ᠴᠢᠩᠱᠠᠨ ᠲᠣᠭᠤᠷᠢᠭ ︽ᠳᠤᠯᠠᠭᠠᠨ ᠢᠨᠵᠧᠨᠧᠷᠢᠩ︾ ᠤᠨ ᠲᠣᠬᠢᠷᠠᠭᠤᠯᠤᠯᠲᠠ ᠶᠢᠨ ᠬᠤᠷᠠᠯ ᠵᠢᠴᠢ ᠡᠨᠡ ᠡᠪᠦᠯ ᠢᠷᠡᠬᠦ ᠬᠠᠪᠤᠷ ᠤᠨ ᠢᠯᠴᠢ ᠬᠠᠩᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/11
      9 ᠰᠠᠷ᠎ᠠ ᠶᠢᠨ 10 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠵᠢᠶᠠᠨ ︽ᠳᠤᠯᠠᠭᠠᠨ ᠢᠨᠵᠧᠨᠧᠷᠢᠩ︾ ᠤᠨ ᠲᠣᠬᠢᠷᠠᠭᠤᠯᠤᠯᠲᠠ ᠶᠢᠨ ᠬᠤᠷᠠᠯ ᠵᠢᠴᠢ ᠡᠨᠡ ᠡᠪᠦᠯ ᠢᠷᠡᠬᠦ ᠬᠠᠪᠤᠷ ᠤᠨ ᠳᠤᠯᠠᠭᠠᠯᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠲᠤᠭᠤᠷᠢᠭ ᠤᠨ ︽ᠳᠤᠯᠠᠭᠠᠨ ᠢᠨᠵᠧᠨᠧᠷᠢᠩ︾ ᠤᠨ ᠠᠬᠢᠴᠠ ᠪᠠ 2024 - 2025 ᠣᠨ ᠤ ᠳᠤᠯᠠᠭᠠᠯᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠢ ᠰᠣᠨᠣᠰᠴᠤ᠂ ᠳᠤᠯᠠᠭᠠᠯᠭ᠎ᠠ ᠶᠢᠨ ᠡᠯ᠎ᠡ ᠵᠦᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠵᠡᠭᠡᠯᠢ ᠪᠠᠯᠭᠠᠰᠤ ᠵᠢᠴᠢ ᠬᠤᠯᠪᠣᠭᠳᠠᠯ ᠪᠦᠬᠦᠢ ᠢᠯᠴᠢ ᠶᠢᠨ ᠢᠷᠡᠯᠲᠡ ᠶᠢᠨ ᠨᠢᠭᠡᠴᠡ᠂ ᠢᠯᠴᠢ ᠬᠠᠩᠭᠠᠬᠤ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠪᠣᠯ ᠲᠦᠭ ᠲᠦᠮᠡᠨ ᠠᠶᠢᠯ ᠡᠷᠦᠬᠡ ᠠᠮᠤᠷ ᠲᠠᠶᠢᠪᠤᠩ ᠠᠵᠤ ᠲᠦᠷᠦᠭᠦ ᠳᠤ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠮᠥᠨ᠂ ᠡᠯ᠎ᠡ ᠬᠠᠷᠢᠭᠤᠴᠠᠯᠭᠠᠲᠤ ᠨᠢᠭᠡᠴᠢ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠠᠬᠢᠴᠠ ᠪᠠᠨ ᠲᠦᠷᠭᠡᠳᠬᠡᠵᠦ᠂ ᠡᠨᠡ ᠵᠢᠯ ᠤᠨ ︽ᠳᠤᠯᠠᠭᠠᠨ ᠢᠨᠵᠧᠨᠧᠷᠢᠩ︾ ᠤᠨ ᠡᠯ᠎ᠡ ᠵᠦᠢᠯ ᠤᠨ ᠪᠣᠭᠤᠮᠲᠠ ᠰᠢᠪᠲᠤᠯᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠳᠤᠯᠠᠭᠠᠯᠠᠭ᠎ᠠ ᠶᠢᠨ ᠤᠯᠠᠷᠢᠯ ᠳᠤ ᠤᠷᠤᠭᠰᠢᠲᠠᠢ ᠪᠠᠷ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠨ ᠭᠠᠷᠭᠠᠪᠠ᠃      ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠢᠯᠴᠢ ᠬᠠᠩᠭᠠᠬᠤ ᠠᠴᠠ ᠡᠮᠦᠨᠡᠬᠢ ᠡᠷᠬᠢᠮ ᠨᠠᠨᠳᠢᠨ ᠴᠠᠭ ᠢ ᠠᠰᠢᠭᠯᠠᠨ ᠳᠤᠲᠠᠭᠤᠳᠠᠯ ᠢᠶᠠᠨ ᠪᠠᠶᠢᠴᠠᠭᠠᠨ ᠨᠥᠬᠦᠪᠥᠷᠢᠯᠡᠵᠦ᠂ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠲᠥᠬᠦᠭᠡᠷᠦᠮᠵᠢ ᠶᠢ ᠲᠥᠪᠯᠡᠷᠡᠭᠦᠯᠦᠨ ᠪᠠᠶᠢᠴᠠᠭᠠᠨ ᠵᠠᠰᠠᠬᠤ᠂ ᠬᠠᠮᠠᠭᠠᠯᠠᠨ ᠠᠷᠠᠴᠢᠯᠠᠬᠤ ᠶᠢ ᠴᠢᠩᠭᠠᠳᠬᠠᠵᠤ᠂ ᠲᠦᠯᠡᠰᠢ ᠨᠥᠭᠡᠴᠡᠯᠡᠬᠦ ᠶᠢ ᠰᠠᠶᠢᠲᠤᠷ ᠬᠢᠵᠦ᠂ ᠠᠮᠤᠷ ᠲᠦᠪᠰᠢᠨ ᠤ ᠪᠠᠲᠤᠯᠠᠭ᠎ᠠ᠂ ᠬᠢᠨᠠᠯᠲᠠ ᠬᠠᠮᠢᠶᠠᠷᠤᠯᠲᠠ ᠶᠢᠨ ᠠᠵᠢᠯ ᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠡᠨᠡ ᠡᠪᠦᠯ ᠢᠷᠡᠬᠦ ᠬᠠᠪᠤᠷ ᠤᠨ ᠢᠯᠴᠢ ᠬᠠᠩᠭᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠬᠤᠷᠠᠯ ᠠᠴᠠ᠂ ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠵᠤ᠂ ︽ᠲᠠᠶᠢᠯᠪᠦᠷᠢᠯᠠᠬᠤ ᠰᠡᠳᠬᠢᠬᠦᠶ︾ ᠶᠢ ᠬᠡᠷᠡᠭᠯᠡᠨ᠂ ᠲᠣᠤᠷᠵᠢᠭᠤᠯᠤᠭᠰᠠᠨ ᠢᠯᠴᠢ ᠬᠠᠩᠭᠠᠬᠤ ᠦᠢᠯᠡᠴᠢᠯᠡᠭᠡ ᠶᠢ ᠰᠠᠶᠢᠲᠤᠷ ᠬᠢᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠶ ᠳᠤᠨᠢ ᠬᠠᠷᠢᠭᠤ ᠥᠭᠴᠦ ᠰᠢᠢᠳᠪᠦᠷᠢᠯᠡᠨ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠ ᠠᠶᠤᠯᠭᠦᠶ ᠦᠢᠯᠡᠳᠪᠦᠷᠢᠯᠡᠯ ᠢ ᠴᠢᠩᠭᠠᠳᠬᠠᠵᠤ᠂ ᠢᠯᠴᠢ ᠬᠠᠩᠭᠠᠬᠤ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠦᠨ᠂ ᠣᠯᠠᠨ ᠲᠦᠮᠡᠨ ᠤ ᠵᠠᠭᠠᠯᠳᠤᠯᠭ᠎ᠠ ᠶᠢ ᠶᠡᠭᠡ ᠪᠠᠷ ᠪᠠᠭᠤᠷᠠᠭᠤᠯᠵᠤ᠂ ᠥᠷᠭᠡᠨ ᠣᠯᠠᠨ ᠲᠦᠮᠡᠨ ᠤ ︽ᠬᠠᠯᠠᠭᠤᠨ ᠳᠤᠯᠠᠭᠠᠨ ᠬᠠᠷᠢᠭᠤᠯᠲᠠ ᠶᠢᠨ ᠬᠠᠭᠤᠳᠠᠰᠤ︾ ᠲᠤᠰᠢᠶᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号