ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2024 ᠣᠨ ᠤ 15 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/5
      8 ᠰᠠᠷ᠎ᠠ ᠶᠢᠨ 1᠎ ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ︽ᠡᠷᠬᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠳᠦᠷᠢᠮ︾᠎ ᠢ ᠤᠯᠠᠮᠵᠢᠯᠠᠨ ᠰᠤᠷᠤᠯᠴᠠᠵᠤ᠂ ᠲᠤᠭ᠎ᠠ ᠪᠦᠷᠢᠳᠬᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠡᠭᠡᠷ᠎ᠡ ᠬᠠᠭᠠᠰ ᠵᠢᠯ ᠤᠨ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠢᠩᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ ︵ᠲᠥᠰᠦᠯ︶ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠶᠦᠨ ᠰᠢ ᠬᠤᠷᠠᠯ ᠢ ᠡᠷᠭᠢᠯᠡᠪᠡ᠃     ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠂ ᠪᠢᠳᠡᠨ ᠤ ᠬᠤᠶᠢᠰᠢᠳᠠ ᠶᠢᠨ ᠨᠢᠭᠡ ᠬᠤᠭᠤᠴᠠᠭᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠳᠤ ᠴᠢᠬᠤᠯᠠ ᠵᠢᠯᠤᠭᠤᠳᠤᠯᠭ᠎ᠠ ᠬᠠᠩᠭᠠᠵᠠᠢ ᠭᠡᠵᠦ ᠴᠢᠬᠤᠯᠠᠴᠢᠯᠠᠪᠠ᠃ ᠬᠤᠷᠠᠯ ᠠᠴᠠ᠂ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠡᠳᠦᠪ᠂ ᠶᠡᠷᠦᠩᠬᠡᠢ ᠬᠠᠷᠠᠯᠲᠠ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠭᠦᠨᠵᠡᠭᠡᠢ ᠤᠢᠢᠯᠠᠭᠠᠨ ᠡᠵᠡᠮᠰᠢᠬᠦ ᠬᠡᠷᠡᠭᠲᠡᠢ᠃ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠭᠠᠷᠭᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠡᠶᠢᠭᠡᠮ ᠲᠣᠭᠤᠷᠢᠭ᠂ ᠠᠵᠤ ᠠᠬᠤᠶᠢᠯᠠᠯ᠂ ᠬᠥᠳᠡᠭᠡ ᠲᠣᠰᠬᠤᠨ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠴᠢᠩᠱᠠᠨ ᠲᠣᠭᠤᠷᠢᠭ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠨᠡᠪᠲᠡᠷᠡᠲᠡᠯ᠎ᠡ ᠤᠶᠢᠯᠭᠠᠨ ᠡᠵᠡᠮᠰᠢᠵᠦ᠂ ᠥᠭᠡᠷᠡᠴᠢᠯᠡᠯᠲᠡ ᠶᠢ ᠠᠬᠢᠭᠤᠯᠬᠤ᠂ ᠥᠭᠡᠷᠡᠴᠢᠯᠡᠯᠲᠡ ᠳᠤ ᠦᠢᠯᠡᠴᠢᠯᠡᠬᠦ ᠶᠢ ᠵᠠᠰᠠᠭ ᠤᠨ ᠣᠷᠳᠣᠨ ᠤ ᠠᠵᠢᠯ ᠤᠨ ᠴᠢᠭᠯᠡᠯ ᠪᠠ ᠭᠤᠣᠯᠳᠠᠯᠭ᠎ᠠ ᠪᠣᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠴᠢᠩᠱᠠᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠬᠤᠷᠠᠯ ᠠᠴᠠ᠂ ︽ᠡᠷᠬᠡ ᠲᠡᠭᠰᠢ ᠪᠠᠷ ᠦᠷᠢᠰᠦᠯᠳᠦᠬᠦ ᠶᠢ ᠬᠢᠨᠠᠨ ᠪᠠᠶᠢᠴᠠᠭᠠᠬᠤ ᠲᠦᠷᠢᠮ︾᠎ ᠢ ᠨᠠᠷᠢᠨ ᠬᠢᠨᠠᠮᠠᠭᠠᠢ ᠰᠤᠷᠤᠯᠴᠠᠨ ᠬᠡᠷᠡᠭᠵᠢᠭᠦᠯᠬᠦ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠤᠱᠯᠠᠭᠤᠯᠬᠤ᠂ ᠨᠠᠮ ᠤᠨ ᠬᠤᠷᠢᠳᠤᠭᠠᠷ ᠶᠡᠭᠡ ᠬᠤᠷᠠᠯ  ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠪᠣᠯᠤᠨ᠎ᠠ᠂ ᠡᠷᠬᠡ ᠲᠡᠭᠰᠢ ᠪᠠᠷ ᠦᠷᠢᠰᠦᠯᠳᠦᠬᠦ ᠶᠢ ᠴᠢᠨᠠᠭᠰᠢᠳᠠ ᠬᠠᠮᠠᠭᠠᠯᠠᠬᠤ ᠪᠠ ᠠᠬᠢᠭᠤᠯᠬᠤ᠂ ᠪᠦᠬᠦ ᠤᠯᠤᠰ ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠢ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠪᠠ᠃ ᠬᠤᠷᠠᠯ ᠠᠴᠠ᠂ ︽ᠲᠦᠷᠢᠮ︾᠎ ᠤᠨ ᠵᠣᠷᠢᠭ ᠰᠠᠨᠠᠭᠠᠨ ᠤ ᠠᠭᠤᠯᠤᠭᠳᠠᠬᠤᠨ ᠢ ᠣᠨᠣᠪᠴᠢᠲᠠᠢ ᠡᠵᠡᠮᠳᠡᠵᠦ᠂ ᠰᠣᠷᠣᠭᠰᠠᠨ ᠢᠶᠠᠨ ᠬᠡᠷᠡᠭᠯᠡᠵᠦ᠂ ᠦᠢᠯᠡᠳᠦᠯᠭᠡ ᠪᠠᠨ ᠵᠢᠯᠣᠭᠤᠳᠬᠤ ᠶᠢ ᠦᠨᠡᠨᠬᠦ ᠪᠡᠶᠡᠯᠡᠭᠦᠯᠵᠦ᠂ ᠡᠷᠬᠡ ᠲᠡᠭᠰᠢ ᠪᠠᠷ ᠥᠷᠢᠰᠦᠯᠳᠦᠬᠦ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠰᠤᠳᠤᠯᠵᠤ᠂ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠡᠬᠢ ᠡᠭᠦᠰᠦᠯ ᠠᠴᠠ ᠨᠢ ᠰᠢᠯᠤᠭᠤᠳᠬᠠᠵᠤ᠂ ᠬᠡᠨ ᠲᠤᠭᠲᠠᠭᠠᠪᠠᠯ ᠬᠡᠨ ᠬᠢᠨᠠᠨ ᠪᠠᠶᠢᠴᠠᠭᠠᠬᠤ᠂ ᠬᠡᠨ ᠬᠠᠷᠢᠭᠤᠴᠠᠬᠤ ᠵᠠᠷᠴᠢᠮ ᠢ ᠴᠢᠩᠭ᠎ᠠ ᠬᠡᠷᠡᠭᠵᠢᠭᠦᠯᠵᠦ᠂ ᠳᠣᠲᠣᠭᠠᠳᠤ ᠶᠢᠨ ᠬᠢᠨᠠᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠲᠦᠷᠦ ᠶᠢᠨ ᠪᠤᠳᠤᠯᠭ᠎ᠠ ᠶᠢᠨ ᠪᠣᠭᠤᠮᠲᠠ ᠶᠢ ᠦᠨᠡᠨ ᠬᠦ ᠰᠠᠶᠢᠲᠤᠷ ᠡᠵᠡᠮᠳᠡᠵᠦ᠂ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠲᠦᠷᠢᠮ ᠤᠨ ᠪᠦᠬᠦ ᠲᠠᠯ᠎ᠠ ᠪᠠᠷ ᠥᠷᠨᠢᠬᠦ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠋᠃      ᠬᠤᠷᠠᠯ ᠠᠴᠠ᠂ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠠᠳᠬᠤᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠴᠢᠩᠱᠠᠨ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠤᠨ ᠲᠦᠪᠰᠢᠨ ᠢ ᠳᠡᠭᠡᠭᠰᠢᠯᠡᠭᠦᠯᠬᠦ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠪᠠ᠃ ᠬᠤᠷᠠᠯ ᠠᠴᠠ᠂ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠬᠠᠤᠯᠢ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠣᠨᠣᠯ ᠤᠨ ᠰᠤᠷᠤᠯᠴᠠᠯᠭ᠎ᠠ ᠶᠢᠨ ᠭᠤᠤᠯᠳᠠᠯᠭ᠎ᠠ ᠲᠠᠢ ᠠᠭᠤᠯᠭ᠎ᠠ ᠪᠣᠯᠭᠠᠵᠤ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠰᠡᠳᠬᠢᠴᠡ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠲᠤᠭ᠎ᠠ ᠪᠦᠷᠢᠳᠬᠡᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠢᠯᠣᠭᠤᠳᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠲᠤᠭ᠎ᠠ ᠪᠦᠷᠢᠳᠬᠡᠯ ᠤᠨ ᠬᠢᠨᠠᠯᠲᠠ ᠪᠠᠶᠢᠴᠠᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠪᠠ ᠲᠦᠷᠢᠮ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠨᠢᠭᠡᠳᠬᠡᠪᠡᠰᠦ ᠵᠣᠬᠢᠬᠤ ᠶᠢ ᠨᠢ ᠴᠥᠮ ᠨᠢᠭᠡᠳᠬᠡᠵᠦ᠂ ᠳᠠᠪᠬᠤᠴᠠᠭᠤᠯᠬᠤ ᠦᠭᠡᠢ ᠣᠷᠬᠢᠭᠳᠠᠭᠤᠯᠬᠤ ᠦᠭᠡᠢ ᠪᠠᠶᠢᠵᠤ᠂ ᠲᠦᠷᠢᠮ ᠤᠨ ᠲᠠᠯ᠎ᠠ ᠠᠴᠠ ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠯᠦᠭᠡ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠬᠤ᠂ ᠣᠷᠭᠠᠨᠢᠭ ᠢᠶᠠᠷ ᠨᠡᠪᠲᠡᠷᠡᠭᠦᠯᠬᠦ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠬᠤᠷᠠᠯ ᠠᠴᠠ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠪᠦᠬᠦ ᠲᠠᠯ᠎ᠠ ᠪᠠᠷ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠪᠠ᠃ ᠬᠤᠷᠠᠯ ᠠᠴᠠ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠮᠡᠳᠡᠭᠡ ᠵᠠᠩᠭᠢ ᠶᠢᠨ ᠨᠡᠪᠲᠡᠷᠡᠯᠴᠡᠭᠡ᠂ ᠤᠯᠤᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠵᠥᠷᠢᠴᠡᠯ ᠢ ᠰᠢᠢᠳᠪᠦᠷᠢᠯᠡᠬᠦ᠂ ᠬᠦᠳᠦᠯᠦᠨ ᠵᠢᠯᠣᠭᠤᠳᠴᠤ ᠬᠥᠮᠦᠵᠢᠭᠦᠯᠬᠦ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠵᠢᠯ ᠤᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠵᠥᠷᠢᠴᠡᠯ ᠢ ᠨᠠᠮᠳᠠᠭᠤᠯᠬᠤ ᠶᠢ ᠴᠢᠩᠭᠠᠳᠬᠠᠵᠤ᠂ ᠡᠬᠢ ᠡᠭᠦᠰᠦᠯ ᠠᠴᠠ ᠨᠢ ᠵᠠᠰᠠᠬᠤ ᠶᠢ ᠲᠤᠪᠤᠶᠢᠯᠭᠠᠵᠦ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠵᠠᠩᠭᠢᠯᠠᠭ᠎ᠠ ᠶᠢ ᠣᠨᠣᠪᠴᠢᠲᠠᠢ ᠡᠷᠢᠵᠦ᠂ ᠠᠩᠬᠠᠨ ᠤ ᠵᠠᠬᠢᠳᠠᠯ ᠠᠩᠬᠠᠨ ᠤ ᠰᠤᠷᠪᠤᠯᠵᠢᠯᠠᠭ᠎ᠠ ᠶᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠤᠳᠤᠷᠢᠳᠤᠯᠭ᠎ᠠ ᠬᠡᠷᠡᠭ ᠳᠠᠭᠠᠭᠠᠴᠢᠯᠠᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠪᠦᠲᠦᠮᠵᠢᠲᠡᠢ ᠠᠵᠢᠯ ᠤᠨ ᠪᠢᠲᠡᠭᠦᠦ ᠴᠠᠭᠠᠷᠢᠭ ᠢ ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠬᠤᠷᠠᠯ ᠠᠴᠠ᠂ ᠴᠢᠩᠱᠠᠨ ᠲᠣᠭᠤᠷᠢᠭ ᠤᠨ ᠪᠣᠳᠠᠲᠤ ᠪᠠᠶᠢᠳᠠᠯ ᠢ ᠦᠨᠳᠦᠰᠦᠯᠡᠨ ︽ᠬᠠᠮᠢᠶᠠᠷᠤᠯᠲᠠ ᠶᠢᠨ ᠠᠷᠭ᠎ᠠ︾᠎ ᠶᠢ ᠨᠡᠶᠢᠲᠡᠯᠡᠭᠰᠡᠨ ᠶᠠᠪᠤᠳᠠᠯ ᠪᠣᠯ ᠰᠤᠷᠭᠠᠭᠤᠯᠢ ᠶᠢᠨ ᠭᠠᠳᠠᠨᠠᠬᠢ ᠰᠤᠷᠤᠭᠴᠢᠳ ᠢ ᠨᠠᠶᠢᠳᠠᠨ ᠬᠠᠮᠢᠶᠠᠷᠤᠭᠤᠯᠬᠤ ᠲᠦᠷᠦᠯ ᠤᠨ ᠠᠵᠢᠯ ᠲᠦᠷᠦᠯ ᠤᠨ ᠦᠢᠯᠡᠴᠢᠯᠡᠭᠡᠨ ᠤ ᠬᠠᠮᠢᠶᠠᠷᠤᠯᠲᠠ ᠶᠢ ᠪᠡᠶᠡᠯᠡᠭᠦᠯᠬᠦ ᠳᠤ ᠵᠢᠷᠤᠮᠯᠠᠬᠤ ᠬᠠᠤᠯᠢ ᠲᠠᠢ᠂ ᠵᠢᠷᠤᠮᠯᠠᠬᠤ ᠲᠦᠷᠢᠮ ᠲᠠᠢ ᠪᠦᠲᠦᠮᠵᠢᠲᠡᠢ ᠠᠷᠭ᠎ᠠ ᠬᠡᠮᠵᠢᠶ᠎ᠡ ᠪᠣᠯᠤᠨ᠎ᠠ᠂ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠠᠵᠢᠯ ᠲᠦᠷᠦᠯ ᠤᠨ ᠵᠢᠷᠤᠮᠵᠢᠯ ᠲᠠᠢ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠬᠤ᠂ ᠥᠷᠭᠡᠨ ᠤᠯᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠪᠠ᠃ ᠬᠤᠷᠠᠯ ᠠᠴᠠ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠮᠢᠶᠠᠷᠤᠯᠲᠠ ᠶᠢᠨ ᠠᠷᠭ᠎ᠠ ᠶᠢᠨ ᠨᠠᠷᠢᠨ ᠲᠦᠷᠢᠮ ᠢ ᠴᠢᠩᠭ᠎ᠠ ᠲᠣᠭᠲᠠᠭᠠᠵᠤ᠂ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠪᠠᠶᠢᠭᠤᠯᠬᠤ ᠨᠥᠬᠦᠴᠡᠯ᠂ ᠬᠠᠮᠢᠶᠠᠷᠤᠯᠲᠠ ᠶᠢᠨ ᠱᠠᠭᠠᠷᠳᠠᠯᠭ᠎ᠠ᠂ ᠬᠢᠨᠠᠯᠲᠠ ᠲᠠᠯᠪᠢᠬᠤ ᠠᠷᠭ᠎ᠠ ᠬᠡᠮᠵᠢᠶ᠎ᠡ ᠵᠡᠷᠭᠡ ᠶᠢ ᠲᠣᠳᠣᠷᠬᠠᠶᠢᠯᠠᠵᠤ᠂ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠳᠤ ᠬᠦᠴᠦᠲᠡᠶ ᠲᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠶ᠃ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠵᠠᠭᠪᠤᠷ ᠶᠣᠰᠣᠭᠠᠷ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠯᠪᠣᠭᠠᠯᠠᠨ ᠬᠠᠤᠯᠢ ᠬᠡᠷᠡᠭᠵᠢᠭᠦᠯᠬᠦ ᠶᠢ ᠥᠷᠨᠢᠭᠦᠯᠵᠦ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠶ᠃ ᠠᠮᠤᠷ ᠲᠦᠪᠰᠢᠨ ᠤ ᠳᠠᠯᠳᠠ ᠬᠡᠮ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠡᠷ ᠪᠠᠶᠢᠰᠢᠩ ᠤᠨ ᠪᠠᠷᠢᠯᠭ᠎ᠠ ᠶᠢᠨ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠵᠡᠷᠭᠡ ᠲᠠᠯ᠎ᠠ ᠪᠠᠷ ᠲᠦᠢᠯᠪᠤᠷᠢᠲᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢ ᠵᠢᠯᠣᠭᠤᠳᠤᠨ ᠲᠦᠷᠢᠮ᠂ ᠪᠡᠯᠡᠳᠬᠡᠯ ᠲᠥᠰᠦᠯ ᠢ ᠪᠠᠶᠢᠭᠤᠯᠤᠨ ᠪᠦᠷᠢᠨᠰᠢᠬᠦᠯᠵᠦ᠂ ᠠᠵᠢᠯᠯᠠᠵᠤ ᠪᠠᠶᠢᠭ᠎ᠠ ᠬᠥᠮᠦᠰ ᠤᠨ ᠠᠮᠤᠷ ᠲᠦᠪᠰᠢᠨ ᠤ ᠦᠵᠡᠯ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号