︽ᠬᠤᠷᠰᠢᠶ᠎ᠠ ᠪᠠᠩᠬᠢ ᠶᠢ ᠨᠢᠭᠡ ᠴᠤᠭᠴᠠᠵᠢᠭᠤᠯᠵᠤ︾᠂ ᠭᠡᠷᠡᠴᠢᠯᠡᠬᠦ ᠳᠤ ᠨᠠᠩ ᠳᠥᠭᠦᠮ ᠳᠥᠲᠡ ᠪᠣᠯᠪᠠ
ᠨᠡᠶᠢᠲᠡᠯᠡᠭᠰᠡᠨ ᠴᠠᠭ᠄
2024/8/5
      ᠣᠶᠢᠷ᠎ᠠ ᠳᠤ᠂ ᠴᠢᠩᠱᠠᠨ ᠲᠣᠭᠤᠷᠢᠭ ᠤᠨ ᠡᠮᠦᠨ᠎ᠡ ᠲᠡᠭᠦᠷᠭᠡ ᠶᠢᠨ ᠬᠤᠯᠪᠣᠭᠠᠲᠤ ᠬᠤᠷᠰᠢᠶ᠎ᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠣᠷ ᠴᠡᠭ ᠲᠤ᠂ ᠪᠠᠩᠬᠢ ᠶᠢᠨ ᠠᠵᠢᠯᠲᠠᠳ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠳᠤ ︽ᠬᠤᠷᠰᠢᠶ᠎ᠠ ᠪᠠᠩᠬᠢ ᠶᠢ ᠨᠢᠭᠡ ᠴᠤᠭᠴᠠᠵᠢᠭᠤᠯᠬᠤ︾ ᠦᠢᠯᠡᠴᠢᠯᠡᠭᠡᠨ ᠤ ᠳᠠᠪᠠᠭᠤᠯᠢᠭ ᠢ ᠨᠠᠷᠢᠨ ᠲᠠᠨᠢᠯᠴᠠᠭᠤᠯᠬᠤ ᠶᠢᠨ ᠬᠠᠮᠲᠤ ᠣᠯᠠᠨ ᠲᠦᠮᠡᠨ ᠢ ᠬᠠᠪᠰᠤᠷᠤᠨ ᠥᠪᠡᠰᠦᠪᠡᠨ ᠨᠢᠭᠡ ᠴᠣᠭᠴᠠᠵᠢᠭᠤᠯᠤᠭᠰᠠᠨ ᠮᠠᠰᠢᠨ ᠳᠡᠭᠡᠷ᠎ᠡ ᠨᠠᠰᠤᠵᠢᠯ ᠤᠨ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠯᠲᠡ ᠶᠢ ᠲᠦᠷᠭᠡᠨ ᠪᠡᠶᠡᠯᠡᠭᠦᠯᠪᠡ᠃      ︽ᠬᠤᠷᠰᠢᠶ᠎ᠠ ᠪᠠᠩᠬᠢ ᠶᠢᠨ ᠬᠠᠮᠲᠤᠷᠠᠯᠴᠠᠭ᠎ᠠ︾ ᠶᠢᠨ ᠲᠣᠣᠷ ᠴᠢᠭ ᠢᠶᠠᠷ ᠳᠠᠮᠵᠢᠭᠤᠯᠤᠨ ᠭᠡᠷᠡᠴᠢᠯᠡᠭᠡ ᠬᠢᠬᠦ ᠪᠣᠯ ᠡᠨᠡ ᠵᠢᠯ ᠤᠨ ᠭᠠᠷᠭᠠᠭᠰᠠᠨ ᠰᠢᠨ᠎ᠡ ᠭᠡᠷᠡᠴᠢᠯᠡᠬᠦ ᠠᠷᠭ᠎ᠠ ᠮᠠᠶ᠋ᠢᠭ ᠪᠣᠯᠤᠨ᠎ᠠ᠃ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠬᠤᠷᠰᠢᠶ᠎ᠠ ᠪᠠᠩᠬᠢ ᠶᠢᠨ ᠬᠠᠮᠲᠤᠷᠠᠯᠴᠠᠭ᠎ᠠ︾ ᠶᠢᠨ ᠦᠢᠯᠡᠴᠢᠯᠡᠭᠡᠨ ᠤ ᠵᠠᠭᠪᠤᠷ ᠲᠤ ᠤᠯᠠᠮ ᠨᠢᠭᠡ ᠠᠯᠬᠤᠮ ᠰᠢᠨ᠎ᠡ ᠶᠢ ᠡᠭᠦᠳᠴᠦ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠶᠢ ᠥᠷᠭᠡᠳᠬᠡᠨ᠂ ᠪᠠᠩᠬᠢ ᠶᠢᠨ ᠲᠣᠤᠷ ᠴᠡᠭ ᠢᠶᠠᠷ ᠣᠯᠠᠨ᠂ ᠲᠠᠷᠬᠠᠯᠲᠠ ᠨᠢ ᠥᠷᠭᠡᠨ ᠲᠥᠬᠦᠮ ᠨᠥᠬᠦᠴᠡᠯ ᠢ ᠭᠦᠢᠴᠡᠳ ᠠᠰᠢᠭᠯᠠᠨ᠂ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠯ ᠤᠨ ︽ᠣᠯᠠᠨ ᠭᠠᠵᠠᠷ ᠲᠤ ᠭᠦᠢᠴᠡᠳᠭᠡᠬᠦ︾᠂ ︽ᠣᠶᠢᠷ᠎ᠠ ᠬᠠᠪᠢ ᠳᠤᠨᠢ ᠭᠦᠢᠴᠡᠳᠭᠡᠬᠦ︾᠂ ︽ᠳᠠᠷᠦ᠋ᠢᠬᠠᠨ ᠭᠦᠢᠴᠡᠳᠭᠡᠬᠦ︾᠂ ︽ᠥᠨᠳᠥᠷ ᠦᠷ᠎ᠡ ᠪᠦᠲᠦᠮᠵᠢᠲᠡᠶ ᠪᠠᠷ ᠭᠦᠢᠴᠡᠳᠭᠡᠬᠦ︾ ᠶᠢ ᠢᠳᠡᠪᠬᠢᠲᠡᠶ ᠠᠬᠢᠭᠤᠯᠵᠤ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠭᠦᠢᠴᠡᠳ ᠤᠷᠲᠤᠳᠬᠠᠨ᠂ ᠥᠷᠭᠡᠨ ᠣᠯᠠᠨ ᠠᠵᠢᠯ ᠠᠴᠠ ᠪᠠᠨ ᠠᠮᠠᠷᠠᠭᠰᠠᠳ ᠢ ᠣᠶᠢᠷ᠎ᠠ ᠬᠠᠪᠢ ᠳᠤᠨᠢ᠂ ᠨᠠᠰᠤᠵᠢᠯ ᠤᠨ ᠠᠰᠠᠷᠠᠮᠵᠢ ᠶᠢᠨ ᠬᠢᠷᠢ ᠬᠡᠮ ᠤᠨ ᠭᠡᠷᠡᠴᠢᠯᠡᠭᠡ ᠶᠢ ᠲᠦᠷᠭᠡᠨ ᠭᠦᠢᠴᠡᠳᠭᠡᠵᠦ᠂ ︽ᠬᠤᠷᠰᠢᠶ᠎ᠠ ᠪᠠᠩᠬᠢ ᠶᠢᠨ ᠬᠠᠮᠲᠤᠷᠠᠯᠴᠠᠭ᠎ᠠ︾ ᠠᠴᠠ ᠪᠣᠯᠤᠭᠰᠠᠨ ᠳᠥᠭᠦᠮ ᠳᠥᠲᠡ ᠴᠢᠨᠠᠷ ᠰᠠᠶᠢᠲᠠᠶ ᠦᠢᠯᠡᠴᠢᠯᠡᠭᠡ ᠶᠢ ᠬᠠᠮᠲᠤ ᠪᠠᠷ ᠡᠳ᠋ᠯᠡᠬᠦ ᠪᠣᠯᠭᠠᠨ᠎ᠠ᠃ ᠣᠳᠣᠬᠠᠨ ᠳᠤ ᠨᠢᠭᠡᠨᠲᠡ ᠡᠮᠦᠨ᠎ᠡ ᠲᠡᠭᠦᠷᠭᠡ ᠶᠢᠨ ᠬᠤᠯᠪᠣᠭᠠᠲᠤ ᠬᠤᠷᠰᠢᠶ᠎ᠠ ᠶᠢᠨ ᠴᠠᠩ ᠹᠦ᠋ ᠬᠤᠪᠢᠶᠠᠷᠢ ᠬᠤᠷᠰᠢᠶ᠎ᠠ ᠶᠢ ᠲᠤᠷᠰᠢᠯᠲᠠ ᠶᠢᠨ ᠴᠡᠭ ᠪᠣᠯᠭᠠᠵᠤ᠂ ᠬᠤᠶᠢᠰᠢᠳᠠ ᠶᠢᠨ 4 ᠪᠠᠩᠬᠢ ᠶᠢᠨ 8 ᠲᠣᠣᠷ ᠴᠡᠭ ᠢ ᠵᠠᠯᠭᠠᠭ᠎ᠠ ᠪᠠᠷ ᠪᠠᠶᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠡᠴᠦᠰ ᠤᠨ ᠨᠢᠭᠡ ᠺᠢᠯᠤᠮᠧᠲᠷ ᠢ ᠬᠦᠴᠦᠯᠡᠨ ᠨᠡᠪᠲᠡᠷᠡᠭᠦᠯᠵᠦ᠂ ᠤᠯᠠᠨ ᠲᠦᠮᠡᠨ ᠳᠤ ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡ ᠬᠦᠷᠲᠡᠭᠡᠨ᠎ᠡ᠃      ᠡᠨᠡ ᠵᠢᠯ ᠤᠨ ︽ᠠᠭᠢᠬᠤ ᠮᠠᠶ᠋ᠢᠭ︾ ᠤᠨ ᠭᠡᠷᠡᠴᠢᠯᠡᠯ ᠢ ᠥᠷᠨᠢᠭᠦᠯᠦᠭᠰᠡᠨ ᠠᠴᠠ ᠨᠠᠭᠠᠰᠢ᠂ ︽2024 ᠣᠨ ᠤ ᠨᠠᠰᠦᠵᠢᠯ ᠤᠨ ᠠᠰᠠᠷᠠᠮᠵᠢ ᠶᠢᠨ ᠬᠢᠷᠢ ᠬᠡᠮ ᠤᠨ ᠭᠡᠷᠡᠴᠢᠯᠡᠯᠳᠡ︾ ᠶᠢᠨ ᠸᠢᠳᠢᠣ᠋ ᠶᠢ ᠰᠢᠩᠭᠡᠭᠡᠨ ᠦᠢᠯᠡᠳᠬᠦ ᠪᠠᠷ ᠳᠠᠮᠵᠢᠭᠤᠯᠤᠨ᠂ ᠬᠢᠷᠢ ᠬᠡᠮ ᠤᠨ ᠭᠡᠷᠡᠴᠢᠯᠡᠯ ᠤᠨ ᠶᠠᠪᠤᠴᠠ ᠵᠢᠴᠢ ᠪᠠᠶᠢᠩᠭᠤ ᠲᠣᠬᠢᠶᠠᠯᠳᠤᠳᠠᠭ ᠠᠰᠠᠭᠤᠳᠠᠯ ᠤᠨ ᠤᠬᠠᠭᠤᠯᠭ᠎ᠠ ᠶᠢᠨ ᠳᠡᠪᠲᠡᠷ ᠢ ᠦᠢᠯᠡᠳᠴᠦ᠂ ︽ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠶᠢᠨ ᠣᠯᠠᠨ ᠨᠡᠶᠢᠲᠡ ᠶᠢᠨ ᠳ᠋ᠤᠭᠠᠷ ᠪᠠ ᠲᠢᠭ ᠲᠤᠭ ᠤᠨ ᠲᠠᠪᠴᠠᠩ ᠳᠤ ᠰᠢᠭᠤᠳ ᠨᠡᠪᠲᠡᠷᠡᠭᠦᠯᠦᠨ ᠤᠬᠠᠭᠤᠯᠵᠤ ᠳᠡᠯᠭᠡᠷᠡᠭᠦᠯᠬᠦ ᠶᠢᠨ ᠬᠠᠮᠲᠤ ᠤᠬᠠᠭᠤᠯᠬᠤ ᠰᠠᠯᠪᠤᠷᠢ ᠪᠠᠭ᠎ᠠ ᠠᠩᠭᠢ ᠪᠠᠶᠢᠭᠤᠯᠤᠨ ᠡᠯ᠎ᠡ ᠵᠡᠭᠡᠯᠢ ᠪᠠᠯᠭᠠᠰᠤ ᠨᠡᠶᠢᠭᠡᠮ ᠲᠣᠭᠤᠷᠢᠭ᠂ ᠠᠭᠤᠳᠠᠮ ᠲᠠᠯᠠᠪᠠᠶ᠂ ᠬᠤᠳᠠᠯᠳᠤᠭᠠᠨ ᠤ ᠲᠣᠭᠤᠷᠢᠭ ᠲᠤ ᠬᠦᠷᠴᠦ ᠤᠬᠠᠭᠤᠯᠵᠤ᠂ ︽ᠠᠭᠢᠴᠠ ᠬᠡᠯᠪᠡᠷᠢ︾ ᠶᠢᠨ ᠭᠡᠷᠡᠴᠢᠯᠡᠯ ᠤᠨ ᠰᠢᠨ᠎ᠡ ᠲᠣᠭᠲᠠᠭᠠᠯ ᠢ ᠨᠠᠩ ᠪᠥᠬᠦ ᠲᠠᠯ᠎ᠠ ᠪᠠᠷ ᠲᠦᠭᠡᠮᠡᠯᠵᠢᠭᠦᠯᠵᠦ᠂ ᠣᠯᠠᠨ ᠲᠦᠮᠡᠨ ᠳᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠩ ᠢᠯᠡᠭᠦᠤ ᠣᠶᠢᠯᠠᠭᠠᠭᠤᠯᠵᠤ᠂ ᠭᠡᠷᠡᠴᠢᠯᠡᠯ ᠤᠨ ᠬᠤᠭᠤᠴᠠᠭ᠎ᠠ ᠬᠡᠲᠦᠷᠡᠬᠦ ᠥᠬᠡᠶ ᠪᠠᠶᠢᠬᠤ ᠶᠢ ᠦᠨᠡᠨᠬᠦ ᠪᠠᠲᠤᠯᠠᠪᠠ᠃ ᠣᠲᠣ ᠪᠣᠯᠲᠠᠯ᠎ᠠ᠂ ᠴᠢᠩᠱᠠᠨ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠤᠨ ᠬᠢᠷᠢ ᠬᠡᠮ ᠢ ᠨᠢᠭᠡᠨᠲᠡ 18693 ᠬᠥᠮᠦᠨ ᠪᠡᠶᠡᠯᠡᠭᠦᠯᠵᠦ᠂ ᠭᠡᠷᠡᠴᠢᠯᠡᠯ ᠤᠨ ᠨᠣᠷᠮ᠎ᠠ ᠨᠢ 88% ᠳᠤ ᠬᠦᠷᠴᠡᠶ᠃      ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠦᠷᠭᠦᠯᠵᠢᠯᠡᠨ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠭᠡᠷᠡᠴᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠲᠦᠮᠡᠨ ᠢᠶᠠᠷ ᠭᠤᠤᠯ ᠪᠣᠯᠭᠠᠵᠤ᠂ ᠭᠠᠷᠲᠠᠨ ᠭᠦᠢᠴᠡᠳᠭᠡᠬᠦ ᠵᠠᠭᠪᠤᠷ ᠤᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠨᠡᠶᠢᠭᠡᠮ ᠤᠨ ᠪᠠᠲᠤᠯᠠᠭ᠎ᠠ ᠶᠢᠨ ᠶᠡᠭᠡ ᠲᠢᠩᠬᠢᠮ ᠢᠶᠠᠷ ᠭᠤᠤᠯ ᠪᠣᠯᠭᠠᠵᠤ᠂ ᠨᠡᠶᠢᠭᠡᠮ ᠲᠣᠭᠤᠷᠢᠭ᠂ ᠲᠣᠰᠬᠤᠨ᠂ ᠪᠠᠩᠬᠢ ᠶᠢᠨ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠴᠡᠭ ᠢᠶᠠᠷ ᠡᠮᠦᠨ᠎ᠡ ᠬᠠᠷᠠᠭᠤᠯ ᠪᠣᠯᠭᠠᠭᠰᠠᠨ 15 ᠮᠢᠨᠦ᠋ᠲ ᠤᠨ ᠨᠡᠶᠢᠭᠡᠮ ᠤᠨ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠦᠷᠢᠶ᠎ᠡ ᠶᠢ ᠪᠠᠶᠢᠭᠤᠯᠵᠤ᠂ ᠠᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号