ᠡᠨᠡ ᠵᠢᠯ ᠠᠴᠠ ᠨᠠᠭᠠᠰᠢ᠂ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠳᠤ ᠪᠠᠨ ᠰᠠᠭᠤᠷᠢᠯᠠᠵᠤ᠂ ᠠᠵᠢᠯ ᠤᠨ ᠰᠡᠳᠬᠢᠴᠡ ᠪᠠᠨ | ᠰᠢᠨᠡᠴᠢᠯᠡᠵᠦ᠂ ᠠᠵᠢᠯ ᠤᠨ ᠠᠷᠭ᠎ᠠ ᠪᠠᠨ ᠰᠠᠶᠢᠵᠢᠷᠠᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠶᠠᠰᠤ ᠴᠢᠨᠠᠷ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡ ᠶᠢ | ᠪᠠᠬᠢᠵᠢᠭᠦᠯᠬᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠶᠢᠨ ᠴᠢᠬᠤᠯᠠ | ᠭᠠᠷᠳᠠᠴᠠ ᠪᠣᠯᠭᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠤᠯᠢᠴᠢ ᠶᠢᠨ ᠦᠨᠳᠦᠰᠦᠨ ᠱᠠᠲᠤᠨ ᠳᠤ ᠪᠠᠭᠤᠬᠤ ᠵᠡᠷᠭᠡ ᠠᠵᠢᠯ ᠲᠠᠢ | ᠨᠢᠭᠲᠠ ᠤᠶᠠᠯᠳᠤᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠡᠷᠴᠢᠮ ᠢᠶᠠᠨ ᠪᠦᠬᠦ ᠲᠠᠯ᠎ᠠ ᠪᠠᠷ ᠴᠢᠩᠭᠠᠷᠠᠭᠤᠯᠵᠤ᠂ | ᠴᠡᠭ ᠢᠶᠠᠷ ᠨᠡᠶᠢᠳᠡᠮ ᠢ ᠲᠠᠶᠢᠴᠢᠯᠠᠨ ᠬᠠᠤᠯᠢᠵᠢᠯ ᠤᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠪᠡ᠃ | ᠠᠷᠭ᠎ᠠ ᠵᠠᠮ ᠢ ᠰᠢᠯᠢᠭᠤᠳᠬᠠᠵᠦ ᠲᠤᠰᠠᠯᠠᠬᠤ ᠵᠤᠬᠢᠰᠲᠠᠢ ᠶᠢ ᠪᠦᠬᠦᠨ ᠢ ᠲᠤᠰᠠᠯᠠᠬᠤ ᠶᠢ ᠪᠠᠶᠢᠭᠤᠯᠤᠨ᠎ᠠ | ᠦᠨᠳᠦᠰᠦᠨ ᠱᠠᠲᠤᠨ ᠤ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ ᠰᠠᠶᠢᠲᠤᠷ ᠬᠡᠷᠡᠭᠯᠡᠨ᠎ᠡ᠃ ᠵᠡᠭᠡᠯᠢ ︵ᠪᠠᠯᠭᠠᠰᠤ︶ | ᠂ ᠨᠡᠶᠢᠭᠡᠮ ᠲᠣᠭᠤᠷᠢᠭ ︵ᠲᠣᠰᠬᠤᠨ︶ ᠢ ᠬᠠᠮᠲᠤᠪᠠᠷ ᠪᠠᠶᠢᠭᠤᠯᠬᠤ ᠠᠵᠢᠯᠯᠠᠭ᠎ᠠ ᠪᠠᠷ ᠳᠠᠮᠵᠢᠭᠤᠯᠤᠨ᠂ ︽ᠲᠣᠪᠶᠤᠭ ᠤᠨ | ᠬᠡᠯᠪᠡᠷᠢ︾᠂ ︽ᠬᠡᠷᠡᠭ ᠤᠨ ᠵᠢᠱᠢᠶ᠎ᠡ︾᠂ ︽ᠵᠣᠭᠤᠭ ᠳᠡᠯᠭᠡᠬᠦ ᠮᠠᠶ᠋ᠢᠭ︾ ᠵᠡᠷᠭᠡ ᠣᠯᠠᠨ ᠲᠦᠮᠡᠨ ᠲᠠᠢ ᠣᠶᠢᠷᠠᠲᠤᠬᠤ᠂ ᠣᠯᠠᠨ | ᠲᠦᠮᠡᠨ ᠤ ᠦᠵᠡᠵᠦ ᠰᠣᠨᠢᠷᠬᠠᠬᠤ ᠳᠤᠷᠠᠲᠠᠶ ᠠᠷᠭ᠎ᠠ ᠮᠠᠶ᠋ᠢᠭ ᠢᠶᠠᠷ ᠥᠷᠭᠡᠨ ᠣᠯᠠᠨ ᠲᠦᠮᠡᠨ ᠳᠤ ︽ᠥᠴᠦᠬᠡᠨ ᠴᠦ | ᠵᠠᠶ ᠥᠬᠡᠶ︾ ᠪᠠᠶᠢᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠵᠦ᠂ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠬᠠᠮᠤᠷᠬᠤ | ᠬᠡᠪᠴᠢᠶ᠎ᠡ ᠶᠢ ᠥᠷᠭᠡᠳᠬᠡᠨ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ᠂ ᠤᠴᠢᠷ ᠶᠠᠪᠤᠳᠠᠯ ᠲᠣᠬᠢᠶᠠᠯᠳᠤᠪᠠᠯ | ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠶᠢ | ᠲᠦᠰᠢᠭᠯᠡᠬᠦ ᠦᠵᠡᠯ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠪᠡ᠃ ᠬᠠᠤᠯᠢ ᠴᠠᠭᠠᠵᠠ ᠶᠢᠨ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠦᠨ᠎ᠡ᠃ ᠣᠷᠣᠨ ᠤ ᠲᠡᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠢᠶᠠᠷ | ᠬᠦᠢᠰᠦ ᠪᠣᠯᠭᠠᠵᠤ᠂ ᠵᠡᠭᠡᠯᠢ ︵ᠪᠠᠯᠭᠠᠰᠤ︶ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ | ᠦᠷᠳᠡᠭᠡ ᠶᠢ ᠲᠣᠣᠷ ᠴᠡᠭ ᠪᠣᠯᠭᠠᠵᠤ᠂ ᠨᠡᠶᠢᠭᠡᠮ ᠲᠣᠭᠤᠷᠢᠭ ︵ᠲᠣᠰᠬᠤᠨ︶ ᠤᠨ ᠬᠠᠤᠯᠢ ᠴᠠᠭᠠᠵᠠ ᠶᠢᠨ | ᠲᠤᠰᠠᠯᠠᠮᠵᠢ ᠶᠢᠨ ᠦᠢᠯᠡᠴᠢᠯᠡᠭᠡᠨ ᠤ ᠲᠠᠰᠤᠭ ᠢᠶᠠᠷ ᠬᠦᠷᠦᠯᠴᠡᠬᠦ ᠥᠨᠴᠥᠭ ᠪᠣᠯᠭᠠᠭᠰᠠᠨ ᠭᠤᠷᠪᠠᠨ ᠱᠠᠲᠤᠨ ᠤ | ᠪᠣᠳᠠᠲᠤ ᠴᠣᠭᠴᠠ ᠶᠢᠨ ᠦᠢᠯᠡᠴᠢᠯᠡᠭᠡᠨ ᠤ ᠲᠣᠣᠷ ᠢ ᠪᠠᠶᠢᠭᠤᠯᠵᠤ᠂ ᠲᠦᠭᠡᠮᠡᠯ ᠬᠠᠷᠠᠭᠠᠯᠵᠠᠯ ᠨᠢ ᠲᠡᠩᠴᠡᠭᠦᠷᠢᠲᠡᠢ᠂ | ᠳᠥᠭᠦᠮ ᠳᠥᠲᠡ ᠥᠨᠳᠥᠷ ᠪᠦᠲᠦᠮᠵᠢᠲᠡᠢ ᠤᠳᠤ ᠦᠶ᠎ᠡ ᠶᠢᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡ ᠶᠢ ᠤᠯᠠᠨ ᠲᠦᠮᠡᠨ ᠤ ᠭᠡᠷ ᠤᠨ ᠡᠭᠦᠳᠡᠨ ᠳᠤ ᠦᠨᠡᠨᠬᠦ ᠬᠦᠷᠲᠡᠯ᠎ᠡ ᠤᠷᠲᠤᠳᠬᠠᠨ᠎ᠠ᠃ ᠬᠠᠤᠯᠢ | ᠴᠠᠭᠠᠵᠠ ᠶᠢᠨ ᠦᠢᠯᠡᠴᠢᠯᠡᠭᠡᠨ ᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ᠬᠠᠤᠯᠢ ᠴᠠᠭᠠᠵᠠ ᠶᠢᠨ | ᠲᠤᠰᠠᠯᠠᠮᠵᠢ᠂ ᠬᠠᠤᠯᠢ ᠴᠠᠭᠠᠵᠠ ᠶᠢᠨ ᠯᠠᠪᠯᠠᠯᠭ᠎ᠠ ᠶᠢᠨ ᠬᠡᠷᠡᠭ ᠡᠷᠬᠢᠯᠡᠬᠦ ᠴᠤᠩᠬᠤᠪᠴᠢ ᠪᠠᠶᠢᠭᠤᠯᠵᠤ᠂ ᠰᠦᠢᠳᠬᠡᠯ | ᠬᠤᠷᠢᠶᠠᠬᠤ ᠦᠭᠡᠢ ᠪᠠᠷ ᠬᠠᠤᠯᠢ ᠴᠠᠭᠠᠵᠠ ᠶᠢᠨ ᠯᠠᠪᠯᠠᠭ᠎ᠠ ᠬᠠᠩᠭᠠᠨ᠎ᠠ᠃ ᠡᠯ᠎ᠡ ᠵᠡᠭᠡᠯᠢ ︵ᠪᠠᠯᠭᠠᠰᠤ︶ ᠲᠠᠢ ᠬᠤᠯᠪᠣᠭᠠᠯᠠᠨ | ᠵᠡᠭᠡᠯᠢ ︵ᠪᠠᠯᠭᠠᠰᠤ︶ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠥᠷᠲᠡᠭᠡ ᠶᠢ | ᠨᠢᠭᠡᠳᠦᠯᠲᠡᠶ ᠵᠢᠷᠤᠮᠵᠢᠭᠤᠯᠤᠨ ᠪᠠᠶᠢᠭᠤᠯᠵᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ | ᠪᠠᠶᠠᠯᠢᠭ ᠢ ᠪᠥᠬᠦ ᠲᠠᠯ᠎ᠠ ᠪᠠᠷ ᠳᠣᠷᠣᠭᠰᠢ ᠪᠠᠭᠤᠯᠭᠠᠬᠤ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠬᠥᠳᠡᠯᠮᠦᠷᠢ ᠶᠢᠨ | ᠬᠥᠨᠳᠡᠯᠡᠨ ᠠᠴᠠ ᠲᠠᠰᠤᠯᠬᠤ ᠬᠦᠷᠢᠶᠡᠯᠡᠩ ᠳᠤ ᠫᠠᠶᠢᠰᠠ ᠡᠯᠭᠦᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ | ᠥᠷᠲᠡᠭᠡ ᠪᠠᠶᠢᠭᠤᠯᠵᠤ᠂ ᠬᠥᠯᠥᠰᠥᠨ ᠠᠵᠢᠯᠴᠢᠨ ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠬᠠᠤᠯᠢ | ᠴᠠᠭᠠᠵᠠ ᠶᠢᠨ ᠦᠢᠯᠡᠴᠢᠯᠡᠭᠡ ᠬᠠᠩᠭᠠᠪᠠ᠃ | ᠣᠨᠴᠠᠭᠠᠢ ᠬᠥᠮᠥᠰ ᠲᠤ ᠰᠡᠳᠬᠢᠯ ᠲᠠᠯᠪᠢᠨ ᠦᠢᠯᠡᠴᠢᠯᠡᠨ᠎ᠡ | ᠰᠠᠭᠠᠳ ᠦᠭᠡᠢ ᠦᠢᠯᠡᠴᠢᠯᠡᠭᠡᠨ ᠤ ᠵᠠᠮ ᠢ ᠨᠡᠪᠲᠡᠷᠡᠭᠦᠯᠦᠨ᠎ᠡ᠃ ᠨᠠᠰᠤᠨ ᠳᠤ ᠥᠯᠥ ᠬᠦᠷᠦᠭᠰᠡᠳ᠂ | ᠡᠮᠡᠭᠲᠡᠶᠢᠴᠦᠳ᠂ ᠵᠡᠮᠳᠡᠭᠴᠦᠳ᠂ ᠨᠠᠰᠤᠲᠠᠶᠢᠴᠤᠳ᠂ ᠣᠨᠴᠠ ᠬᠦᠴᠢᠷᠳᠡᠯᠲᠡᠶ ᠬᠡᠷ ᠪᠦᠯᠢ ᠵᠡᠷᠭᠡ ᠪᠠᠭᠤᠷᠠᠶᠢᠴᠤᠤᠯ ᠳᠤ | ᠴᠢᠭᠯᠡᠭᠦᠯᠦᠨ ︽ᠰᠠᠭᠠᠳ ᠥᠬᠡᠶ ᠨᠡᠪᠲᠡᠷᠡᠬᠦ ᠵᠠᠮ︾ ᠨᠡᠭᠡᠭᠡᠵᠦ᠂ ︽ᠤᠷᠢᠳᠠᠪᠠᠷ ᠭᠥᠯᠢᠶᠡᠨ ᠠᠪᠴᠤ ᠰᠢᠢᠳᠪᠦᠷᠢᠯᠡᠬᠦ᠂ | ᠤᠷᠢᠳᠠᠪᠠᠷ ᠬᠢᠨᠠᠨ ᠪᠠᠶᠢᠴᠠᠭᠠᠵᠤ᠂ ᠤᠷᠢᠳᠠᠪᠠᠷ ᠲᠣᠮᠢᠯᠠᠬᠤ︾ ᠭᠤᠷᠪᠠ ᠶᠢ ᠤᠷᠢᠳᠠᠪᠠᠷ ᠬᠢᠬᠦ ᠶᠢ ᠬᠡᠷᠡᠭᠵᠢᠭᠦᠯᠵᠦ᠂ | ᠪᠠᠭᠤᠷᠠᠶᠢᠴᠤᠤᠯ ᠳᠤ ᠪᠥᠬᠦ ᠬᠦᠴᠦᠨ ᠢᠶᠠᠷ ᠢᠶᠠᠨ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡ ᠬᠠᠩᠭᠠᠨ᠎ᠠ᠃ | ᠡᠭᠦᠨ ᠤ ᠬᠠᠮᠲᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠯᠠᠭᠤᠨ ᠤᠲᠠᠰᠤ᠂ ᠵᠢᠯᠣᠭᠤᠴᠢ | ᠥᠬᠡᠶ ᠬᠠᠤᠯᠢ ᠶᠢᠨ ᠭᠠᠵᠠᠷ ᠲᠤ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠬᠤ ᠪᠤᠶᠤ ᠬᠠᠤᠯᠢ ᠴᠠᠭᠠᠵᠠ ᠶᠢᠨ | ᠯᠠᠪᠯᠠᠭ᠎ᠠ ᠳᠤ ᠬᠠᠷᠢᠭᠤᠯᠲᠠ ᠥᠭᠭᠦᠨ᠎ᠡ᠃ ᠡᠨᠡ ᠵᠢᠯ ᠠᠴᠠ ᠨᠠᠭᠠᠰᠢ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ | 283 ᠬᠤᠪᠢ ᠬᠦᠯᠢᠶᠡᠨ ᠠᠪᠴᠤ᠂ ᠲᠥᠯᠥᠪᠦᠷᠢ ᠦᠭᠡᠶ ᠯᠠᠪᠯᠠᠭ᠎ᠠ 717 ᠬᠤᠪᠢ ᠬᠠᠩᠭᠠᠪᠠ᠃ | ᠰᠠᠨᠠᠭᠠᠴᠢᠯᠠᠭ᠎ᠠ ᠠᠴᠠ ᠪᠠᠨ ᠭᠡᠷ ᠲᠤ ᠨᠢ ᠬᠦᠷᠴᠦ ᠦᠢᠯᠡᠴᠢᠯᠡᠭᠡ ᠬᠠᠩᠭᠠᠨ᠎ᠠ᠃ ᠪᠠᠭᠤᠷᠠᠶᠢᠴᠤᠤᠯ ᠤᠨ ᠲᠥᠯᠥᠭᠡ | ᠰᠠᠨᠠᠭᠠᠴᠢᠯᠠᠭ᠎ᠠ ᠠᠴᠠ ᠪᠠᠨ ᠭᠡᠷ ᠲᠤ ᠨᠢ ᠬᠦᠷᠴᠦ ᠦᠢᠯᠡᠴᠢᠯᠡᠬᠦ ᠶᠢᠨ ᠬᠠᠮᠲᠤ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠯᠪᠠᠨ ᠭᠡᠷᠡᠴᠢᠯᠡᠭᠡ ᠶᠢᠨ ᠬᠠᠤᠯᠢ︾ ᠶᠢ ᠢᠳᠡᠪᠬᠢᠲᠡᠶ ᠤᠬᠠᠭᠤᠯᠵᠤ᠂ ᠣᠯᠠᠨ ᠨᠡᠶᠢᠲᠡ ᠶᠢᠨ | ᠬᠠᠤᠯᠢ ᠴᠠᠭᠠᠵᠠ ᠶᠢᠨ ᠦᠢᠯᠡᠴᠢᠯᠡᠭᠡᠨ ᠤ ᠦᠨᠡᠮᠯᠡᠯ ᠢ ᠴᠥᠭᠡᠳᠬᠡᠨ ᠠᠷᠠᠳ ᠲᠤ ᠲᠥᠬᠦᠮ ᠦᠵᠡᠭᠦᠯᠬᠦ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠷᠢᠮᠵᠢᠶ᠎ᠠ ᠶᠢ | ᠳᠣᠷᠣᠭᠰᠢᠯᠠᠭᠤᠯᠤᠨ᠎ᠠ᠃ ᠡᠨᠡ ᠵᠢᠯ ᠠᠴᠠ ᠨᠠᠭᠠᠰᠢ᠂ ᠨᠠᠰᠤᠲᠠᠶᠢᠴᠤᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ | ᠬᠡᠷᠡᠭ 4᠂ ᠨᠠᠰᠤᠨ ᠳᠤ ᠥᠯᠥ ᠭᠦᠷᠦᠭᠰᠡᠳ ᠤᠨ 11 ᠬᠡᠷᠡᠭ᠂ ᠡᠮᠡᠭᠲᠡᠶᠢᠴᠦᠳ ᠤᠨ 37 ᠬᠡᠷᠡᠭ᠂ ᠵᠡᠮᠳᠡᠭᠴᠦᠳ ᠤᠨ | 4 ᠬᠡᠷᠡᠭ ᠢ ᠰᠢᠢᠳᠪᠦᠷᠢᠯᠡᠵᠦ᠂ 20 ᠭᠠᠷᠤᠶ ᠤᠳᠠᠭ᠎ᠠ ᠠᠯᠪᠠᠨ ᠭᠡᠷᠡᠴᠢᠯᠡᠭᠡ ᠶᠢᠨ ᠦᠢᠯᠡᠴᠢᠯᠡᠭᠡ ᠬᠠᠩᠭᠠᠪᠠ᠃ | ᠦᠢᠯᠡᠴᠢᠯᠡᠭᠡ ᠪᠠᠨ ᠰᠢᠯᠢᠳᠡᠭᠵᠢᠭᠦᠯᠵᠦ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠨ᠎ᠠ | ᠨᠡᠶᠢᠭᠡᠮ ᠲᠣᠭᠤᠷᠢᠭ ︵ᠲᠣᠰᠬᠤᠨ︶ ᠤᠨ ᠬᠠᠤᠯᠢ ᠴᠠᠭᠠᠵᠠ ᠶᠢᠨ ᠵᠥᠪᠯᠡᠭᠴᠢ ᠶᠢᠨ ᠪᠦᠬᠦᠨ ᠢ ᠬᠠᠮᠤᠷᠬᠤ ᠶᠢ | ᠠᠬᠢᠭᠤᠯᠤᠨ᠎ᠠ᠃ ᠬᠠᠤᠯᠢᠴᠢ᠂ ᠠᠯᠪᠠᠨ ᠭᠡᠷᠡᠴᠢᠯᠡᠭᠴᠢ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ | ᠦᠢᠯᠡᠴᠢᠯᠡᠭᠡᠨ ᠤ ᠠᠵᠢᠯᠲᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠬᠠᠤᠯᠢ ᠴᠠᠭᠠᠵᠠ ᠶᠢᠨ ᠦᠢᠯᠡᠴᠢᠯᠡᠭᠡ ᠶᠢ | ᠬᠥᠳᠡᠭᠡ ᠲᠣᠰᠬᠤᠨ ᠳᠤ ᠣᠷᠣᠭᠤᠯᠬᠤ︾ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠎ᠡ᠃ ︽ᠨᠢᠭᠡ ᠨᠡᠶᠢᠭᠡᠮ ᠲᠣᠭᠤᠷᠢᠭ | ︵ᠲᠣᠰᠬᠤᠨ︶ ᠨᠢᠭᠡ ᠬᠠᠤᠯᠢ ᠴᠠᠭᠠᠵᠠ ᠶᠢᠨ ᠵᠥᠪᠯᠡᠭᠴᠢ︾ ᠶᠢᠨ ᠲᠦᠷᠢᠮ ᠢ ᠪᠦᠷᠢᠨᠰᠢᠬᠦᠯᠵᠦ᠂ 77 ᠲᠤᠰᠬᠠᠶ | ᠬᠠᠤᠯᠢᠴᠢ ᠶᠢ ᠤᠷᠢᠵᠤ ᠪᠥᠬᠦ ᠲᠤᠭᠤᠷᠢᠭ ᠤᠨ 77 ᠨᠡᠶᠢᠭᠡᠮ ᠲᠣᠭᠤᠷᠢᠭ ︵ᠲᠣᠰᠬᠤᠨ︶ ᠤᠨ ᠬᠠᠤᠯᠢ ᠴᠠᠭᠠᠵᠠ ᠶᠢᠨ | ᠵᠥᠪᠯᠡᠭᠴᠢ ᠳᠤ ᠪᠥᠬᠦ ᠲᠠᠯ᠎ᠠ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠬᠡᠷ ᠤᠨ | ᠡᠭᠦᠳᠡᠨ ᠳᠤ ᠪᠥᠬᠦ ᠲᠠᠯ᠎ᠠ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ᠣᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ︽ᠡᠴᠦᠰ ᠤᠨ ᠨᠢᠭᠡ ᠺᠢᠯᠤᠮᠧᠲᠷ︾ ᠢ ᠪᠦᠲᠦᠮᠵᠢᠲᠡᠶ ᠨᠡᠪᠲᠡᠷᠡᠭᠦᠯᠪᠡ᠃ ᠬᠡᠷᠡᠭ ᠢ | ᠦᠨᠡᠯᠡᠨ ᠪᠠᠶᠢᠴᠠᠭᠠᠬᠤ ᠪᠠᠷ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠢᠯ ᠪᠦᠷᠢ ᠰᠢᠢᠳᠪᠦᠷᠢᠯᠡᠵᠦ | ᠳᠠᠭᠤᠰᠬᠠᠭᠰᠠᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠦᠨᠡᠯᠡᠨ ᠪᠠᠶᠢᠴᠠᠭᠠᠵᠤ᠂ ᠠᠰᠠᠭᠤᠳᠠᠯ ᠤᠨ | ᠳᠤᠲᠠᠭᠤᠳᠠᠯ ᠢ ᠡᠷᠢᠵᠦ᠂ ᠰᠢᠯᠲᠠᠭᠠᠨ ᠢ ᠨᠢ ᠭᠦᠨᠵᠡᠭᠡᠶ ᠵᠠᠳᠠᠯᠵᠤ᠂ ᠬᠡᠷᠡᠭ ᠰᠢᠢᠳᠪᠦᠷᠢᠯᠡᠬᠦ ᠦᠢᠯᠡ ᠠᠵᠢᠯᠯᠠᠭ᠎ᠠ ᠶᠢ | ᠵᠢᠷᠤᠮᠵᠢᠭᠤᠯᠤᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠣᠯᠠᠨ ᠲᠦᠮᠡᠨ ᠳᠤ ᠦᠢᠯᠡᠴᠢᠯᠡᠬᠦ ᠠᠵᠢᠯ ᠤᠨ ᠬᠢᠷᠢ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠶ ᠳᠤᠨᠢ | ᠡᠮᠬᠢᠯᠡᠨ ᠬᠤᠷᠢᠶᠠᠩᠭᠤᠶᠢᠯᠠᠵᠤ᠂ ᠬᠡᠷᠡᠭ ᠰᠢᠢᠳᠪᠦᠷᠢᠯᠡᠬᠦ ᠠᠵᠢᠯᠲᠠᠨ ᠳᠤ ᠴᠠᠭ ᠲᠤᠬᠠᠶ ᠳᠤᠨᠢ ᠬᠠᠷᠢᠭᠤ ᠲᠤᠰᠬᠠᠵᠤ᠂ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠱᠠᠯᠠᠪᠳᠠᠭᠤᠯᠪᠠ᠃ | | | | |