ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ ︽ᠰᠢᠨ᠎ᠡ︾ ᠠᠵᠢᠯᠯᠠᠭ᠎ᠠ ᠨᠢ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ︽ᠳᠤᠯᠠᠭᠠᠨ ᠤ ᠴᠢᠳᠠᠪᠤᠷᠢ ᠣᠯᠭᠤᠬᠤ︾
ᠨᠡᠶᠢᠲᠡᠯᠡᠭᠰᠡᠨ ᠴᠠᠭ᠄
2024/9/10
      ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠢ ᠳᠡᠮᠵᠢᠨ ᠵᠢᠷᠤᠮᠵᠢᠭᠤᠯᠵᠤ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠲᠠᠪᠴᠠᠩ ᠤᠨ ᠠᠵᠤ ᠠᠬᠤᠶ ᠶᠢᠨ ᠣᠷᠳᠣ ᠬᠤᠭᠤᠴᠠᠭᠠᠨ ᠤ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠴᠢᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ 9 ᠰᠠᠷ᠎ᠠ ᠶᠢᠨ 5᠎ ᠤ ᠡᠳᠦᠷ ᠤᠨ ᠦᠳᠡ ᠶᠢᠨ ᠬᠤᠶᠢᠨ᠎ᠠ ᠢᠦᠶ ᠼᠠᠢ ᠨᠡᠶᠢᠭᠡᠮ ᠲᠣᠭᠤᠷᠢᠭ ᠲᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠪᠠᠷ ᠠᠵᠢᠯ ᠣᠯᠤᠭᠰᠠᠨ ᠬᠥᠮᠦᠰ ᠤᠨ ᠡᠷᠬᠡ ᠠᠰᠢᠭ ᠢ ᠪᠠᠲᠤᠯᠠᠬᠤ ᠲᠤᠬᠠᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠳᠡᠯᠮᠦᠷᠢᠴᠢᠳ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠤᠯ ᠤᠨ ᠤᠬᠠᠭᠤᠯᠭ᠎ᠠ᠂ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠬᠦᠷᠭᠡᠬᠦ᠂ ᠬᠠᠶᠢᠷ᠎ᠠ ᠬᠠᠯᠠᠮᠵᠢ ᠶᠢᠨ ᠡᠳ᠋ ᠪᠣᠳᠠᠰ ᠬᠦᠷᠭᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠨᠢᠭᠡᠳᠦᠭᠡᠷ ᠹᠷᠣᠨᠲ ᠲᠤ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠭ᠎ᠠ ᠠᠵᠢᠯ ᠣᠯᠭᠤᠯᠲᠠ ᠶᠢᠨ ᠰᠢᠨ᠎ᠡ ᠬᠡᠯᠪᠡᠷᠢ ᠶᠢᠨ ᠬᠥᠳᠡᠯᠮᠦᠷᠢᠴᠢᠳ ᠲᠤ ᠰᠢᠷᠢᠰ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠬᠦᠷᠭᠡᠪᠡ᠃ ᠠᠵᠢᠯᠯᠠᠭ᠎ᠠ ᠶᠢᠨ ᠳᠤᠮᠳᠠ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠳᠡᠯᠮᠦᠷᠢᠴᠢᠳ ᠤᠨ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠤᠬᠠᠭᠤᠯᠭ᠎ᠠ ᠶᠢᠨ ᠬᠠᠭᠤᠳᠠᠰᠤ᠂ ︽ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠦᠷᠢᠮ︾᠂ ︽ᠨᠡᠶᠢᠭᠡᠮ ᠤᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠡᠪᠲᠡᠷ︾ ᠵᠡᠷᠭᠡ ᠮᠠᠲ᠋ᠧᠷᠢᠶᠠᠯ ᠢ ᠲᠠᠷᠬᠠᠭᠠᠵᠤ᠂ ︽ᠲᠦᠷᠭᠡᠨ ᠬᠦᠷᠭᠡᠯᠲᠡ ᠶᠢᠨ ᠠᠬ᠎ᠠ︾᠎ ᠶᠢᠨ ᠠᠮᠠᠷᠬᠠᠨ ᠭᠠᠷᠬᠤ ᠵᠠᠮ ᠬᠠᠷᠢᠯᠴᠠᠭᠠᠨ ᠤ ᠠᠳᠡᠯ᠂ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠬᠤ᠂ ᠬᠥᠳᠡᠯᠮᠦᠷᠢ ᠶᠢᠨ ᠡᠷᠬᠡ ᠠᠰᠢᠭ ᠢ ᠪᠠᠲᠤᠯᠠᠬᠤ ᠵᠡᠷᠭᠡ ᠠᠰᠠᠭᠤᠳᠠᠯ ᠳᠤ ᠴᠢᠭᠯᠡᠭᠦᠯᠦᠨ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠲᠡᠳᠡᠨᠤᠰ ᠢ ᠬᠥᠲᠥᠯᠥᠨ ᠵᠢᠯᠣᠭᠤᠳᠴᠤ ᠪᠠᠶᠢᠭᠠᠳ ᠬᠤᠶᠢᠰᠢᠳᠠ ᠶᠢᠨ ᠠᠮᠢᠳᠤᠷᠠᠯ ᠳᠤᠮᠳᠠ ᠵᠢᠭᠤᠷᠠᠯᠳᠤᠭᠠᠨ ᠢ ᠲᠤᠯᠭᠠᠷᠠᠭᠤᠯᠬᠤ ᠳᠠᠭᠠᠨ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠢᠳᠡᠪᠬᠢᠲᠡᠶ ᠬᠠᠮᠠᠭᠠᠯᠠᠭᠤᠯᠪᠠ᠃ ᠳᠠᠷᠠᠭ᠎ᠠ ᠨᠢ᠂ ᠲᠣᠪᠴᠢᠶ᠎ᠠ ᠶᠢᠨ ᠠᠵᠢᠯᠲᠠᠳ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠳᠡᠯᠮᠦᠷᠢᠴᠢᠳ ᠳᠤ ᠲᠣᠬᠤᠨᠢᠭᠤᠯᠤᠯ ᠪᠠ ᠬᠠᠯᠠᠮᠵᠢᠯᠠᠯ ᠢᠶᠠᠨ ᠢᠯᠡᠳᠬᠡᠵᠦ᠂ ᠲᠡᠳᠡᠨᠤᠰ ᠤᠨ ᠠᠮᠢᠳᠤᠷᠠᠯ ᠪᠠ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠭᠰᠠᠨ ᠪᠥᠭᠡᠳ ᠵᠣᠬᠢᠴᠠᠩᠭᠤᠶ ᠬᠠᠷᠢᠭᠤᠯᠲᠠ ᠥᠭᠪᠡ᠃      ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠤᠨ ᠠᠷᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠠᠵᠢᠯ ᠣᠯᠭᠤᠯᠲᠠ ᠶᠢᠨ ᠬᠥᠳᠡᠯᠮᠦᠷᠢᠴᠢᠳ ᠤᠨ ᠬᠡᠷᠡᠭᠴᠡᠭᠡ ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠢ ᠠᠭᠤᠳᠠᠯᠵᠤ᠂ ᠦᠢᠯᠡᠴᠢᠯᠡᠭᠡᠨ ᠤ ᠠᠭᠤᠯᠭ᠎ᠠ ᠶᠢ ᠥᠷᠭᠡᠳᠬᠡᠵᠦ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠠᠵᠢᠯ ᠣᠯᠭᠤᠯᠲᠠ ᠶᠢᠨ ᠬᠥᠮᠦᠰ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠵᠦ᠂ ᠲᠡᠳᠡᠨᠤᠰ ᠎ ᠲᠤ ᠨᠡᠩ ᠤᠯᠠᠨ ᠰᠡᠷᠡᠵᠦ ᠮᠡᠳᠡᠭᠳᠡᠭᠰᠡᠨ᠂ ᠬᠦᠷᠴᠦ ᠳᠡᠶᠢᠯᠬᠦ ᠳᠣᠲᠣᠨᠣ ᠦᠢᠯᠡᠴᠢᠯᠡᠭᠡ ᠶᠢ ᠴᠢᠷᠮᠠᠶᠢᠨ ᠬᠠᠩᠭᠠᠵᠤ᠂ ᠮᠠᠨ ᠤ ᠲᠣᠭᠤᠷᠢᠭ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ︽ᠳᠤᠯᠠᠭᠠᠨ ᠤ ᠴᠢᠳᠠᠪᠤᠷᠢ ᠣᠯᠭᠤᠬᠤ︾ ᠪᠣᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号