ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | ᠲᠦᠷᠢᠮ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠨᠤᠲᠤᠭ | ᠪᠡᠯᠴᠢᠭᠡᠷ ᠢ ᠠᠮᠠᠷᠠᠭᠤᠯᠤᠨ ᠰᠡᠷᠭᠦᠭᠡᠬᠦ ᠶᠢ ᠠᠬᠢᠭᠤᠯᠬᠤ ᠶᠢᠨ ᠲᠥᠯᠥᠭᠡ᠂ 7 ᠳ᠋ᠤᠭᠠᠷ ᠰᠠᠷ᠎ᠠ ᠠᠴᠠ ᠨᠠᠭᠠᠰᠢ᠂ | ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠴᠢᠩᠱᠠᠨ ᠬᠠᠮᠢᠶᠠᠷᠤᠯᠲᠠ ᠶᠢᠨ ᠥᠷᠲᠡᠭᠡ᠂ ᠲᠣᠭᠤᠷᠢᠭ ᠤᠨ ᠲᠣᠭᠤᠷᠢᠯ ᠢᠳᠡᠭᠡᠨ | ᠡᠮ ᠤᠨ ᠵᠦᠢᠯ ᠤᠨ ᠲᠤᠷᠰᠢᠨ ᠪᠠᠶᠢᠴᠠᠭᠠᠬᠤ ᠶᠡᠭᠡ ᠠᠩᠭᠢ᠂ ᠰᠢᠩ ᠱᠧᠩ ᠪᠠᠯᠭᠠᠰᠤ᠂ ᠴᠢᠩ ᠹᠦ᠋ ᠪᠠᠯᠭᠠᠰᠤ ᠲᠠᠢ | ᠬᠠᠮᠲᠤᠷᠠᠨ ᠠᠵᠢᠯᠯᠠᠬᠤ ᠳᠤᠭᠤᠶᠢᠯᠠᠩ ᠪᠠᠶᠢᠭᠤᠯᠵᠤ ᠪᠥᠬᠦ ᠲᠤᠭᠤᠷᠢᠭ ᠲᠤ ᠪᠦᠬᠦᠯᠢ ᠡᠳᠦᠷ ᠤᠨ᠂ ᠪᠠᠶᠢᠩᠭᠤᠵᠢᠭᠰᠠᠨ᠂ | ᠥᠨᠴᠥᠭ ᠪᠤᠯᠤᠩ ᠥᠬᠡᠶ ᠲᠣᠭᠤᠷᠢᠨ ᠪᠠᠶᠢᠴᠠᠭᠠᠯᠲᠠ ᠥᠷᠨᠢᠭᠦᠯᠵᠦ᠂ ᠨᠤᠲᠤᠭ ᠪᠡᠯᠴᠢᠭᠡᠷ ᠤᠨ ᠳᠠᠭᠠᠭᠠᠴᠠ ᠠᠴᠠ | ᠬᠡᠲᠦᠷᠡᠭᠦᠯᠦᠨ ᠮᠠᠯᠵᠢᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠢ ᠠᠬᠤᠶ ᠶᠢᠨ ᠣᠷᠴᠢᠨ ᠲᠣᠭᠤᠷᠢᠨ ᠢ | ᠬᠠᠮᠠᠭᠠᠯᠠᠪᠠ᠃ | ᠴᠢᠩᠱᠠᠨ ᠲᠣᠭᠤᠷᠢᠭ ᠤᠨ ᠲᠠᠯ᠎ᠠ ᠨᠤᠲᠤᠭ ᠤᠨ ᠲᠠᠯᠠᠪᠠᠢ 6 706 ᠾᠧᠺᠲ᠋ᠠᠷ ᠪᠠᠶᠢᠵᠦ᠂ ᠵᠠᠰᠠᠭ ᠵᠠᠬᠢᠷᠭᠠᠨ ᠤ | ᠣᠷᠣᠨ ᠤ ᠶᠡᠷᠦᠩᠬᠡᠢ ᠲᠠᠯᠠᠪᠠᠢ ᠶᠢᠨ 24.4% ᠶᠢ ᠡᠵᠡᠯᠡᠨ᠎ᠡ᠃ ᠠᠵᠢᠯᠯᠠᠭ᠎ᠠ ᠶᠢᠨ ᠡᠮᠬᠢ ᠵᠢᠷᠤᠮ ᠲᠠᠢ ᠶᠠᠪᠤᠭᠳᠠᠬᠤ ᠶᠢ | ᠪᠠᠲᠤᠯᠠᠬᠤ ᠶᠢᠨ ᠲᠥᠯᠥᠭᠡ᠂ ᠬᠠᠮᠲᠤᠷᠠᠨ ᠠᠵᠢᠯᠯᠠᠬᠤ ᠳᠤᠭᠤᠶᠢᠯᠠᠩ ︽ᠴᠢᠩᠱᠠᠨ ᠲᠣᠭᠤᠷᠢᠭ ᠤᠨ ᠤᠢ ᠰᠢᠭᠤᠢ ᠶᠢᠨ | ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ | ᠮᠠᠯᠵᠢᠬᠤ ᠶᠢ ᠵᠠᠰᠠᠬᠤ ᠲᠤᠰᠬᠠᠢ ᠠᠵᠢᠯᠯᠠᠭ᠎ᠠ ᠶᠢᠨ ᠠᠵᠢᠯ ᠤᠨ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠤᠢ | ᠰᠢᠭᠤᠢ ᠶᠢᠨ ᠳᠠᠷᠤᠭ᠎ᠠ ᠶᠢᠨ ᠳᠦᠷᠢᠮ ᠤᠨ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠰᠠᠯᠠᠭ᠎ᠠ ᠮᠥᠴᠢᠷ ᠬᠠᠮᠵᠢᠯᠴᠠᠨ | ᠬᠦᠴᠦᠯᠡᠵᠦ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠶᠢ ᠵᠠᠰᠠᠬᠤ ᠲᠤᠰᠬᠠᠢ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠬᠦ ᠶᠢ ᠠᠬᠢᠭᠤᠯᠪᠠ᠃ ᠠᠵᠢᠯᠯᠠᠬᠤ ᠳᠤᠭᠤᠶᠢᠯᠠᠩ ᠤᠨ ᠬᠢᠨ ᠬᠤᠶᠠᠷ | ᠪᠠᠯᠭᠠᠰᠤᠨ ᠤ ᠲᠠᠷᠢᠶᠠᠯᠠᠬᠤ ᠣᠷᠣᠨ ᠤ 10 ᠵᠠᠰᠠᠭ ᠵᠠᠬᠢᠷᠭᠠᠨ ᠤ ᠲᠣᠰᠬᠤᠨ ᠤ 98 ᠲᠡᠵᠢᠭᠡᠨ ᠦᠷᠡᠵᠢᠭᠦᠯᠬᠦ | ᠡᠷᠦᠬᠡ ᠶᠢ ᠪᠦᠷᠢᠳᠬᠡᠨ ᠣᠶᠢᠯᠠᠭᠠᠵᠤ᠂ ᠡᠭᠦᠨ ᠳᠤ ᠰᠢᠩ ᠱᠧᠩ ᠪᠠᠯᠭᠠᠰᠤᠨ ᠤ 947 ᠦᠬᠡᠷ᠂ 29915 ᠬᠤᠨᠢ᠂ | ᠴᠢᠩ ᠹᠦ᠋ ᠪᠠᠯᠭᠠᠰᠤᠨ ᠤ 27359 ᠬᠤᠨᠢ᠂ ᠪᠥᠬᠦ ᠲᠤᠭᠤᠷᠢᠭ ᠤᠨ ᠲᠠᠷᠢᠶᠠᠯᠠᠬᠤ ᠣᠷᠣᠨ ᠤ ᠦᠬᠡᠷ ᠬᠤᠨᠢ ᠶᠢ | ᠨᠡᠶᠢᠲᠡ 62009 ᠪᠠᠷ ᠨᠤᠭᠤᠯᠤᠨ ᠪᠤᠳᠤᠵᠤ ᠪᠠᠶᠢᠨ᠎ᠠ᠃ ᠡᠭᠦᠨ ᠤ ᠬᠠᠮᠲᠤ᠂ ᠰᠢᠩ ᠱᠧᠩ ᠪᠠᠯᠭᠠᠰᠤᠨ ᠤ 6 ᠵᠠᠰᠠᠭ | ᠵᠠᠬᠢᠷᠭᠠᠨ ᠤ ᠲᠣᠰᠬᠤᠨ ᠤ 45 ᠲᠡᠵᠢᠭᠡᠨ ᠦᠷᠡᠵᠢᠭᠦᠯᠬᠦ ᠡᠷᠦᠬᠡ᠂ ᠴᠢᠩ ᠹᠦ᠋ ᠪᠠᠯᠭᠠᠰᠤᠨ ᠤ 4 ᠵᠠᠰᠠᠭ ᠵᠠᠬᠢᠷᠭᠠᠨ ᠤ | ᠲᠣᠰᠬᠤᠨ ᠤ 53 ᠲᠡᠵᠢᠭᠡᠨ ᠦᠷᠡᠵᠢᠭᠦᠯᠬᠦ ᠡᠷᠦᠬᠡ ᠲᠠᠢ ᠠᠮᠠᠯᠠᠯᠲᠠ ᠶᠢᠨ ᠪᠢᠴᠢᠭ ᠪᠠ ᠪᠡᠯᠴᠢᠭᠡᠷᠯᠡᠭᠦᠯᠬᠦ ᠶᠢ | ᠴᠠᠭᠠᠵᠠᠯᠠᠬᠤ ᠮᠡᠳᠡᠭᠳᠡᠯ ᠤᠨ ᠪᠢᠴᠢᠭ ᠲᠣᠭᠲᠠᠵᠤ᠂ ᠨᠡᠶᠢᠲᠡ 98 ᠬᠤᠪᠢ ᠪᠣᠶ᠃ | ᠲᠣᠭᠤᠷᠢᠭ᠂ ᠪᠠᠯᠭᠠᠰᠤᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠨᠢ ᠲᠣᠰᠬᠤᠨ ᠤ | ᠲᠠᠰ ᠤᠨ ᠣᠶ ᠰᠢᠭᠤᠶ ᠶᠢᠨ ᠳᠠᠷᠤᠭ᠎ᠠ ᠲᠠᠢ ᠬᠠᠮᠲᠤᠷᠠᠨ᠂ ᠡᠯ᠎ᠡ ᠲᠣᠰᠬᠤᠨ ᠤ ᠲᠣᠮᠣ ᠪᠦᠷᠢᠶ᠎ᠡ᠂ ᠨᠡᠭᠦᠳᠡᠯ | ᠤᠬᠠᠭᠤᠯᠭ᠎ᠠ ᠶᠢᠨ ᠲᠡᠷᠭᠡ ᠪᠠᠷ ᠳᠠᠮᠵᠢᠭᠤᠯᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ ᠢ ᠵᠠᠯᠭᠠᠭ᠎ᠠ ᠪᠠᠷ ᠨᠡᠪᠲᠡᠷᠡᠭᠦᠯᠪᠡ᠃ ᠡᠭᠦᠨ ᠠᠴᠠ ᠭᠠᠳᠠᠨ᠎ᠠ᠂ ᠡᠯ᠎ᠡ ᠲᠣᠰᠬᠤᠨ ᠳᠤ ᠪᠡᠯᠴᠢᠭᠡᠷᠯᠡᠭᠦᠯᠬᠦ ᠶᠢ | ᠴᠠᠭᠠᠵᠠᠯᠠᠬᠤ ᠤᠬᠠᠭᠤᠯᠭ᠎ᠠ ᠶᠢᠨ 30 ᠵᠤᠷᠪᠤᠰ ᠡᠯᠭᠦᠭᠡ ᠪᠢᠴᠢᠭᠡᠰᠦ ᠡᠯᠭᠦᠵᠦ᠂ ᠡᠷᠦᠬᠡ ᠳᠤ ᠣᠷᠣᠵᠤ ︽ᠪᠤᠭᠤᠲᠤ | ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠲᠦᠷᠢᠮ︾ 1000 ᠭᠠᠷᠤᠶ ᠬᠤᠪᠢ ᠪᠠ | ᠴᠢᠩᠱᠠᠨ ᠲᠣᠭᠤᠷᠢᠭ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠵᠠᠷᠯᠠᠯ 500 ᠭᠠᠷᠤᠶ ᠬᠤᠪᠢ ᠲᠠᠷᠬᠠᠭᠠᠪᠠ᠃ ᠠᠵᠢᠯᠯᠠᠬᠤ | ᠳᠤᠭᠤᠶᠢᠯᠠᠩ ᠨᠢ ᠲᠡᠵᠢᠭᠡᠨ ᠦᠷᠡᠵᠢᠭᠦᠯᠬᠦ ᠡᠷᠦᠬᠡ ᠶᠢᠨ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ᠂ ᠬᠠᠤᠯᠢ ᠴᠠᠭᠠᠵᠠ | ᠬᠠᠤᠯᠢ ᠲᠣᠭᠲᠠᠭᠠᠯ ᠢ ᠲᠦᠭᠡᠮᠡᠯᠵᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠲᠡᠵᠢᠭᠡᠨ | ᠦᠷᠡᠵᠢᠭᠦᠯᠬᠦ ᠡᠷᠦᠬᠡ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠵᠢᠴᠢ ᠪᠡᠯᠴᠢᠭᠡᠷᠯᠡᠭᠦᠯᠬᠦ ᠶᠢ | ᠴᠠᠭᠠᠵᠠᠯᠠᠬᠤ ᠠᠵᠢᠯ ᠤᠨ ᠬᠠᠮᠢᠶ᠎ᠠ ᠪᠥᠬᠦᠶ ᠲᠣᠭᠲᠠᠭᠠᠯ ᠢ ᠥᠷᠭᠡᠨ ᠢᠶᠠᠷ ᠤᠬᠠᠭᠤᠯᠪᠠ᠃ ᠲᠣᠭᠲᠠᠭᠠᠯ ᠠᠴᠠ ᠵᠥᠷᠢᠴᠡᠨ | ᠮᠠᠯ ᠮᠠᠯᠵᠢᠵᠤ ᠠᠮᠢ ᠠᠬᠤᠶ ᠶᠢ ᠡᠪᠳᠡᠭᠰᠡᠨ ᠲᠡᠵᠢᠭᠡᠨ ᠦᠷᠡᠵᠢᠭᠦᠯᠬᠦ ᠡᠷᠦᠬᠡ ᠳᠤ᠂ ᠠᠵᠢᠯᠯᠠᠬᠤ ᠳᠤᠭᠤᠶᠢᠯᠠᠩ | ᠬᠦᠯᠢᠴᠡᠩᠭᠦᠶ ᠢᠳᠬᠠᠬᠤ ᠪᠠ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠴᠤ᠂ ᠲᠡᠳᠡᠨᠤᠰ ᠢ ᠬᠠᠪᠰᠤᠷᠤᠨ | ᠠᠷᠠᠴᠢᠯᠠᠨ ᠲᠡᠵᠢᠭᠡᠬᠦ ᠠᠷᠭ᠎ᠠ ᠮᠠᠶ᠋ᠢᠭ ᠢ ᠨᠢ ᠲᠣᠬᠢᠷᠠᠭᠤᠯᠵᠤ᠂ ᠵᠦᠢ ᠵᠣᠬᠢᠰᠲᠠᠶ ᠳᠦᠷᠢᠮ ᠲᠣᠭᠲᠠᠭᠠᠯ ᠳᠤ | ᠨᠡᠶᠢᠴᠡᠭᠦᠯᠦᠨ ᠬᠠᠰᠢᠶᠠᠯᠠᠨ ᠲᠡᠵᠢᠭᠡᠵᠦ᠂ ᠣᠯᠠᠨ ᠲᠦᠮᠡᠨ ᠤ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ | ᠳᠡᠰ ᠳᠡᠪᠰᠢᠬᠦ ᠶᠢ ᠬᠥᠲᠥᠯᠥᠨ ᠵᠢᠯᠣᠭᠤᠳᠴᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠪᠠ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠥᠷᠢᠮ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ | ᠤᠬᠠᠮᠰᠠᠷ ᠠᠴᠠ ᠪᠠᠨ ᠵᠢᠷᠤᠮᠯᠠᠬᠤ ᠤᠬᠠᠮᠰᠠᠷ ᠢ ᠪᠤᠢ ᠪᠣᠯᠭᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ | ᠲᠥᠷᠥ ᠶᠢᠨ ᠪᠣᠳᠣᠯᠭ᠎ᠠ ᠶᠢ ᠪᠦᠬᠦ ᠲᠤᠭᠤᠷᠢᠭ ᠤᠨ ᠡᠷᠦᠬᠡ ᠪᠣᠯᠭᠠᠨ ᠳᠤ ᠮᠡᠳᠡᠭᠦᠯᠵᠦ᠂ ᠬᠥᠮᠦᠨ ᠪᠦᠬᠦᠨ ᠳᠤ | ᠮᠡᠳᠡᠭᠦᠯᠦᠨ᠎ᠡ᠃ | ᠬᠠᠮᠲᠤᠷᠠᠨ ᠠᠵᠢᠯᠯᠠᠬᠤ ᠳᠤᠭᠤᠶᠢᠯᠠᠩ ᠪᠥᠬᠦ ᠲᠤᠭᠤᠷᠢᠭ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠳᠤ | ᠴᠡᠪᠡᠷᠯᠡᠬᠦ ᠠᠵᠢᠯᠯᠠᠭ᠎ᠠ ᠥᠷᠨᠢᠭᠦᠯᠵᠦ᠂ ᠪᠦᠬᠦᠯᠢ ᠡᠳᠦᠷ ᠤᠨ᠂ ᠥᠨᠴᠥᠭ ᠪᠤᠯᠤᠩ ᠥᠬᠡᠶ᠂ ᠪᠦᠬᠦᠨ ᠢ ᠬᠠᠮᠤᠷᠤᠭᠰᠠᠨ | ᠲᠣᠭᠤᠷᠢᠨ ᠪᠠᠶᠢᠴᠠᠭᠠᠯᠲᠠ ᠶᠢ ᠪᠡᠶᠡᠯᠡᠭᠦᠯᠪᠡ᠃ ᠭᠤᠤ ᠭᠠᠩᠭ᠎ᠠ ᠳᠤ ᠰᠠᠭᠤᠭ᠎ᠠ ᠲᠡᠵᠢᠭᠡᠨ ᠦᠷᠡᠵᠢᠭᠦᠯᠬᠦ ᠡᠷᠦᠬᠡ᠂ | ᠭᠠᠳᠠᠨ᠎ᠠ ᠠᠴᠠ ᠢᠷᠡᠭᠰᠡᠨ ᠲᠡᠵᠢᠭᠡᠨ ᠦᠷᠡᠵᠢᠭᠦᠯᠬᠦ ᠡᠷᠦᠬᠡ ᠵᠢᠴᠢ ᠡᠪᠡᠰᠦ ᠪᠣᠷᠳᠤᠭ᠎ᠠ ᠨᠥᠭᠡᠴᠡᠯᠡᠬᠦ᠂ ᠮᠠᠯ ᠤᠨ ᠤᠰᠤ | ᠤᠮᠳᠠ ᠶᠢᠨ ᠠᠵᠢᠯᠯᠠᠭ᠎ᠠ ᠶᠢᠨ ᠲᠠᠯᠠᠪᠠᠢ ᠪᠠᠶᠢᠭᠤᠯᠤᠭᠰᠠᠨ ᠭᠠᠵᠠᠷ ᠲᠤ ᠳᠠᠯᠳᠠᠭᠤᠷ ᠮᠠᠯᠵᠢᠬᠤ ᠦᠢᠯᠡ ᠠᠵᠢᠯᠯᠠᠭ᠎ᠠ | ᠪᠠᠶᠢᠬᠤ ᠡᠰᠡᠬᠦ ᠵᠡᠷᠭᠡ ᠲᠠᠯ᠎ᠠ ᠪᠠᠷ ᠪᠦᠬᠦ ᠲᠠᠯ᠎ᠠ ᠪᠠᠷ ᠪᠠᠶᠢᠴᠠᠭᠠᠵᠤ ᠴᠡᠭᠴᠡᠯᠡᠨ ᠰᠠᠶᠢᠵᠢᠷᠠᠭᠤᠯᠪᠠ᠃ ᠠᠵᠢᠯᠯᠠᠭ᠎ᠠ ᠶᠢᠨ | ᠬᠤᠭᠤᠴᠠᠭᠠᠨ ᠳᠤ᠂ ᠬᠠᠤᠯᠢ ᠲᠣᠭᠲᠠᠭᠠᠯ ᠠᠴᠠ ᠵᠥᠷᠢᠴᠡᠨ ᠬᠤᠯᠠᠭᠠᠶᠢᠯᠠᠨ ᠪᠡᠯᠴᠢᠭᠡᠷᠯᠡᠭᠦᠯᠦᠭᠰᠡᠨ 8 ᠦᠢᠯᠡ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ 4 ᠬᠡᠷᠡᠭ ᠢ ᠬᠡᠷᠡᠭ ᠪᠣᠯᠭᠠᠨ ᠳᠡᠩᠰᠡᠯᠡᠵᠦ ᠰᠢᠢᠳᠪᠦᠷᠢᠯᠡᠨ᠂ 5 ᠵᠠᠰᠠᠭ | ᠵᠠᠬᠢᠷᠭᠠᠨ ᠤ ᠰᠠᠨᠠᠭᠤᠯᠭ᠎ᠠ ᠭᠠᠷᠭᠠᠵᠤ᠂ ᠵᠠᠰᠠᠭ ᠵᠠᠬᠢᠷᠭᠠᠨ ᠤ ᠲᠣᠷᠭᠠᠭᠤᠯᠢ ᠣᠨᠣᠭᠳᠠᠭᠤᠯᠤᠭᠰᠠᠨ ᠵᠣᠭᠤᠰ ᠤᠨ ᠲᠤᠭ᠎ᠠ | ᠨᠡᠶᠢᠲᠡ 18000 ᠲᠥᠭᠦᠷᠢᠭ ᠬᠦᠷᠴᠡᠢ᠃ | ᠴᠢᠩᠱᠠᠨ ᠲᠣᠭᠤᠷᠢᠭ ᠦᠷᠭᠦᠯᠵᠢᠯᠡᠨ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠠᠪᠴᠤ᠂ ᠪᠡᠯᠴᠢᠭᠡᠷᠯᠡᠭᠦᠯᠬᠦ ᠶᠢ | ᠴᠠᠭᠠᠵᠠᠯᠠᠬᠤ ᠡᠷᠴᠢᠮ ᠢᠶᠠᠨ ᠴᠢᠩᠭᠠᠷᠠᠭᠤᠯᠵᠤ᠂ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠨ᠎ᠠ᠃ ᠬᠢᠨᠠᠯᠲᠠ ᠲᠠᠯᠪᠢᠬᠤ᠂ | ᠬᠠᠮᠢᠶᠠᠷᠬᠤ᠂ ᠲᠣᠭᠤᠷᠢᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠬᠡᠷᠡᠭᠵᠢᠭᠦᠯᠬᠦ | ᠬᠦᠴᠦᠨ ᠢ ᠴᠢᠩᠭᠠᠷᠠᠭᠤᠯᠤᠨ᠂ ᠪᠥᠬᠦ ᠲᠤᠭᠤᠷᠢᠭ ᠤᠨ ᠳᠣᠲᠣᠷᠠᠬᠢ ᠬᠠᠤᠯᠢ ᠠᠴᠠ ᠵᠥᠷᠢᠴᠡᠨ ᠨᠤᠲᠤᠭ ᠪᠡᠯᠴᠢᠭᠡᠷ ᠢ | ᠡᠪᠳᠡᠭᠰᠡᠨ ᠦᠢᠯᠡ ᠠᠵᠢᠯᠯᠠᠭ᠎ᠠ ᠶᠢ ᠥᠴᠦᠬᠡᠨ ᠴᠦ ᠢᠯᠳᠠᠷ ᠬᠠᠶᠠᠬᠤ ᠥᠬᠡᠶ᠃ ︽ᠬᠠᠮᠢᠶᠠᠷᠴᠤ ᠳᠡᠶᠢᠯᠬᠦ︾ ︽ᠲᠠᠬᠢᠨ | ᠰᠡᠷᠭᠦᠬᠦ ᠦᠭᠡᠢ︾ ᠪᠠᠶᠢᠬᠤ ᠪᠠᠷ ᠬᠠᠷᠠᠯᠲᠠ ᠪᠣᠯᠭᠠᠵᠤ᠂ ᠡᠯ᠎ᠡ ᠵᠦᠢᠯ ᠤᠨ ᠱᠠᠯᠠᠪᠳᠠᠭᠤᠯᠤᠨ ᠵᠢᠯᠣᠭᠤᠳᠬᠤ ᠠᠵᠢᠯ ᠢ | ᠪᠠᠶᠢᠩᠭᠤᠵᠢᠭᠤᠯᠤᠨ ᠰᠠᠶᠢᠲᠤᠷ ᠬᠢᠵᠦ᠂ ᠬᠠᠤᠯᠢ ᠠᠴᠠ ᠵᠥᠷᠢᠴᠡᠨ ᠮᠠᠯ ᠬᠠᠷᠢᠭᠤᠯᠬᠤ ᠠᠵᠢᠯᠯᠠᠭ᠎ᠠ ᠶᠢ ᠡᠷᠡᠰ | ᠬᠤᠷᠢᠭᠯᠠᠵᠤ᠂ ᠬᠢᠯᠪᠠᠷ ᠪᠤᠰᠤ ᠪᠠᠷ ᠣᠯᠤᠭᠰᠠᠨ ᠠᠮᠢ ᠠᠬᠤᠢ ᠣᠷᠴᠢᠨ ᠲᠣᠭᠤᠷᠢᠨ ᠤ ᠦᠷ᠎ᠡ ᠪᠦᠲᠦᠭᠡᠯ ᠢ | ᠪᠠᠬᠢᠵᠢᠭᠦᠯᠦᠨ᠎ᠡ᠃ | | | | | | |