ᠦᠵᠡᠭᠳᠡᠯᠳᠦ ᠵᠢᠭᠠᠨ ᠰᠤᠷᠭᠠᠯᠲᠠ ᠨᠢ ᠨᠠᠮ ᠤᠨ ᠬᠢᠴᠢᠶᠡᠯ ᠢ ︽ᠠᠮᠢᠳᠤᠯᠢᠭ︾ ᠪᠤᠯᠭᠠᠪᠠ
ᠨᠡᠶᠢᠲᠡᠯᠡᠭᠰᠡᠨ ᠴᠠᠭ᠄
2024/8/6
      ᠨᠠᠮ ᠤᠨ ᠬᠢᠴᠢᠶᠡᠯ ᠤᠨ ᠬᠡᠯᠪᠡᠷᠢ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠬᠤᠪᠢᠰᠬᠠᠯ ᠤᠨ ᠵᠣᠷᠢᠭ ᠰᠠᠨᠠᠭ᠎ᠠ ᠪᠠ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠤ ᠡᠩᠨᠡᠭᠡ ᠶᠢᠨ ᠬᠥᠮᠦᠵᠢᠯ ᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ  ᠪᠠ ᠨᠠᠮ ᠤᠨ ᠭᠡᠰᠢᠭᠦᠨ ᠤ ᠲᠠᠶᠢᠴᠢᠨ ᠬᠦᠴᠦᠨ ᠪᠣᠯᠤᠨ ᠬᠡᠷᠡᠭᠵᠢᠭᠦᠯᠬᠦ ᠬᠦᠴᠦᠨ ᠢ ᠬᠥᠭᠵᠢᠭᠡᠬᠦ ᠶᠢᠨ ᠲᠥᠯᠥᠭᠡ᠂ ᠪᠸᠢ ᠵᠢᠶᠠ ᠨᠡᠶᠢᠭᠡᠮ ᠲᠣᠭᠤᠷᠢᠭ ᠤᠨ ᠬᠢᠨ ︽ᠭᠠᠶᠢᠬᠠᠮᠰᠢᠭᠲᠤ ᠣᠨ ᠰᠠᠷ᠎ᠠ ᠶᠢ ᠡᠷᠭᠢᠴᠡᠭᠦᠯᠵᠦ᠂ ᠴᠡᠷᠢᠭ ᠤᠨ ᠠᠵᠢᠯᠴᠢᠨ ᠤ ᠵᠣᠷᠢᠭ ᠰᠠᠨᠠᠭ᠎ᠠ ᠶᠢ ᠶᠠᠷᠢᠭᠰᠠᠨ︾ ᠦᠵᠡᠭᠳᠡᠯᠳᠦ ᠨᠠᠮ ᠤᠨ ᠬᠢᠴᠢᠶᠡᠯ ᠢ ᠰᠢᠨ᠎ᠡ ᠶᠢ ᠡᠭᠦᠳᠦᠨ ᠥᠷᠨᠢᠭᠦᠯᠵᠦ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠤᠢ ᠶᠢ ᠬᠠᠮᠲᠤ ᠪᠠᠷ ᠪᠡᠯᠭᠡᠯᠡᠵᠦ᠂ ᠬᠤᠪᠢᠰᠬᠠᠯ ᠤᠨ ᠰᠣᠶᠣᠯ ᠪᠠ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠮᠠᠭᠲᠠᠨ ᠰᠠᠶᠢᠰᠢᠶᠠᠵᠤ᠂ ︽ᠴᠡᠷᠢᠭ ᠠᠷᠠᠳ ᠨᠢᠭᠡ ᠭᠡᠷ ᠪᠦᠯᠢ ᠮᠡᠲᠦ ᠲᠤᠲᠤᠨᠦ︾ ᠡᠶ᠎ᠡ ᠨᠠᠶᠢᠷᠲᠠᠢ ᠠᠭᠤᠷ ᠠᠮᠢᠰᠬᠤᠯ ᠢ ᠪᠤᠢ ᠪᠣᠯᠭᠠᠪᠠ᠃      ᠤᠮᠠᠷᠠᠲᠦ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠲᠥᠪ ᠬᠢᠴᠢᠶᠡᠩᠭᠦᠢ ᠦᠢᠯᠡᠳᠪᠦᠷᠢ ᠶᠢᠨ ᠳᠠᠭᠤᠤ ᠳᠤ᠂ ᠰᠦᠨ ᠨᠠᠰᠤᠲᠠᠨ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠬᠠᠮᠤᠭ ᠤᠨ ᠠᠩᠬᠠᠨ ᠤ ᠭᠠᠵᠠᠷ ᠰᠣᠩᠭᠤᠬᠤ᠂ ᠪᠦᠳᠦᠭᠡᠨ ᠪᠠᠶᠢᠭᠤᠯᠬᠤ᠂ ᠭᠠᠯ ᠫᠤᠤ ᠶᠢᠨ ᠦᠢᠯᠡᠳᠪᠦᠷᠢ ᠪᠠᠶᠢᠭᠤᠯᠬᠤ᠂ ᠠᠷᠠᠳ ᠤᠨ ᠪᠦᠲᠦᠭᠡᠭᠳᠡᠬᠦᠨ ᠤ ᠰᠢᠰᠲ᠋ᠧᠮ ᠢ ᠪᠠᠶᠢᠭᠤᠯᠬᠤ ᠪᠣᠯᠲᠠᠯ᠎ᠠ ᠶᠡᠷᠦᠩᠬᠡᠶᠢᠯᠡᠭᠰᠡᠨ ᠴᠢᠨᠠᠷᠲᠠᠢ ᠲᠦᠷᠦᠯ ᠵᠦᠢᠯ ᠪᠦᠷᠢᠨ ᠲᠡᠭᠦᠯᠳᠡᠷ ᠣᠳᠣᠬᠢᠴᠢᠯᠠᠭᠰᠠᠨ ᠶᠡᠭᠡ ᠫᠤᠤ ᠶᠢᠨ ᠰᠠᠭᠤᠷᠢᠨ ᠭᠠᠵᠠᠷ ᠪᠣᠯᠤᠭᠰᠠᠨ ᠵᠡᠷᠭᠡ ᠠᠯᠢ ᠤᠯᠠᠨ ᠲᠡᠮᠡᠴᠡᠯ ᠤᠨ ᠲᠡᠦᠬᠡ ᠲᠠᠶᠢᠯᠪᠦᠷᠢᠯᠠᠵᠦ᠂ ᠤᠯᠠᠨ ᠢ ᠳᠠᠭᠠᠭᠤᠯᠤᠨ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠲᠡᠰᠪᠦᠷᠢ ᠬᠠᠲᠠᠭᠤᠵᠢᠯᠲᠠᠢ ᠲᠡᠮᠡᠴᠡᠭᠰᠡᠨ 70 ᠵᠢᠯ ᠤᠨ ᠲᠡᠦᠬᠡᠨ ᠤᠷᠳᠤ ᠭᠤᠣᠯ ᠢ ᠤᠶᠢᠯᠭᠠᠭᠤᠯᠪᠠ᠃      ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ 70 ᠵᠢᠯ ᠤᠨ ᠡᠷᠡᠮᠡᠬᠡᠶᠢᠯᠡᠨ ᠤᠷᠤᠭᠰᠢᠯᠠᠵᠤ᠂ ᠨᠢᠭᠡ ᠵᠦᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠳ ᠨᠢ ᠴᠥᠮ ᠰᠢᠨ᠎ᠡ ᠦᠢᠯᠡᠳᠬᠦᠨ ᠤ ᠪᠡᠶᠡᠯᠡᠭᠳᠡᠬᠦ ᠶᠢ ᠡᠷᠭᠢᠴᠡᠭᠦᠯᠵᠦ᠂ ᠦᠢᠯᠡᠳᠪᠦᠷᠢ ᠪᠠᠶᠢᠭᠤᠯᠤᠭᠳᠠᠭᠰᠠᠨ ᠠᠴᠠ ᠤᠳᠤ ᠪᠣᠯᠲᠠᠯᠠᠬᠢ ᠬᠡᠳᠦᠨ ᠦᠶ᠎ᠡ ᠶᠢᠨ ᠡᠭᠦᠳᠦᠨ ᠨᠡᠭᠡᠭᠡᠭᠴᠢ᠂ ᠪᠦᠲᠦᠭᠡᠨ ᠪᠠᠶᠢᠭᠤᠯᠤᠭᠴᠢ᠂ ᠲᠡᠭᠦᠯᠳᠡᠷᠵᠢᠭᠦᠯᠦᠭᠴᠢ᠂ ᠰᠢᠨ᠎ᠡ ᠶᠢ ᠡᠭᠦᠳᠦᠭᠴᠢ᠂ ᠬᠤᠶᠢᠨ᠎ᠠ ᠨᠢ ᠢᠷᠡᠭᠰᠡᠳ ᠤᠨ ᠬᠤᠪᠢ ᠨᠡᠮᠡᠷᠢ ᠦᠵᠡᠭᠦᠯᠬᠦ ᠪᠠ ᠥᠪᠡᠷ ᠢ ᠪᠠᠨ ᠦᠷᠡᠭᠳᠡᠭᠦᠯᠬᠦ ᠵᠣᠷᠢᠭ ᠰᠠᠨᠠᠭ᠎ᠠ ᠳᠤ ᠨᠡᠪᠴᠢᠪᠡ᠃ ᠵᠠᠯᠭᠠᠭᠠᠳ᠂ ᠪᠸᠢ ᠵᠢᠶᠠ ᠨᠡᠶᠢᠭᠡᠮ ᠲᠣᠭᠤᠷᠢᠭ ᠤᠨ ᠬᠢᠨ ᠬᠤᠪᠢᠰᠬᠠᠯ ᠤᠨ ᠬᠥᠮᠦᠵᠢᠯ ᠤᠨ ᠬᠡᠯᠪᠡᠷᠢ ᠶᠢ ᠦᠷᠭᠦᠯᠵᠢᠯᠡᠨ ᠰᠦᠪᠡᠭᠴᠢᠯᠡᠵᠦ᠂ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠵᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠵᠤ᠂ ᠦᠵᠡᠭᠳᠡᠯᠲᠦ ᠨᠠᠮ ᠤᠨ ᠬᠢᠴᠢᠶᠡᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠤᠯᠠᠨ ᠲᠦᠮᠡᠨ ᠢ ︽ᠦᠵᠡᠭᠳᠡᠯᠲᠦ ᠨᠠᠮ ᠤᠨ ᠬᠢᠴᠢᠶᠡᠯ︾ ᠳᠤᠮᠳᠠ ᠢᠲᠡᠭᠡᠯ ᠪᠢᠰᠢᠷᠡᠯ ᠤᠨ ᠬᠦᠴᠦᠨ ᠢ ᠣᠶᠢᠯᠠᠭᠠᠭᠤᠯᠵᠤ᠂ ᠠᠵᠢᠯ ᠤᠨ ᠦᠢᠯᠡᠳᠦᠯᠭᠡ ᠶᠢᠨ ᠳᠤᠮᠳᠠ ᠭᠠᠯ ᠪᠠᠮᠪᠠᠷ ᠤᠯᠠᠮᠵᠢᠯᠠᠬᠤ ᠶᠢ ᠰᠠᠶᠢᠲᠤᠷ ᠬᠢᠵᠦ᠂ ︽ᠬᠠᠮᠤᠭ ᠤᠨ ᠭᠤᠶᠤ ᠪᠸᠢ ᠵᠢᠶᠠ︾ ᠶᠢ ᠪᠦᠳᠦᠭᠡᠨ ᠪᠠᠶᠢᠭᠤᠯᠬᠤ ᠶᠠᠪᠤᠴᠠ ᠳᠤ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠨᠢᠭᠲᠠᠷᠠᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号