠢ ᠶᠢ ᠢᠯᠡ ᠪᠤᠯᠭᠠᠬᠤ ᠭᠡᠯᠪᠡᠷᠢ | ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ᠂ ᠰᠢᠯᠵᠢᠮᠡᠯ ᠮᠡᠳᠡᠭᠡ ᠬᠤᠯᠪᠣᠭ᠎ᠠ ᠵᠡᠷᠭᠡ | ᠠᠷᠭ᠎ᠠ ᠵᠠᠮ ᠢᠶᠠᠷ ᠳᠠᠮᠵᠢᠭᠤᠯᠤᠨ ᠮᠡᠳᠡᠭᠡ ᠵᠠᠩᠭᠢ ᠨᠡᠶᠢᠲᠡᠯᠡᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ᠂ | ᠪᠠᠶᠢᠳᠠᠯ ᠤᠨ ᠮᠡᠳᠡᠭᠡᠯᠡᠯ᠂ ᠲᠤᠰᠬᠠᠶ ᠮᠡᠷᠭᠡᠵᠢᠯᠲᠡᠨ ᠰᠤᠷᠪᠤᠯᠵᠢᠯᠠᠨ ᠶᠠᠷᠢᠯᠴᠠᠬᠤ ᠵᠡᠷᠭᠡ ᠬᠡᠯᠪᠡᠷᠢ ᠪᠠᠷ ᠨᠡᠶᠢᠭᠡᠮ ᠳᠤ | ᠨᠡᠶᠢᠲᠡᠯᠡᠨ᠎ᠡ᠃ | 4.5 ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠠᠵᠢᠯᠯᠠᠭ᠎ᠠ ᠳᠠᠭᠤᠰᠬᠤ | ᠰᠡᠷᠡᠮᠵᠢᠯᠡᠬᠦ ᠶᠢ ᠬᠦᠴᠦᠨ ᠥᠬᠡᠶ ᠪᠣᠯᠭᠠᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ | ᠠᠵᠢᠯ ᠠᠶᠠᠨᠳᠠᠭᠠᠨ ᠳᠠᠭᠤᠰᠤᠨ᠎ᠠ᠃ | 4.6 ᠳ᠋ᠦᠩᠨᠡᠨ ᠦᠨᠡᠯᠡᠬᠦ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ | ᠵᠢᠱᠢᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠲᠦᠰᠦᠯ ᠢ 5 ᠠᠵᠢᠯᠯᠠᠬᠤ ᠡᠳᠦᠷ ᠤᠨ ᠳᠣᠲᠣᠷ᠎ᠠ᠂ | ᠲᠤᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ | ᠭᠠᠵᠠᠷ ᠤᠨ ᠠᠯᠪᠠᠨ ᠬᠡᠷ ᠠᠴᠠ ᠪᠠᠴᠢᠮ ᠪᠠᠶᠢᠳᠠᠯ ᠢ ᠠᠷᠭᠠᠴᠠᠬᠤ ᠲᠦᠰᠦᠯ ᠢ ᠦᠨᠡᠯᠡᠨ ᠵᠢᠱᠢᠭᠰᠡᠨ ᠮᠡᠳᠡᠭᠦᠯᠦᠯᠲᠡ ᠶᠢ | ᠪᠤᠭᠤᠲᠤ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ | ᠭᠠᠵᠠᠷ ᠤᠨ ᠠᠯᠪᠠᠨ ᠭᠡᠷ ᠲᠤ ᠮᠡᠳᠡᠭᠦᠯᠦᠨ ᠬᠦᠷᠭᠡᠨ᠎ᠡ᠃ ᠦᠨᠡᠯᠡᠨ ᠵᠢᠱᠢᠭᠰᠡᠨ ᠮᠡᠳᠡᠭᠦᠯᠦᠯᠲᠡ ᠳᠤ ᠪᠠᠴᠢᠮ ᠪᠠᠶᠢᠳᠠᠯ ᠢ | ᠠᠷᠭᠠᠴᠠᠬᠤ ᠶᠢᠨ ᠳᠠᠭᠠᠵᠤ ᠬᠢᠬᠦ ᠲᠠᠰ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ | ᠬᠡᠮᠵᠢᠶ᠎ᠡ᠂ ᠣᠷᠣᠰᠢᠵᠤ ᠪᠠᠶᠢᠭ᠎ᠠ ᠠᠰᠠᠭᠤᠳᠠᠯ᠂ ᠬᠡᠷᠡᠭᠵᠢᠭᠦᠯᠦᠭᠰᠡᠨ ᠦᠷ᠎ᠡ ᠪᠦᠲᠦᠮᠵᠢ ᠵᠡᠷᠭᠡ ᠶᠢ ᠪᠠᠭᠲᠠᠭᠠᠬᠤ ᠶᠢᠨ | ᠬᠠᠮᠲᠤ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠤᠨ᠎ᠠ᠃ | 5. ᠪᠠᠲᠤᠯᠠᠬᠤ ᠠᠷᠭ᠎ᠠ ᠬᠡᠮᠵᠢᠶ᠎ᠡ | 5.1 ᠵᠠᠷᠣᠳᠡᠯ ᠤᠨ ᠪᠠᠳᠣᠯᠠᠭ᠎ᠠ | ᠲᠤᠭᠤᠷᠢᠭ ᠤᠨ ᠵᠠᠰᠠᠭ ᠤᠨ ᠣᠷᠳᠣᠨ ᠡᠳ᠋ ᠤᠨ ᠬᠦᠴᠦᠨ ᠤ ᠳᠠᠭᠠᠭᠠᠵᠤ ᠳᠡᠶᠢᠯᠬᠦ ᠬᠡᠪᠴᠢᠶᠡᠨ ᠳᠣᠲᠣᠷ᠎ᠠ᠂ | ᠪᠠᠯᠠ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠶᠡᠬᠡᠲᠡᠶ ᠴᠠᠭ ᠠᠭᠤᠷ ᠢ ᠬᠢᠨᠠᠨ | ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠠᠪᠤᠷᠠᠨ ᠲᠤᠰᠠᠯᠠᠬᠤ᠂ | ᠬᠢᠨᠠᠯᠲᠠ ᠲᠠᠯᠪᠢᠵᠤ ᠪᠠᠶᠢᠴᠠᠭᠠᠬᠤ ᠵᠢᠴᠢ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠠᠵᠢᠯᠯᠠᠭᠠᠨ ᠪᠠ | ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠬᠤ ᠮᠡᠷᠭᠡᠵᠢᠯ ᠤᠨ ᠳᠡᠮᠵᠢᠯᠭᠡ ᠪᠠ ᠪᠠᠴᠢᠮ ᠪᠠᠶᠢᠳᠠᠯ ᠢ ᠠᠷᠭᠠᠴᠠᠬᠤ | ᠰᠣᠷᠢᠯᠲᠠ ᠵᠡᠷᠭᠡ ᠡᠯ᠎ᠡ ᠵᠦᠢᠯ ᠤᠨ ᠠᠵᠢᠯ ᠳᠤ ᠪᠠᠯᠠ ᠮᠥᠩᠭᠦ ᠶᠢᠨ ᠪᠠᠲᠤᠯᠠᠭ᠎ᠠ ᠬᠠᠩᠭᠠᠨ᠎ᠠ᠃ | 5.2 ᠠᠮᠥᠷ ᠳᠥᠪᠰᠢᠨ ᠤ ᠪᠠᠳᠣᠯᠠᠭ᠎ᠠ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠢ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠬᠤ ᠶᠢ ᠵᠣᠭᠰᠣᠭᠠᠬᠤ ︵ᠬᠢᠵᠠᠭᠠᠷᠯᠠᠬᠤ︶ ᠠᠷᠭ᠎ᠠ ᠬᠡᠮᠵᠢᠶ᠎ᠡ ᠶᠢ ᠡᠬᠢᠯᠡᠭᠦᠯᠬᠦ ᠠᠴᠠ ᠡᠮᠦᠨ᠎ᠡ᠂ | ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ | ᠮᠥᠴᠢᠷ ᠤᠳ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠦᠢᠯᠡᠳᠪᠦᠷᠢᠯᠡᠯ ᠢᠶᠠᠨ ᠵᠣᠭᠰᠣᠭᠠᠬᠤ | ︵ᠬᠢᠵᠠᠭᠠᠷᠯᠠᠬᠤ︶ ᠵᠡᠷᠭᠡ ᠳᠡᠰ ᠢ ᠬᠠᠤᠯᠢ ᠶᠣᠰᠣᠭᠠᠷ ᠲᠤᠭᠲᠠᠭᠠᠨ᠎ᠠ᠃ ᠲᠦᠭᠰᠢᠭᠦᠷᠢ ᠨᠡᠯᠢᠶᠡᠳ ᠶᠡᠭᠡ ᠠᠵᠤ | ᠠᠬᠤᠶᠢᠯᠠᠯ ᠳᠤ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠮᠢ ᠠᠬᠤᠶ ᠶᠢᠨ ᠣᠷᠴᠢᠨ | ᠲᠣᠭᠤᠷᠢᠨ ᠤ ᠰᠠᠯᠠᠭ᠎ᠠ ᠮᠥᠴᠢᠷ ᠤᠳ ᠲᠤᠰᠬᠠᠶ ᠮᠡᠷᠭᠡᠵᠢᠯᠲᠡᠨ ᠵᠢᠴᠢ ᠬᠢᠨᠠᠨ ᠬᠠᠮᠢᠶᠠᠷᠬᠤ ᠠᠵᠢᠯᠲᠠᠨ ᠢ ᠲᠣᠮᠢᠯᠠᠨ | ᠲᠤᠬᠠᠶ ᠶᠢᠨ ᠲᠠᠯᠠᠪᠤᠷ ᠲᠤ ᠣᠴᠢᠭᠤᠯᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ | ᠲᠦᠭᠰᠢᠭᠦᠷᠢ ᠶᠢ ᠢᠯᠭᠠᠨ ᠲᠠᠨᠢᠬᠤ ᠶᠢ ᠥᠷᠨᠢᠭᠦᠯᠵᠦ᠂ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠦᠢᠯᠡᠳᠪᠦᠷᠢᠯᠡᠯ ᠢᠶᠠᠨ ᠵᠣᠭᠰᠣᠭᠠᠬᠤ ︵ᠬᠢᠵᠠᠭᠠᠷᠯᠠᠬᠤ︶ | ᠬᠤᠭᠤᠴᠠᠭᠠᠨ ᠳᠠᠬᠢ ᠠᠮᠤᠷ ᠲᠦᠪᠰᠢᠨ᠂ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠤ᠂ ᠦᠢᠯᠡᠳᠪᠦᠷᠢᠯᠡᠯ ᠤᠨ ᠠᠮᠤᠷ | ᠲᠦᠪᠰᠢᠨ ᠤ ᠠᠳᠡᠯ ᠪᠠ ᠣᠷᠴᠢᠨ ᠲᠣᠭᠤᠷᠢᠨ ᠤ ᠪᠣᠬᠢᠷᠲᠤᠯ ᠤᠨ ᠬᠡᠷᠡᠭ ᠭᠠᠷᠬᠤ ᠠᠴᠠ ᠵᠠᠶᠢᠯᠠᠰᠬᠢᠨ᠎ᠠ᠃ | 5.3 ᠨᠡᠪᠳᠡᠷᠡᠯᠴᠡᠭᠡᠨ ᠤ ᠪᠠᠲᠤᠯᠠᠭ᠎ᠠ | ᠲᠤᠭᠤᠷᠢᠭ ᠤᠨ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠦᠨᠳᠦ ᠪᠣᠬᠢᠷᠲᠤᠯ ᠲᠠᠢ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠳᠦᠷᠢᠮ ᠢ ᠪᠠᠶᠢᠭᠤᠯᠵᠤ᠂ ᠬᠦᠨᠳᠦ ᠪᠣᠬᠢᠷᠲᠤᠯ ᠲᠠᠢ | ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠬᠠᠷᠢᠭᠤᠴᠠᠯᠭᠠᠲᠠᠨ ᠪᠣᠯᠤᠨ ᠬᠤᠯᠪᠣᠭᠠᠴᠢᠨ ᠢ ᠲᠣᠳᠣᠷᠬᠠᠶᠢᠯᠠᠵᠤ᠂ | 24 ᠴᠠᠭ ᠤᠨ ᠴᠢᠮᠡᠭᠡ ᠬᠤᠯᠪᠣᠭᠠᠨ ᠤ ᠰᠠᠭᠠᠳ ᠦᠭᠡᠶ ᠨᠡᠪᠲᠡᠷᠡᠬᠦ ᠶᠢ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠬᠤ | ᠮᠡᠳᠡᠭᠡ ᠵᠠᠩᠭᠢ ᠪᠣᠯᠤᠨ ᠵᠠᠷᠯᠢᠭ ᠢ ᠴᠠᠭ ᠲᠤᠬᠠᠶ ᠳᠤᠨᠢ ᠪᠦᠲᠦᠮᠵᠢᠲᠡᠶ ᠳᠠᠮᠵᠢᠭᠤᠯᠬᠤ ᠶᠢ ᠪᠠᠲᠤᠯᠠᠨ᠎ᠠ᠃ | 6. ᠪᠡᠯᠡᠳᠬᠡᠯ ᠲᠥᠰᠦᠯ ᠤᠨ ᠬᠠᠮᠢᠶᠠᠷᠤᠯᠲᠠ | 6.1 ᠪᠡᠯᠡᠳᠭᠡᠯ ᠳᠥᠰᠥᠯ ᠤᠨ ᠣᠬᠠᠭᠤᠯᠭ᠎ᠠ | ᠲᠤᠭᠤᠷᠢᠭ ᠤᠨ ᠪᠣᠬᠢᠷᠲᠤᠯ ᠶᠡᠬᠡᠲᠡᠶ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ | ᠭᠠᠵᠠᠷ ᠨᠢ ᠢᠨᠲ᠋ᠧᠷ ᠰᠦᠯᠵᠢᠶ᠎ᠡ᠂ ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ ᠰᠡᠳᠬᠦᠯ ᠵᠡᠷᠭᠡ ᠰᠣᠨᠢᠨ ᠮᠡᠳᠡᠭᠡᠨ ᠤ | ᠵᠠᠭᠤᠴᠢᠯᠠᠭᠤᠷ ᠬᠢᠭᠡᠳ ᠮᠡᠳᠡᠭᠡ ᠵᠠᠩᠭᠢ ᠶᠢᠨ ᠲᠣᠤᠷ ᠰᠦᠯᠵᠢᠶ᠎ᠡ ᠶᠢ ᠭᠦᠢᠴᠡᠳ ᠠᠰᠢᠭᠯᠠᠨ᠂ ᠪᠣᠬᠢᠷᠲᠤᠯ ᠶᠡᠬᠡᠲᠡᠶ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠠᠷᠭ᠎ᠠ | ᠬᠡᠮᠵᠢᠶ᠎ᠡ ᠵᠡᠷᠭᠡ ᠶᠢ ᠥᠷᠭᠡᠨ ᠢᠶᠠᠷ ᠤᠬᠠᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠬᠤᠯᠪᠣᠭᠳᠠᠯ ᠪᠦᠬᠦᠢ | ᠮᠡᠳᠡᠭᠡ ᠵᠠᠩᠭᠢ ᠶᠢ ᠴᠠᠭ ᠲᠤᠬᠠᠶ ᠳᠤᠨᠢ᠂ ᠣᠨᠣᠪᠴᠢᠲᠠᠶ ᠨᠡᠶᠢᠲᠡᠯᠡᠵᠦ᠂ ᠶᠠᠷᠢᠶ᠎ᠠ ᠬᠡᠯᠡᠯᠴᠡᠭᠡ ᠶᠢ ᠵᠥᠪ ᠢᠶᠠᠷ ᠬᠥᠲᠥᠯᠥᠨ | ᠵᠢᠯᠤᠭᠤᠳᠤᠨ᠎ᠠ᠃ | 6.2 ᠪᠣᠯᠪᠠᠰᠤᠷᠠᠯ ᠰᠣᠷᠢᠯᠲᠠ | ᠲᠤᠭᠤᠷᠢᠭ ᠤᠨ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠦᠨᠳᠦ ᠪᠣᠬᠢᠷᠲᠤᠯ ᠲᠠᠢ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠪᠣᠯᠪᠠᠰᠤᠷᠠᠭᠤᠯᠤᠯ ᠤᠨ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠪᠣᠯᠪᠠᠰᠤᠷᠠᠭᠤᠯᠤᠯ ᠤᠨ ᠲᠥᠯᠥᠪᠯᠡᠭᠡ ᠲᠣᠭᠲᠠᠭᠠᠵᠤ᠂ | ᠪᠣᠯᠪᠠᠰᠤᠷᠠᠭᠤᠯᠤᠯ ᠤᠨ ᠵᠢᠷᠤᠮᠵᠢᠭᠤᠨ ᠪᠥᠭᠡᠳ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠨ᠎ᠠ᠃ 3 ᠵᠢᠯ | ᠪᠦᠷᠢ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠠᠳᠠᠭ ᠲᠠᠭᠠᠨ 1 ᠤᠳᠠᠭ᠎ᠠ ᠥᠷᠨᠢᠭᠦᠯᠵᠦ᠂ ᠬᠦᠨᠳᠦ | ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠤᠨ ᠴᠢᠭᠯᠡᠭᠦᠯᠦᠯᠲᠦ ᠴᠢᠨᠠᠷ ᠪᠠ ᠪᠦᠲᠦᠮᠵᠢᠲᠦ ᠴᠢᠨᠠᠷ ᠢ | ᠳᠡᠭᠡᠭᠰᠢᠯᠡᠭᠦᠯᠦᠨ᠎ᠡ᠃ | 6.3 ᠪᠡᠯᠡᠳᠭᠡᠯ ᠳᠥᠰᠥᠯ ᠢ ᠳᠡᠩᠰᠡᠯᠡᠬᠤ | ᠲᠣᠰ ᠪᠡᠯᠡᠳᠬᠡᠯ ᠲᠥᠰᠦᠯ ᠢ ᠨᠡᠶᠢᠭᠡᠮ ᠳᠤ ᠨᠡᠶᠢᠲᠡᠯᠡᠬᠦ ᠶᠢᠨ ᠬᠠᠮᠲᠤ ᠬᠤᠲᠠ ᠶᠢᠨ ᠬᠦᠨᠳᠦ ᠪᠣᠬᠢᠷᠲᠤᠯ ᠲᠠᠢ | ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠲᠤ ᠮᠡᠳᠡᠭᠦᠯᠦᠨ | ᠳᠠᠩᠰᠠᠯᠠᠭᠤᠯᠤᠨ᠎ᠠ᠃ | 7. ᠬᠠᠷᠢᠭᠤᠴᠠᠯᠭ᠎ᠠ ᠨᠡᠬᠡᠮᠵᠢᠯᠡᠬᠦ | ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠡᠭᠦᠷᠭᠡ ᠲᠤᠰᠢᠶᠠᠯ ᠢᠶᠠᠨ ᠭᠦᠶ᠋ᠴᠡᠳᠬᠡᠭᠰᠡᠨ ᠪᠠᠶᠢᠳᠠᠯ ᠳᠤ | ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠬᠦᠴᠦᠲᠡᠶ | ᠦᠭᠡᠢ ᠪᠠᠶᠢᠪᠠᠯ᠂ ᠰᠠᠬᠢᠯᠭ᠎ᠠ ᠪᠠᠲᠤ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ | ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠪᠠᠶᠢᠭ᠎ᠠ ᠬᠤᠭᠤᠴᠠᠭᠠᠨ ᠳᠤ ᠳᠠᠯᠳᠠᠭᠤᠷ ᠭᠠᠳᠠᠭᠰᠢᠯᠠᠭᠤᠯᠵᠤ᠂ | ᠣᠯᠠᠨᠲᠠ ᠭᠠᠳᠠᠭᠰᠢᠯᠠᠭᠤᠯᠤᠭᠰᠠᠨ ᠠᠵᠤ ᠠᠬᠤᠶᠢᠯᠠᠯ ᠢ ᠬᠠᠤᠯᠢ ᠶᠣᠰᠣᠭᠠᠷ ᠵᠠᠷᠯᠢᠭᠳᠠᠵᠤ ᠪᠠᠶᠢᠭᠠᠳ | ᠦᠢᠯᠡᠳᠪᠦᠷᠢᠯᠡᠬᠦ ᠶᠢ ᠨᠢ ᠵᠣᠭᠰᠣᠭᠠᠵᠤ᠂ ᠬᠠᠤᠯᠢ ᠶᠣᠰᠣᠭᠠᠷ ᠰᠢᠢᠳᠭᠡᠨ ᠲᠣᠷᠭᠠᠬᠤ ᠠᠴᠠ ᠭᠠᠳᠠᠨ᠎ᠠ᠂ ᠠᠵᠤ | ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠬᠦ ᠬᠥᠮᠦᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ | ᠨᠡᠬᠡᠮᠵᠢᠯᠡᠨ᠎ᠡ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ᠂ ᠪᠠᠴᠢᠮ ᠪᠠᠶᠢᠳᠠᠯ ᠢ | ᠠᠷᠭᠠᠴᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠤᠭᠰᠠᠨ ᠥᠬᠡᠶ ︵ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠬᠠᠷᠢᠭᠤᠴᠠᠯᠭ᠎ᠠ ᠠᠴᠠ ᠵᠠᠶᠢᠯᠠᠭᠰᠠᠨ ᠪᠠᠭᠲᠠᠨ᠎ᠠ︶ ᠪᠤᠶᠤ ᠵᠣᠬᠢᠬᠤ ᠠᠮᠵᠢᠯᠲᠠ ᠪᠦᠲᠦᠮᠵᠢ ᠶᠢᠨ | ᠲᠠᠰ ᠬᠤᠪᠢᠶᠠᠬᠤ ᠱᠠᠭᠠᠷᠳᠠᠯᠭ᠎ᠠ ᠳᠤ ᠥᠯᠥ ᠬᠦᠷᠦᠭᠰᠡᠨ ᠠᠮᠵᠢᠯᠲᠠ ᠪᠦᠲᠦᠮᠵᠢ ᠶᠢᠨ ᠲᠠᠰ ᠬᠤᠪᠢᠶᠠᠭᠰᠠᠨ ᠠᠵᠤ | ᠠᠬᠤᠶᠢᠯᠠᠯ ᠢ ᠬᠠᠮᠢᠶ᠎ᠠ ᠪᠥᠬᠦᠶ ᠲᠠᠰ ᠳᠠᠷᠠᠭᠠᠯᠠᠯ ᠤᠨ ᠶᠣᠰᠣᠭᠠᠷ ᠲᠠᠰ ᠪᠠᠭᠤᠷᠠᠭᠤᠯᠤᠨ ᠰᠢᠢᠳᠪᠦᠷᠢᠯᠡᠨ᠎ᠡ᠃ | 8. ᠳᠠᠭᠠᠯᠳᠤᠭᠤᠯᠤᠭᠰᠠᠨ ᠲᠦᠷᠢᠮ | ᠲᠣᠰ ᠪᠡᠯᠡᠳᠬᠡᠯ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ 2020 ᠣᠨ ᠤ 10 | ᠰᠠᠷ᠎ᠠ ᠶᠢᠨ 31 ᠤ ᠡᠳᠦᠷ ᠳᠠᠷᠤᠮᠠᠯᠯᠠᠨ ᠲᠠᠷᠬᠠᠭᠠᠭᠰᠠᠨ ︽ᠴᠢᠩᠱᠠᠨ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2020 ᠣᠨ ᠤ ᠵᠠᠰᠠᠪᠤᠷᠢ ᠣᠷᠣᠭᠤᠯᠤᠭᠰᠠᠨ | ᠬᠡᠪᠯᠡᠯ︶︾ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ | | | |