ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠬᠢᠨᠠᠯᠲᠠ ᠵᠢᠴᠢ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/6
      ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠦᠷᠭᠦᠯᠵᠢᠯᠡᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠠᠵᠢᠯ ᠬᠢᠬᠦ ᠥᠬᠡᠶ᠂ ᠤᠳᠠᠭᠠᠨ ᠬᠢᠬᠦ᠂ ᠳᠤᠷ᠎ᠠ ᠪᠠᠷ ᠢᠶᠠᠨ ᠬᠢᠬᠦ ᠵᠢᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤᠮᠳᠠ ᠣᠷᠣᠰᠢᠵᠤ ᠪᠠᠶᠢᠭ᠎ᠠ ᠲᠦᠷᠢᠮ ᠲᠣᠭᠲᠠᠭᠠᠯ ᠥᠬᠡᠶ᠂ ᠴᠢᠩᠭ᠎ᠠ ᠪᠢᠰᠢ᠂ ᠢᠯᠡ ᠲᠣᠳᠣ ᠥᠬᠡᠶ᠂ ᠪᠣᠯᠪᠠᠰᠤᠨ ᠪᠤᠰᠤ ᠵᠡᠷᠭᠡ ᠲᠣᠪᠤᠶᠢᠮ᠎ᠠ ᠠᠰᠠᠭᠤᠳᠠᠯ ᠢ ᠬᠠᠨᠳᠤᠯᠭᠠᠲᠤ ᠴᠢᠨᠠᠷᠲᠠᠶ ᠪᠠᠷ ᠰᠢᠢᠳᠪᠦᠷᠢᠯᠡᠬᠦ ᠶᠢᠨ ᠲᠥᠯᠥᠭᠡ᠂ 8 ᠰᠠᠷ᠎ᠠ ᠶᠢᠨ 2 ᠤ ᠡᠳᠦᠷ᠂ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠰᠬᠠᠶ ᠬᠢᠨᠠᠯᠲᠠ ᠲᠠᠯᠪᠢᠬᠤ ᠵᠢᠴᠢ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠶᠢᠨ ᠠᠵᠢᠯ ᠤᠨ ᠬᠤᠷᠠᠯ ᠬᠤᠷᠠᠯᠳᠤᠭᠤᠯᠪᠠ᠃      ᠬᠤᠷᠠᠯ ᠳᠡᠭᠡᠷ᠎ᠡ᠂ ᠡᠩ ᠲᠡᠷᠢᠭᠦᠨ ᠳᠤ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠶᠢᠨ ᠠᠵᠢᠯ ᠤᠨ ᠥᠪᠡᠷ ᠤᠨ ᠪᠠᠶᠢᠴᠠᠭᠠᠯᠲᠠ ᠶᠢᠨ ᠪᠠᠶᠢᠳᠠᠯ ᠢ ᠮᠡᠳᠡᠭᠳᠡᠵᠦ᠂ ᠬᠤᠷᠠᠯ ᠳᠤ ᠣᠷᠣᠯᠴᠠᠭᠰᠠᠳ ᠲᠣᠰ ᠲᠣᠰ ᠤᠨ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠬᠦᠴᠢᠷ ᠲᠦᠪᠡᠭᠲᠡᠶ ᠨᠠᠷᠢᠨ ᠪᠤᠳᠤᠯᠢᠶᠠᠨᠲᠠᠶ ᠠᠰᠠᠭᠤᠳᠠᠯ ᠤᠨ ᠲᠤᠬᠠᠶ ᠭᠤᠤᠯᠳᠠᠯᠭ᠎ᠠ ᠲᠠᠢ ᠰᠠᠨᠠᠯ ᠢᠶᠠᠨ ᠰᠣᠯᠢᠯᠴᠠᠵᠤ᠂ ᠬᠠᠮᠤᠭ ᠰᠡᠭᠦᠯ ᠳᠤ ᠬᠤᠶᠠᠷ ᠡᠲᠡᠭᠡᠳ ᠢᠶᠠᠷ ᠢᠶᠠᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠤᠯᠠᠮ ᠨᠢᠭᠡ ᠠᠯᠬᠤᠮ ᠴᠢᠩᠭ᠎ᠠ ᠵᠢᠷᠤᠮᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ ᠶᠢᠨ ︽ᠭᠤᠷᠪᠠᠨ ᠵᠦᠢᠯ ᠤᠨ ᠲᠦᠷᠢᠮ︾ ᠵᠡᠷᠭᠡ ᠠᠭᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠪᠠ᠃      ᠬᠤᠷᠠᠯ ᠠᠴᠠ᠂ ᠨᠢᠭᠡ ᠳᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠪᠣᠯᠪᠠᠰᠤᠷᠠᠭᠤᠯᠤᠯ ᠪᠠ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ︔ ᠬᠤᠶᠠᠷ ᠲᠤ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ᠬᠥᠳᠡᠯᠮᠦᠷᠢ ᠶᠢᠨ ᠬᠠᠷᠢᠴᠠᠭᠠᠨ ᠤ ᠬᠦᠷᠢᠶᠡᠨ ᠳᠠᠬᠢ ᠲᠣᠭᠲᠠᠭᠤᠨ ᠪᠤᠰᠤ ᠴᠢᠨᠠᠷ ᠪᠣᠯᠤᠨ ᠪᠣᠯᠵᠣᠰᠢ ᠦᠭᠡᠶ ᠬᠦᠴᠦᠨ ᠵᠦᠢᠯ ᠤᠨ ᠨᠡᠮᠡᠭᠳᠡᠯ ᠠᠴᠠ ᠪᠣᠯᠵᠤ᠂ ᠢᠯᠠᠩᠭᠤᠶ᠎ᠠ ᠠᠵᠤ ᠠᠬᠤᠶᠢᠯᠠᠯ ᠤᠨ ᠠᠵᠢᠯᠴᠢᠨ ᠤ ᠬᠦᠳᠡᠯᠮᠦᠷᠢ ᠶᠢᠨ ᠪᠡᠯᠡ ᠮᠦᠩᠭᠦᠨ ᠤ ᠵᠢᠭᠤᠷᠠᠯᠳᠤᠭᠠᠨ ᠪᠣᠯᠤᠨ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠦᠯᠡᠳᠡᠭᠳᠡᠯ ᠠᠰᠠᠭᠤᠳᠠᠯ ᠠᠴᠠ ᠪᠣᠯᠵᠤ᠂ ᠳᠠᠷᠤᠯᠲᠠ ᠶᠡᠭᠡ᠂ ᠬᠦᠴᠢᠷᠳᠡᠯ ᠶᠡᠭᠡ ᠪᠠᠶᠢᠨ᠎ᠠ᠃ ᠡᠶᠢᠮᠦ ᠠᠴᠠ᠂ ᠬᠥᠳᠡᠯᠮᠦᠷᠢ ᠶᠢᠨ ᠪᠠᠲᠤᠯᠠᠭ᠎ᠠ᠂ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ᠂ ᠬᠠᠤᠯᠢ ᠴᠠᠭᠠᠵᠠ ᠵᠡᠷᠭᠡ ᠣᠯᠠᠨ ᠰᠠᠯᠠᠭ᠎ᠠ ᠮᠥᠴᠢᠷ ᠤᠳ ᠵᠣᠬᠢᠴᠠᠯᠳᠤᠨ ᠬᠠᠮᠵᠢᠯᠴᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠵᠢᠭᠤᠷᠠᠯᠳᠤᠭᠠᠨ ᠢ ᠪᠦᠲᠦᠮᠵᠢᠲᠡᠶ ᠪᠠᠷ ᠠᠷᠢᠯᠭᠠᠬᠤ ᠬᠡᠷᠡᠭᠲᠡᠶ︔ ᠭᠤᠷᠪᠠ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠬᠠᠨᠳᠤᠯᠭᠠᠲᠤ ᠴᠢᠨᠠᠷᠲᠠᠶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠢ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠬᠤ ᠶᠢ ᠠᠬᠢᠭᠤᠯᠵᠤ᠂ ᠪᠥᠬᠦ ᠠᠷᠠᠳ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠭᠡᠵᠦ ᠴᠢᠬᠤᠯᠠᠴᠢᠯᠠᠪᠠ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号