ᠳᠤᠯᠠᠭᠠᠨ ᠢᠨᠵᠧᠨᠧᠷᠢᠩ ᠨᠢ ᠵᠣᠯ ᠵᠢᠷᠭᠠᠯ ᠤᠨ ︽ᠳᠤᠯᠠᠭᠠᠨ ᠤ ᠬᠡᠮᠵᠢᠶ᠎ᠡ︾ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/8/30
      ︽ᠳᠤᠯᠠᠭᠠᠨ ᠢᠨᠵᠧᠨᠧᠷᠢᠩ︾ ᠪᠣᠯ ᠨᠢᠭᠡ ᠵᠦᠢᠯ ᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠮᠥᠨ᠃ ᠲᠦᠭ ᠲᠦᠮᠡᠨ ᠠᠶᠢᠯ ᠡᠷᠦᠬᠡ ᠶᠢᠨ ᠠᠮᠤᠷ ᠲᠠᠶᠢᠪᠤᠩ ᠠᠵᠤ ᠲᠦᠷᠦᠭᠦ ᠪᠠ ᠠᠮᠤᠷ ᠲᠦᠪᠰᠢᠨ ᠠᠶᠤᠯ ᠲᠦᠭᠰᠢᠭᠦᠷᠢ ᠬᠠᠯᠠᠭᠤᠨ ᠬᠦᠢᠲᠡᠨ ᠳᠤ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠪᠠᠰᠠ ᠴᠤ ᠣᠯᠠᠨ ᠲᠦᠮᠡᠨ ᠤ ᠵᠠᠰᠠᠭ ᠤᠨ ᠣᠷᠳᠣᠨ ᠳᠤ ᠲᠤᠰᠢᠶᠠᠭᠰᠠᠨ ᠠᠷᠠᠳ ᠤᠨ ᠠᠮᠢᠳᠤᠷᠠᠯ ᠤᠨ ᠨᠢᠭᠡᠨ ᠬᠠᠷᠢᠭᠤᠯᠲᠠ ᠶᠢᠨ ᠬᠠᠭᠤᠳᠠᠰᠤ ᠮᠥᠨ᠃ ᠡᠨᠡ ᠵᠢᠯ ᠠᠴᠠ ᠨᠠᠭᠠᠰᠢ᠂ ᠮᠠᠨ ᠤ ᠲᠤᠭᠤᠷᠢᠭ ᠡᠷᠲᠡᠬᠡᠨ ᠲᠥᠯᠥᠪᠵᠢᠭᠦᠯᠬᠦ᠂ ᠡᠷᠲᠡᠬᠡᠨ ᠪᠠᠶᠢᠷᠢᠯᠠᠭᠤᠯᠬᠤ ᠶᠢ ᠪᠠᠷᠢᠮᠲᠠᠯᠠᠵᠤ᠂ ︽ᠳᠤᠯᠠᠭᠠᠨ ᠢᠨᠵᠧᠨᠧᠷᠢᠩ︾ ᠤᠨ ᠡᠯ᠎ᠡ ᠵᠦᠢᠯ ᠤᠨ ᠠᠵᠢᠯ ᠤᠨ ᠠᠬᠢᠴᠠ ᠶᠢ ᠢᠳᠡᠪᠬᠢᠲᠡᠢ ᠠᠬᠢᠭᠤᠯᠵᠤ᠂ ᠤᠯᠠᠨ ᠲᠦᠮᠡᠨ ᠤ ᠬᠠᠯᠠᠭᠤᠨ ᠬᠦᠢᠲᠡᠨ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠠᠷᠠᠳ ᠤᠨ ᠠᠮᠢᠳᠤᠷᠠᠯ ᠤᠨ ᠬᠠᠮᠤᠭ ᠤᠨ ᠶᠡᠭᠡ ᠢᠨᠵᠧᠨᠧᠷᠢᠩ ᠪᠣᠯᠭᠠᠵᠤ᠂ ᠰᠡᠳᠬᠢᠯ ᠲᠠᠯᠪᠢᠨ ᠬᠦᠴᠦ ᠣᠷᠣᠭᠤᠯᠤᠨ ︽ᠳᠤᠯᠠᠭᠠᠬᠠᠨ ᠪᠠᠶᠢᠬᠤ︾ ᠭᠡᠳᠡᠭ ᠢ ᠨᠠᠷᠢᠨ ᠪᠣᠳᠠᠲᠠᠢ ᠪᠢᠴᠢᠪᠡ᠃      ᠴᠢᠩᠱᠠᠨ ᠲᠣᠭᠤᠷᠢᠭ ᠤᠨ ︽ᠳᠤᠯᠠᠭᠠᠨ ᠢᠨᠵᠧᠨᠧᠷᠢᠩ︾ ᠤᠨ ᠬᠡᠷᠡᠭᠵᠢᠭᠦᠯᠬᠦ ᠲᠥᠰᠦᠯ ᠶᠣᠰᠣᠭᠠᠷ᠂ ᠨᠢᠭᠡᠨᠲᠡ ᠬᠦᠴᠦᠷᠬᠡᠭᠵᠢᠯ ᠵᠠᠮ ᠤᠨ ᠲᠠᠪᠤᠳᠤᠭᠠᠷ ᠬᠥᠷᠰᠢ ᠵᠡᠷᠭᠡᠯᠡᠳᠡᠭᠡ᠂ ᠬᠦᠴᠦᠷᠬᠡᠭᠵᠢᠯ ᠵᠠᠮ ᠤᠨ ᠵᠢᠷᠭᠤᠳᠤᠭᠠᠷ ᠬᠥᠷᠰᠢ ᠵᠡᠷᠭᠡᠯᠡᠳᠡᠭᠡ᠂ ᠳ᠋ᠦᠩ ᠹᠠᠩ ᠵᠢᠶᠠ ᠶᠤᠸᠠᠨ ᠵᠡᠷᠭᠡ 11 ᠵᠢᠵᠢᠭ ᠲᠣᠭᠤᠷᠢᠭ ᠤᠨ ᠢᠯᠴᠢ ᠬᠠᠩᠭᠠᠬᠤ ᠬᠤᠶᠠᠳᠠᠬᠢ ᠤᠳᠠᠭᠠᠨ ᠤ ᠬᠤᠭᠤᠯᠠᠶ ᠶᠢᠨ ᠲᠣᠤᠷ᠂ ᠪᠣᠰᠤᠭ᠎ᠠ ᠬᠤᠭᠤᠯᠠᠢ ᠵᠢᠴᠢ ᠭᠠᠵᠠᠷ ᠳᠡᠭᠡᠷᠡᠬᠢ ᠬᠤᠭᠤᠯᠠᠶ ᠳᠤ ᠥᠭᠡᠷᠡᠴᠢᠯᠡᠯᠲᠡ ᠬᠢᠵᠦ ᠡᠬᠢᠯᠡᠪᠡ᠃ ᠬᠤᠶᠠᠳᠡᠬᠢ ᠤᠳᠠᠭ᠎ᠠ ᠨᠢ 42.6 ᠺᠢᠯᠤᠮᠧᠲᠷ ᠬᠤᠭᠤᠯᠠᠢ᠂ 32.1ᠺᠢᠯᠤᠮᠧᠲᠷ ᠠᠰᠠᠷ ᠤᠨ ᠭᠤᠲᠤᠮᠵᠢ ᠶᠢᠨ ᠪᠤᠰᠤᠭ᠎ᠠ ᠬᠤᠭᠤᠯᠠᠢ᠂ 77.4 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠢᠯᠴᠢ ᠬᠠᠩᠭᠠᠬᠤ ᠳᠤ ᠬᠤᠯᠪᠤᠭᠳᠠᠵᠤ᠂ ᠪᠠᠷᠤᠭ 5608 ᠲᠦᠮᠡᠨ ᠲᠥᠭᠦᠷᠢᠭ ᠤᠨ ᠪᠡᠯᠡ ᠤᠷᠤᠭᠤᠯᠵᠠᠢ᠃ ︽ᠳᠤᠯᠠᠭᠠᠨ ᠢᠨᠵᠧᠨᠧᠷᠢᠩ︾  6 ᠳ᠋ᠤᠭᠠᠷ ᠰᠠᠷ᠎ᠠ ᠶᠢᠨ 20 ᠤ ᠡᠳᠦᠷ ᠠᠴᠠ ᠠᠵᠢᠯᠯᠠᠵᠤ ᠡᠬᠢᠯᠡᠪᠡ᠃ ᠣᠳᠣᠬᠠᠨ ᠳᠤ᠂ ᠪᠣᠶ ᠪᠥᠬᠦᠶ ᠲᠥᠷᠥᠯ ᠵᠦᠢᠯ ᠢ ᠨᠢᠭᠡᠨᠲᠡ ᠪᠦᠬᠦᠨ ᠢ ᠲᠠᠯᠠᠪᠠᠶ ᠳᠤ ᠣᠷᠣᠭᠤᠯᠵᠤ᠂ ᠬᠤᠶᠠᠳᠠᠬᠢ ᠤᠳᠠᠭᠠᠨ ᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢᠨ 32.5 ᠺᠢᠯᠤᠮᠧᠲᠷ ᠢ ᠨᠢᠭᠡᠨᠲᠡ ᠳᠠᠭᠤᠰᠬᠠᠵᠤ᠂ 25.1 ᠺᠢᠯᠤᠮᠧᠲᠷ ᠢ ᠪᠠᠶᠢᠭᠤᠯᠤᠨ ᠬᠠᠮᠢᠶᠠᠷᠴᠤ᠂ ᠪᠠᠷᠤᠭ 4624.89 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 9 ᠰᠠᠷ᠎ᠠ ᠶᠢᠨ ᠳᠤᠮᠳᠠᠴᠢ ᠪᠠᠷ ᠪᠦᠬᠦᠨ ᠢ ᠪᠠᠷᠢᠵᠤ ᠳᠠᠭᠤᠰᠬᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号