| | | | | | | | | ᠰᠤᠷᠪᠤᠯᠵᠢᠯᠠᠭᠰᠠᠨ ᠭᠤᠣᠯ ᠰᠡᠳᠦᠪ᠄ ᠨᠠᠮ ᠤᠨ ᠪᠠᠶᠢᠭᠤᠯᠤᠯᠲᠠ ᠬᠥᠲᠥᠯᠥᠨ ᠳᠠᠭᠠᠭᠤᠯᠵᠤ ᠦᠨᠳᠦᠰᠦᠨ | ᠱᠠᠲᠤᠨ ᠤ ᠰᠢᠨ᠎ᠡ ᠵᠠᠰᠠᠯᠲᠠ ᠳᠤ ᠠᠩᠬᠠᠷᠤᠯ ᠢᠶᠠᠨ ᠲᠦᠪᠯᠡᠷᠡᠭᠦᠯᠦᠨ᠎ᠡ | ᠰᠤᠷᠪᠤᠯᠵᠢᠯᠠᠭᠰᠠᠨ ᠴᠠᠭ᠄ 2024 ᠣᠨ ᠤ 8 ᠰᠠᠷ᠎ᠠ ᠶᠢᠨ 12 ᠤ ᠡᠳᠦᠷ | ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠬᠦᠴᠦᠷᠬᠡᠭᠵᠢᠯ ᠵᠠᠮ ᠤᠨ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠳᠡᠳ᠋ ᠡᠷᠬᠢᠯᠡᠭᠴᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠶᠧ ᠿᠦ | ᠲᠣᠪᠴᠢᠯᠠᠪᠠᠯ᠄ ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠤᠭᠤᠲᠤ ᠬᠤᠲᠠ ᠶᠢᠨ ᠴᠢᠩᠱᠠᠨ ᠲᠣᠭᠤᠷᠢᠭ ᠲᠤ ᠬᠠᠷᠢᠶᠠᠯᠠᠭᠳᠠᠵᠤ᠂ ᠴᠢᠩᠱᠠᠨ ᠲᠣᠭᠤᠷᠢᠭ ᠤᠨ ᠪᠠᠷᠠᠭᠤᠨ | ᠬᠤᠶᠢᠲᠤ ᠬᠡᠰᠡᠭ ᠲᠤ ᠪᠠᠶᠢᠷᠢᠯᠠᠵᠤ᠂ ᠵᠡᠭᠦᠨᠰᠢ ᠰᠠᠶᠢᠨ ᠵᠠᠮ ᠠᠴᠠ ᠡᠬᠢᠯᠡᠨ᠂ ᠡᠮᠦᠨ᠎ᠡ ᠲᠠᠯ᠎ᠠ ᠪᠠᠷ ᠢᠶᠠᠨ ᠴᠡᠴᠡᠭᠯᠡᠯ ᠵᠠᠮ᠂ | ᠪᠠᠷᠠᠭᠤᠨᠰᠢ ᠪᠠᠨ ᠤᠭᠲᠤᠯᠭ᠎ᠠ ᠵᠠᠮ᠂ ᠤᠮᠠᠷᠠᠰᠢ ᠹᠦ᠋ ᠰᠢᠩ ᠶᠡᠭᠡ ᠵᠡᠭᠡᠯᠢ᠂ ᠵᠠᠰᠠᠭ ᠵᠠᠬᠢᠷᠭᠠᠨ ᠤ ᠣᠷᠣᠨ ᠤ ᠲᠠᠯᠠᠪᠠᠶ ᠨᠢ | 4.4 ᠲᠡᠭᠰᠢ ᠳᠥᠷᠪᠡᠯᠵᠢᠨ ᠺᠢᠯᠤᠮᠧᠲᠷ᠂ ᠨᠡᠶᠢᠲᠡ 6 ᠨᠡᠶᠢᠭᠡᠮ ᠲᠣᠭᠤᠷᠢᠭ ᠤᠨ 17 ᠵᠡᠭᠡᠯᠢ ᠭᠤᠳᠤᠮᠵᠢ ᠶᠢᠨ | ᠬᠠᠷᠢᠶᠠᠲᠤ ᠲᠣᠭᠤᠷᠢᠭ ᠤᠨ 43574 ᠬᠥᠮᠦᠨ ᠪᠣᠶ᠃ ᠤᠢᠢᠷ᠎ᠠ ᠶᠢᠨ ᠵᠢᠯ ᠠᠴᠠ ᠨᠠᠭᠠᠰᠢ᠂ ᠪᠤᠭᠤᠲᠤ ᠬᠤᠳᠠ ᠶᠢᠨ | ᠴᠢᠩᠱᠠᠨ ᠲᠣᠭᠤᠷᠢᠭ ᠤᠨ ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ ᠶᠢᠨ ᠬᠢᠨ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠵᠦ᠂ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢ ᠠᠳᠬᠤᠵᠤ ᠦᠨᠳᠦᠰᠦᠨ ᠱᠠᠲᠤᠨ ᠤ ᠵᠠᠰᠠᠯᠲᠠ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠰᠢᠨ᠎ᠡ ᠵᠠᠮ ᠢ ᠨᠡᠭᠡᠭᠡᠪᠡ᠃ | 【ᠬᠥᠲᠥᠯᠥᠭᠴᠢ】 | ᠵᠡᠭᠡᠯᠢ ᠭᠤᠳᠤᠮᠵᠢ ᠶᠢᠨ ᠦᠨᠳᠦᠰᠦᠨ ᠪᠠᠶᠢᠳᠠᠯ ᠵᠢᠴᠢ ᠣᠨᠴᠠᠯᠢᠭ ᠶᠠᠭᠤ ᠪᠤᠢ︖ | 【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠶᠧ ᠿᠦ】 | ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠤᠭᠤᠲᠤ ᠬᠤᠲᠠ ᠶᠢᠨ ᠴᠢᠩᠱᠠᠨ ᠲᠣᠭᠤᠷᠢᠭ ᠲᠤ ᠬᠠᠷᠢᠶᠠᠯᠠᠭᠳᠠᠵᠤ᠂ ᠴᠢᠩᠱᠠᠨ ᠲᠣᠭᠤᠷᠢᠭ ᠤᠨ ᠪᠠᠷᠠᠭᠤᠨ ᠬᠤᠶᠢᠲᠤ | ᠬᠡᠰᠡᠭ ᠲᠤ ᠪᠠᠶᠢᠷᠢᠯᠠᠵᠤ᠂ ᠵᠡᠭᠦᠨᠰᠢ ᠰᠠᠶᠢᠨ ᠵᠠᠮ ᠠᠴᠠ ᠡᠬᠢᠯᠡᠨ᠂ ᠡᠮᠦᠨ᠎ᠡ ᠲᠠᠯ᠎ᠠ ᠪᠠᠷ ᠢᠶᠠᠨ ᠴᠡᠴᠡᠭᠯᠡᠯ ᠵᠠᠮ᠂ | ᠪᠠᠷᠠᠭᠤᠨᠰᠢ ᠪᠠᠨ ᠤᠭᠲᠤᠯᠭ᠎ᠠ ᠵᠠᠮ᠂ ᠤᠮᠠᠷᠠᠰᠢ ᠹᠦ᠋ ᠰᠢᠩ ᠶᠡᠭᠡ ᠵᠡᠭᠡᠯᠢ᠂ ᠵᠠᠰᠠᠭ ᠵᠠᠬᠢᠷᠭᠠᠨ ᠤ ᠣᠷᠣᠨ ᠤ ᠲᠠᠯᠠᠪᠠᠶ ᠨᠢ | 4.4 ᠲᠡᠭᠰᠢ ᠳᠥᠷᠪᠡᠯᠵᠢᠨ ᠺᠢᠯᠤᠮᠧᠲᠷ᠂ ᠨᠡᠶᠢᠲᠡ 6 ᠨᠡᠶᠢᠭᠡᠮ ᠲᠣᠭᠤᠷᠢᠭ ᠤᠨ 17 ᠵᠡᠭᠡᠯᠢ ᠭᠤᠳᠤᠮᠵᠢ ᠶᠢᠨ | ᠬᠠᠷᠢᠶᠠᠲᠤ ᠲᠣᠭᠤᠷᠢᠭ ᠤᠨ 43574 ᠬᠥᠮᠦᠨ ᠪᠣᠶ᠃ ᠤᠢᠢᠷ᠎ᠠ ᠶᠢᠨ ᠵᠢᠯ ᠠᠴᠠ ᠨᠠᠭᠠᠰᠢ᠂ ᠪᠤᠭᠤᠲᠤ ᠬᠤᠳᠠ ᠶᠢᠨ | ᠴᠢᠩᠱᠠᠨ ᠲᠣᠭᠤᠷᠢᠭ ᠤᠨ ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ ᠶᠢᠨ ᠬᠢᠨ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠵᠦ᠂ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢ ᠠᠳᠬᠤᠵᠤ ᠦᠨᠳᠦᠰᠦᠨ ᠱᠠᠲᠤᠨ ᠤ ᠵᠠᠰᠠᠯᠲᠠ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠰᠢᠨ᠎ᠡ ᠵᠠᠮ ᠢ ᠨᠡᠭᠡᠭᠡᠪᠡ᠃ | 【ᠬᠥᠲᠥᠯᠥᠭᠴᠢ】 | ᠨᠡᠶᠢᠭᠡᠮ ᠲᠣᠭᠤᠷᠢᠭ ᠤᠨ ᠵᠠᠰᠠᠯᠲᠠ ᠶᠢᠨ ᠲᠠᠯ᠎ᠠ ᠪᠠᠷ ᠶᠠᠮᠠᠷ ᠶᠠᠮᠠᠷ ᠰᠢᠨ᠎ᠡ ᠶᠢ ᠡᠭᠦᠳᠬᠦ ᠠᠷᠭ᠎ᠠ ᠬᠡᠮᠵᠢᠶ᠎ᠡ | ᠪᠠᠶᠢᠬᠤ ᠪᠤᠢ︖ | 【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠶᠧ ᠿᠦ】 | ᠣᠯᠠᠨ ᠵᠢᠯ ᠤᠨ ᠲᠤᠷᠰᠢ᠂ ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ ᠶᠢᠨ ᠬᠢᠨ ᠦᠨᠡᠨ ᠢ ᠪᠠᠷᠢᠮᠲᠠᠯᠠᠨ | ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢ ᠪᠠᠷᠢᠮᠲᠠᠯᠠᠵᠤ᠂ ᠵᠢᠯ ᠪᠦᠷᠢ ᠶᠢᠨ ᠵᠢᠯ ᠤᠨ ᠡᠬᠢ ᠪᠠᠷ᠂ ᠬᠠᠷᠢᠶ᠎ᠠ 6 | ᠨᠡᠶᠢᠭᠡᠮ ᠲᠣᠭᠤᠷᠢᠭ ᠠᠴᠠ ᠰᠠᠶᠢᠨ ᠶᠠᠪᠤᠳᠠᠯ ᠪᠣᠳᠠᠲᠤ ᠶᠠᠪᠤᠳᠠᠯ ᠤᠨ ᠲᠥᠯᠥᠪᠯᠡᠭᠡ ᠲᠣᠭᠲᠠᠭᠠᠵᠤ᠂ ᠨᠠᠮ ᠤᠨ | ᠪᠠᠶᠢᠭᠤᠯᠤᠯᠲᠠ ᠶᠢᠨ ᠣᠨ ᠤ ᠲᠥᠷᠥᠯ ᠵᠦᠢᠯ ᠪᠣᠯᠭᠠᠵᠤ᠂ ᠠᠭᠤᠯᠭ᠎ᠠ ᠨᠢ ᠴᠥᠮ ᠰᠡᠷᠢᠭᠦᠨ ᠲᠢᠩᠰᠡ᠂ ᠬᠡᠷ ᠪᠠᠶᠢᠰᠢᠩ | ᠵᠠᠰᠠᠬᠤ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠵᠡᠷᠭᠡ ᠠᠷᠠᠳ ᠣᠯᠠᠨ ᠤ ᠠᠮᠢᠳᠤᠷᠠᠯ ᠳᠤ ᠬᠤᠯᠪᠣᠭᠳᠠᠬᠤ | ᠰᠠᠶᠢᠨ ᠶᠠᠪᠤᠳᠠᠯ ᠪᠣᠳᠠᠲᠤ ᠶᠠᠪᠤᠳᠠᠯ ᠪᠣᠯᠤᠨ᠎ᠠ᠃ | ᠨᠠᠮ ᠤᠨ ᠪᠠᠶᠢᠭᠤᠯᠤᠯᠲᠠ ᠶᠢᠨ ᠲᠥᠷᠥᠯ ᠵᠦᠢᠯ ᠢ ᠥᠷᠨᠢᠭᠦᠯᠬᠦ ᠪᠠᠷ ᠳᠠᠮᠵᠢᠭᠤᠯᠤᠨ᠂ 60 ᠨᠠᠰᠤᠨ ᠠᠴᠠ | ᠳᠡᠭᠡᠭᠰᠢᠬᠢ ᠠᠬᠠᠮᠠᠳ ᠨᠠᠮ ᠤᠨ ᠭᠡᠰᠢᠭᠦᠨ ᠢᠶᠠᠷ ᠭᠤᠤᠯ ᠴᠣᠭᠴᠠ ᠪᠣᠯᠭᠠᠭᠰᠠᠨ ︽ᠭᠤᠳᠤᠮᠵᠢ ᠶᠢᠨ ᠬᠠᠮᠢᠶᠠᠷᠤᠭᠴᠢ︾ | ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ︽ᠡᠳᠦᠷ ᠪᠦᠷᠢ ᠲᠣᠭᠤᠷᠢᠨ | ᠪᠠᠶᠢᠴᠠᠭᠠᠬᠤ᠂ ᠪᠠᠶᠢᠩᠭᠤ ᠰᠤᠷᠪᠤᠯᠵᠢᠯᠠᠬᠤ᠂ ᠪᠠᠷᠢᠨ ᠬᠢᠬᠦ᠂ ᠴᠠᠭ ᠲᠤᠬᠠᠶ ᠳᠤᠨᠢ ᠮᠡᠳᠡᠭᠦᠯᠬᠦ᠂ ᠴᠠᠭ ᠲᠤᠬᠠᠶ ᠳᠤᠨᠢ | ᠲᠡᠮᠳᠡᠭᠯᠡᠬᠦ᠂ ᠴᠠᠭ ᠲᠤᠬᠠᠶ ᠳᠤᠨᠢ ᠰᠣᠯᠢᠬᠤ︾ ᠪᠠᠷ ᠳᠠᠮᠵᠢᠭᠤᠯᠤᠨ᠂ ᠬᠤᠲᠠ ᠴᠣᠭᠴᠠᠯᠠᠨ ᠪᠠᠶᠢᠭᠤᠯᠵᠤ ᠡᠷᠡᠭᠦᠯ | ᠬᠠᠮᠠᠭᠠᠯᠠᠯ ᠢ ᠴᠣᠭᠴᠠᠯᠠᠬᠤ᠂ ᠠᠶᠤᠯ ᠥᠬᠡᠶ ᠦᠢᠯᠡᠳᠪᠦᠷᠢᠯᠡᠯ ᠵᠡᠷᠭᠡ ᠠᠵᠢᠯ ᠳᠤ ᠣᠷᠣᠯᠴᠠᠨ᠎ᠠ᠃ ᠵᠡᠭᠡᠯᠢ | ᠭᠤᠳᠤᠮᠵᠢ ᠶᠢᠨ ᠬᠢᠨ ᠪᠣᠳᠠᠰ ᠤᠨ ᠪᠠᠲᠤᠯᠠᠭ᠎ᠠ᠂ ᠬᠥᠮᠦᠨ ᠨᠡᠶᠢᠭᠡᠮ ᠤᠨ ᠬᠠᠯᠠᠮᠵᠢᠯᠠᠯ᠂ ᠨᠡᠶᠢᠲᠡᠯᠢᠭ ᠤᠬᠠᠭᠤᠯᠭ᠎ᠠ ᠠᠴᠠ | ᠭᠠᠷᠳᠠᠵᠤ᠂ ︽ᠭᠤᠳᠤᠮᠵᠢ ᠶᠢᠨ ᠬᠠᠮᠢᠶᠠᠷᠤᠭᠴᠢ︾ ᠳᠤ ᠬᠤᠪᠴᠠᠰᠦ᠂ ᠭᠠᠷ ᠴᠠᠬᠢᠯᠭᠠᠨ ᠵᠡᠷᠭᠡ ᠲᠣᠨᠤᠭ | ᠲᠥᠬᠦᠭᠡᠷᠦᠮᠵᠢ ᠶᠢ ᠨᠢᠭᠡᠳᠦᠯᠲᠡᠶ ᠣᠯᠭᠤᠬᠤ ᠶᠢᠨ ᠬᠠᠮᠲᠤ ᠬᠤᠪᠢ ᠬᠤᠷᠠᠮᠳᠤᠭᠤᠯᠬᠤ ᠳᠡᠪᠲᠡᠷ ᠵᠣᠬᠢᠶᠠᠵᠤ᠂ ᠰᠠᠷ᠎ᠠ | ᠪᠦᠷᠢ ᠬᠤᠪᠢ ᠬᠤᠷᠠᠮᠳᠤᠭᠤᠯᠵᠤ ᠠᠮᠢᠳᠤᠷᠠᠯ ᠤᠨ ᠬᠡᠷᠡᠭᠰᠡᠯ ᠵᠡᠷᠭᠡ ᠱᠠᠩᠨᠠᠯ ᠭᠠᠷᠳᠠᠭᠤᠯᠪᠠ︔ ᠤᠯᠠᠷᠢᠯ ᠪᠦᠷᠢ | ︽ᠬᠠᠮᠤᠭ ᠤᠨ ᠭᠤᠶᠤ ᠭᠤᠳᠤᠮᠵᠢ ᠶᠢᠨ ᠬᠠᠮᠢᠶᠠᠷᠤᠭᠴᠢ︾ ᠶᠢ ᠰᠢᠯᠭᠠᠷᠠᠭᠤᠯᠵᠤ᠂ ᠸᠢᠴᠠᠲ ᠤᠨ ᠨᠡᠶᠢᠲᠡ ᠶᠢᠨ ᠳ᠋ᠤᠭᠠᠷ | ᠪᠠ ᠰᠠᠭᠤᠭᠠᠯᠢ ᠠᠷᠠᠳ ᠤᠨ ᠲᠣᠭᠤᠷᠢᠭ ᠤᠨ ᠵᠠᠷᠯᠠᠨ ᠨᠡᠶᠢᠲᠡᠯᠡᠬᠦ ᠪᠤᠯᠤᠩ ᠳᠤ ᠤᠬᠠᠭᠤᠯᠪᠠ︔ ᠡᠪᠡᠳᠴᠢᠯᠡᠵᠦ | ᠰᠢᠷᠬᠠᠲᠤᠭᠰᠠᠨ ︽ᠭᠤᠳᠤᠮᠵᠢ ᠶᠢᠨ ᠬᠠᠮᠢᠶᠠᠷᠤᠭᠴᠢ︾ ᠶᠢ ᠲᠣᠬᠤᠨᠢᠭᠤᠯᠵᠤ ᠬᠠᠪᠰᠤᠷᠤᠨ ᠲᠡᠳᠬᠦᠵᠦ᠂ ᠠᠮᠤᠷ | ᠲᠦᠪᠰᠢᠨ ᠤ ᠪᠠᠶᠢᠴᠠᠭᠠᠯᠲᠠ᠂ ᠣᠷᠴᠢᠨ ᠲᠣᠭᠤᠷᠢᠨ ᠤ ᠴᠡᠭᠴᠡᠯᠡᠨ ᠵᠠᠰᠠᠯᠲᠠ᠂ ᠵᠢᠭᠤᠷᠠᠯᠳᠤᠭᠠᠨ ᠢ ᠡᠶᠡᠳᠡᠭᠦᠯᠵᠦ | ᠨᠡᠶᠢᠭᠡᠮ ᠲᠣᠭᠤᠷᠢᠭ ᠤᠨ ᠵᠠᠰᠠᠯᠲᠠ ᠳᠤ ᠰᠠᠶᠢᠨ ᠡᠬᠢᠯᠡᠯᠲᠡ ᠲᠠᠢ᠂ ᠦᠯᠢᠭᠡᠷ ᠳᠠᠭᠤᠷᠢᠶᠠᠯ ᠪᠣᠯᠪᠠ᠃ | ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ ᠠᠵᠢᠯᠴᠢᠨ ᠤ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠠᠵᠢᠯ ᠢ | ᠥᠷᠨᠢᠭᠦᠯᠦᠭᠰᠡᠨ ᠠᠴᠠ ᠨᠠᠭᠠᠰᠢ᠂ ᠶᠡᠭᠡ ᠬᠡᠮᠵᠢᠶᠡᠨ ᠤ ᠠᠬᠠᠮᠠᠳ ᠨᠠᠮ ᠤᠨ ᠭᠡᠰᠢᠭᠦᠨ ᠤ ᠵᠣᠬᠢᠶᠠᠨ ᠪᠠᠶᠢᠭᠤᠯᠤᠯᠲᠠ ᠶᠢᠨ | ᠬᠠᠷᠢᠴᠠᠭ᠎ᠠ ᠶᠢ ᠨᠡᠶᠢᠭᠡᠮ ᠲᠣᠭᠤᠷᠢᠭ ᠲᠤ ᠰᠢᠯᠵᠢᠭᠦᠯᠦᠨ ᠣᠷᠣᠭᠤᠯᠪᠠ᠃ ᠵᠡᠭᠡᠯᠢ ᠭᠤᠳᠤᠮᠵᠢ ᠥᠷᠭᠡᠨ ᠢᠶᠠᠷ | ᠲᠠᠶᠢᠴᠢᠯᠠᠵᠦ᠂ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷᠴᠤᠳ ᠢ ᠢᠳᠡᠪᠬᠢᠲᠡᠢ ᠪᠠᠷ ᠬᠥᠲᠥᠯᠥᠨ ᠵᠢᠯᠣᠭᠤᠳᠴᠤ | ᠪᠠᠶᠢᠭᠠᠳ ᠨᠠᠮ ᠤᠨ ᠡᠭᠦᠷ ᠤᠨ ᠭᠡᠰᠢᠭᠦᠨ ᠤ ᠲᠤᠰᠢᠶᠠᠯ ᠢ ᠡᠭᠦᠷᠭᠡᠯᠡᠭᠦᠯᠦᠨ᠎ᠡ᠃ ᠠᠬᠠᠮᠠᠳ ᠨᠠᠮ ᠤᠨ ᠭᠡᠰᠢᠭᠦᠨ᠂ | ᠠᠬᠠᠮᠠᠳ ᠺᠠᠳ᠋ᠷᠴᠤᠳ ᠤᠨ ᠡᠯᠪᠡᠭ ᠪᠠᠶᠠᠯᠢᠭ ᠥᠩᠭᠡᠷᠡᠭᠦᠯᠦᠭᠰᠡᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ︽ᠨᠠᠮ ᠤᠨ ᠬᠢᠴᠢᠶᠡᠯ ᠡᠬᠢᠯᠡᠯ᠎ᠡ︾ ᠭᠡᠬᠦ ᠬᠢᠴᠢᠶᠡᠯ ᠤᠨ ᠰᠢᠰᠲ᠋ᠧᠮ ᠢ ᠪᠠᠶᠢᠭᠤᠯᠵᠤ᠂ ᠠᠬᠠᠮᠠᠳ ᠱᠦᠵᠢ ᠶᠢᠨ ᠠᠵᠢᠯᠯᠠᠬᠤ | ᠲᠠᠰᠤᠭ ᠢ ᠪᠠᠶᠢᠭᠤᠯᠵᠤ᠂ ᠬᠤᠪᠢᠰᠬᠠᠯ ᠤᠨ ᠳᠤᠷᠠᠰᠤᠮᠵᠢ ᠵᠣᠬᠢᠶᠠᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ | ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ | ᠪᠦᠲᠦᠮᠵᠢ ᠪᠠ ᠲᠡᠦᠬᠡᠨ ᠲᠤᠷᠰᠢᠯᠭ᠎ᠠ ᠶᠢᠨ ᠦᠯᠢᠭᠡᠷ ᠢ ᠰᠠᠶᠢᠲᠤᠷ ᠶᠠᠷᠢᠨ᠎ᠠ᠃ ᠠᠬᠠᠮᠠᠳ ᠨᠠᠮ ᠤᠨ ᠭᠡᠰᠢᠭᠦᠨ ᠤ | ︽ᠠᠵᠢᠯ ᠠᠴᠠ ᠪᠠᠨ ᠠᠮᠠᠷᠠᠪᠠᠴᠦ ᠥᠩᠭᠡ ᠪᠠᠭᠤᠷᠠᠬᠤ ᠥᠬᠡᠶ︾᠂ ᠵᠠᠯᠠᠭᠤ ᠨᠠᠮ ᠤᠨ ᠭᠡᠰᠢᠭᠦᠨ ᠤ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠵᠠᠯᠠᠭᠤ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠨᠠᠮ ᠤᠨ | ᠵᠣᠬᠢᠶᠠᠨ ᠪᠠᠶᠢᠭᠤᠯᠤᠯᠲᠠ ᠳᠤ ᠢᠳᠡᠪᠬᠢᠲᠡᠶ ᠪᠠᠷ ᠣᠶᠢᠷᠠᠲᠤᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠬᠦᠴᠦᠨ ᠲᠠᠰᠤᠷᠠᠯᠲᠠ ᠥᠬᠡᠶ ᠳᠡᠭᠡᠭᠰᠢᠯᠡᠨ᠂ ᠬᠠᠮᠲᠤ ᠪᠠᠷ | ᠪᠠᠶᠢᠭᠤᠯᠬᠤ᠂ ᠬᠠᠮᠲᠤ ᠪᠠᠷ ᠵᠠᠰᠠᠬᠤ᠂ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠠᠶᠢᠭᠤᠯᠬᠤ ᠳᠤ | ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠲᠠᠯᠪᠢᠵᠤ ᠥᠭᠪᠡ᠃ | 【ᠬᠥᠲᠥᠯᠥᠭᠴᠢ】 | ᠦᠨᠳᠦᠰᠦᠨ ᠱᠠᠲᠤᠨ ᠤ ᠵᠠᠰᠠᠯᠲᠠ ᠶᠢᠨ ᠲᠠᠯ᠎ᠠ ᠪᠠᠷ ᠶᠠᠮᠠᠷ ᠶᠠᠮᠠᠷ ᠳᠡᠭᠡᠭᠰᠢᠯᠡᠯᠲᠡ ᠪᠠᠶᠢᠬᠤ ᠪᠤᠢ︖ | 【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠶᠧ ᠿᠦ】 | ᠰᠦᠯᠵᠢᠶᠡᠨ ᠤ ᠠᠷᠠᠳ ᠤᠨ ᠪᠠᠶᠢᠳᠠᠯ ᠤᠨ ᠡᠳᠦᠷ ᠤᠨ ᠲᠡᠮᠳᠡᠭᠯᠡᠯ᠂ ᠠᠷᠠᠳ ᠤᠨ ᠰᠡᠳᠬᠢᠯ ᠤᠨ ᠶᠠᠷᠢᠯᠴᠠᠬᠤ | ᠬᠤᠷᠠᠯ᠂ ᠰᠦᠯᠵᠢᠶᠡᠨ ᠳᠡᠭᠡᠷ᠎ᠡ ᠬᠡᠷᠡᠭᠴᠡᠭᠡ ᠶᠢ ᠨᠢ ᠠᠰᠠᠭᠤᠬᠤ ᠪᠠᠷ ᠳᠠᠮᠵᠢᠭᠤᠯᠤᠨ᠂ ᠦᠢᠯᠡᠴᠢᠯᠡᠭᠡ ᠳᠤ ᠳᠤᠲᠠᠭᠳᠠᠬᠤ | ᠦᠭᠡᠢ᠂ ᠠᠮᠤᠷ ᠲᠦᠪᠰᠢᠨ ᠳᠤ ᠤᠴᠢᠷ ᠭᠠᠷᠬᠤ ᠦᠭᠡᠢ ᠪᠠᠶᠢᠬᠤ ᠶᠢ ᠦᠨᠡᠨ ᠬᠦ ᠪᠡᠶᠡᠯᠡᠭᠦᠯᠦᠨ᠎ᠡ᠃ ᠨᠠᠮ ᠤᠨ | ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠬᠦᠴᠦᠨ ᠢ ᠨᠡᠶᠢᠳᠬᠡᠵᠦ᠂ | ︽ᠲᠠᠪᠤᠨ ᠬᠤᠷᠰᠢᠶ᠎ᠠ ᠬᠤᠯᠪᠣᠭᠠᠯᠠᠨ ᠬᠥᠳᠡᠯᠦᠯᠴᠡᠵᠦ ᠵᠣᠯ ᠵᠢᠷᠭᠠᠯᠲᠤ ᠬᠥᠷᠰᠢ ᠵᠡᠷᠭᠡᠯᠡᠳᠡᠭᠡ︾ ᠶᠢᠨ ᠵᠢᠭᠰᠠᠭᠠᠯ ᠤᠨ | ᠭᠠᠵᠠᠷ ᠢ ᠪᠠᠶᠢᠭᠤᠯᠵᠤ᠂ ︽ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡᠨ ᠤ ᠲᠢᠩᠬᠢᠮ︾᠂ ︽ᠬᠤᠪᠢᠰᠬᠠᠯᠲᠤ ᠠᠳᠠᠯ | ᠠᠬᠤᠶ︾᠂ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ︾ ᠵᠡᠷᠭᠡ ᠴᠢᠳᠠᠮᠵᠢᠳᠤ ᠣᠷᠣᠨ | ᠪᠦᠰᠡ ᠶᠢ ᠬᠠᠮᠤᠷᠴᠤ᠂ ︽ᠠᠷᠪᠠᠨ ᠮᠢᠨᠦ᠋ᠲ ᠤᠨ ᠠᠮᠢᠳᠤᠷᠠᠯ ᠤᠨ ᠬᠦᠷᠢᠶ᠎ᠡ︾ ᠶᠢᠨ ᠦᠢᠯᠡᠴᠢᠯᠡᠭᠡᠨ ᠤ ᠲᠠᠪᠴᠠᠩ ᠢ | ᠪᠠᠶᠢᠭᠤᠯᠵᠤ᠂ ᠠᠵᠢᠯᠯᠠᠭ᠎ᠠ ᠵᠢᠴᠢ ᠪᠣᠯᠪᠠᠰᠤᠷᠠᠭᠤᠯᠤᠯ ᠵᠡᠷᠭᠡ ᠠᠯᠢ ᠣᠯᠠᠨ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡ ᠥᠷᠨᠢᠭᠦᠯᠦᠨ᠎ᠡ᠃ ︽ᠲᠠᠪᠤᠨ ᠬᠤᠷᠰᠢᠶ᠎ᠠ ᠬᠤᠯᠪᠣᠭᠠᠯᠠᠨ ᠬᠥᠳᠡᠯᠦᠯᠴᠡᠬᠦ︾ ᠣᠯᠠᠨ ᠡᠰᠢᠲᠦ ᠬᠠᠷᠢᠯᠴᠠᠨ | ᠬᠥᠳᠡᠯᠦᠯᠴᠡᠵᠦ᠂ ᠬᠠᠮᠵᠢᠯᠴᠠᠨ ᠬᠦᠴᠦᠯᠡᠵᠦ᠂ ᠰᠠᠭᠤᠭᠠᠯᠢ ᠠᠷᠠᠳ ᠤᠨ ᠪᠠᠴᠢᠮ ᠬᠦᠰᠡᠵᠦ ᠪᠠᠶᠢᠭ᠎ᠠ ᠠᠰᠠᠭᠤᠳᠠᠯ ᠢ | ᠪᠥᠬᠦ ᠲᠠᠯ᠎ᠠ ᠪᠠᠷ ᠴᠤᠭᠯᠠᠭᠤᠯᠵᠤ᠂ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠲᠠᠩᠰᠠ ᠶᠢ ᠪᠣᠶ ᠪᠣᠯᠭᠠᠵᠤ᠂ ︽ᠬᠠᠮᠲᠤ ᠪᠠᠷ | ᠬᠡᠷᠡᠭ ᠵᠥᠪᠯᠡᠬᠦ︾ ᠬᠤᠷᠠᠯ ᠬᠤᠷᠠᠯᠳᠤᠭᠤᠯᠵᠤ᠂ ᠣᠯᠠᠨ ᠤ ᠣᠶᠤᠨ ᠤᠬᠠᠭᠠᠨ ᠢ ᠲᠥᠪᠯᠡᠷᠡᠭᠦᠯᠦᠨ᠂ ᠰᠠᠭᠤᠭᠠᠯᠢ | ᠠᠷᠠᠳ ᠤᠨ ᠲᠤᠰᠬᠠᠯ ᠪᠠᠶᠢᠪᠠᠯ ᠵᠠᠪᠠᠯ ᠬᠠᠷᠢᠭᠤ ᠥᠭᠬᠦ ᠶᠢ ᠪᠡᠶᠡᠯᠡᠭᠦᠯᠦᠨ᠎ᠡ᠃ ᠨᠡᠶᠢᠭᠡᠮ ᠲᠣᠭᠤᠷᠢᠭ ᠨᠢ ︽ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ︾ ᠬᠤᠤᠰ ᠱᠤᠭᠤᠮ ᠢ ᠵᠡᠷᠭᠡ ᠪᠠᠷ ᠶᠠᠪᠤᠭᠤᠯᠬᠤ ︽ᠣᠶᠤᠨᠴᠢ ᠵᠠᠰᠠᠯᠲᠠ︾ ᠶᠢᠨ | ᠠᠷᠭ᠎ᠠ ᠮᠠᠶ᠋ᠢᠭ ᠢᠶᠠᠷ ᠨᠢᠭᠡᠴᠡ ᠶᠢᠨ ᠦᠢᠯᠡᠴᠢᠯᠡᠭᠡ ᠳᠤ ︽ᠬᠥᠷᠰᠢ ᠵᠡᠷᠭᠡᠯᠡᠳᠡᠭᠡ ᠶᠢᠨ ᠵᠠᠶ︾ ᠪᠠᠶᠢᠬᠤ᠂ ᠰᠠᠭᠤᠭᠠᠯᠢ | ᠠᠷᠠᠳ ᠤᠨ ᠬᠦᠰᠡᠯ ᠱᠠᠭᠠᠷᠳᠠᠯᠭ᠎ᠠ ᠶᠢ ︽ᠵᠡᠷᠭᠡᠪᠡᠷ ᠳᠠᠭᠠᠬᠤ︾ ᠶᠢ ᠪᠡᠶᠡᠯᠡᠭᠦᠯᠦᠨ᠎ᠡ᠃ | 【ᠬᠥᠲᠥᠯᠥᠭᠴᠢ】 | ᠬᠦᠴᠦᠷᠬᠡᠭᠵᠢᠯ ᠵᠠᠮ ᠤᠨ ᠬᠡᠷᠡᠭ ᠡᠷᠬᠢᠯᠡᠬᠦ ᠭᠠᠵᠠᠷ ᠤᠨ ᠰᠢᠨ᠎ᠡ ᠨᠢᠭᠡ ᠵᠢᠯ ᠤᠨ ᠶᠡᠷᠦᠩᠬᠡᠢ ᠠᠵᠢᠯ ᠤᠨ | ᠰᠡᠳᠬᠢᠮᠵᠢ ᠶᠠᠭᠤ ᠪᠤᠢ︖ | 【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠶᠧ ᠿᠦ】 | ︽ᠨᠠᠮ ᠤᠨ ᠪᠠᠶᠢᠭᠤᠯᠤᠯᠲᠠ ᠶᠢ ᠨᠢᠭᠡ ᠬᠥᠯᠭᠡ ᠰᠢᠲᠠᠷ᠎ᠠ︾ ᠶᠢᠨ ᠠᠵᠢᠯ ᠤᠨ ᠰᠡᠳᠬᠢᠮᠵᠢ ᠶᠣᠰᠣᠭᠠᠷ᠂ | ︽ᠭᠤᠷᠪᠠᠨ ᠵᠦᠢᠯ ᠤᠨ ᠨᠠᠷᠢᠨ ᠲᠠᠩᠰᠠ︾ ᠪᠠᠷ ᠭᠠᠷᠳᠠᠴᠠ ᠪᠣᠯᠭᠠᠵᠤ᠂ ᠬᠠᠷᠢᠶ᠎ᠠ ᠣᠷᠣᠨ ᠤ ᠳᠣᠲᠣᠷᠠᠬᠢ ᠡᠬᠢ | ᠪᠠᠶᠠᠯᠢᠭ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠬᠠᠷᠢᠶ᠎ᠠ ᠣᠷᠣᠨ ᠤ ᠡᠯ᠎ᠡ ᠬᠠᠮᠲᠤ ᠪᠠᠷ ᠪᠠᠶᠢᠭᠤᠯᠬᠤ ᠨᠢᠭᠡᠴᠡ ᠶᠢᠨ | ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠯᠴᠠᠭ᠎ᠠ ᠶᠢ ᠴᠢᠩᠭᠠᠳᠬᠠᠨ᠂ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ | ᠥᠷᠨᠢᠭᠦᠯᠵᠦ᠂ ︽ᠨᠠᠮ ᠤᠨ ᠬᠤᠷᠢᠶ᠎ᠠ ᠨᠢᠭᠡᠳᠦᠯᠲᠡᠶ ᠲᠥᠯᠥᠪᠯᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠦᠴᠢᠷ | ᠠᠰᠠᠭᠤᠳᠠᠯ ᠢ ᠬᠠᠮᠲᠤ ᠪᠠᠷ ᠰᠢᠢᠳᠪᠦᠷᠢᠯᠡᠬᠦ︾ ᠠᠵᠢᠯ ᠤᠨ ᠵᠠᠭᠪᠤᠷ ᠢ ᠪᠣᠶ ᠪᠣᠯᠭᠠᠪᠠ᠃ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠢᠶᠠᠷ ᠰᠠᠭᠤᠷᠢ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠵᠢᠵᠢᠭ | ᠲᠣᠭᠤᠷᠢᠭ ᠤᠨ ᠴᠢᠳᠠᠮᠵᠢ ᠶᠢ ᠳᠡᠭᠡᠭᠰᠢᠯᠡᠭᠦᠯᠵᠦ᠂ ᠨᠢᠭᠡ ᠬᠤᠷᠰᠢᠶ᠎ᠠ ᠨᠢᠭᠡ ᠣᠨᠴᠠᠯᠢᠭ ᠢ ᠪᠣᠶ ᠪᠣᠯᠭᠠᠵᠤ᠂ ︽ᠨᠡᠶᠢᠭᠡᠮ | ᠲᠣᠭᠤᠷᠢᠭ ᠤᠨ ᠨᠠᠷᠠᠲᠤ ᠲᠡᠮᠳᠡᠭᠵᠢᠭᠰᠡᠨ᠂ ᠵᠢᠵᠢᠭ ᠲᠣᠭᠤᠷᠢᠭ ᠢ ᠣᠨᠴᠠᠯᠢᠬᠵᠢᠭᠰᠠᠨ᠂ ᠦᠢᠯᠡᠴᠢᠯᠡᠭᠡ ᠶᠢ | ᠨᠠᠷᠢᠯᠢᠬᠵᠢᠭᠤᠯᠬᠤ︾ ᠶᠢ ᠪᠡᠶᠡᠯᠡᠭᠦᠯᠵᠦ᠂ ᠨᠡᠶᠢᠭᠡᠮ ᠲᠣᠭᠤᠷᠢᠭ ᠤᠨ ᠣᠷᠣᠯᠠᠨ ᠬᠠᠮᠢᠶᠠᠷᠴᠤ ᠠᠳᠠᠯ ᠠᠬᠤᠶ ᠶᠢᠨ | ᠲᠤᠰᠬᠠᠶᠢᠵᠢᠭᠰᠠᠨ ᠦᠢᠯᠡᠴᠢᠯᠡᠭᠡ ᠳᠠᠰᠢ ᠰᠢᠯᠵᠢᠬᠦ ᠶᠢ ᠲᠦᠷᠭᠡᠳᠬᠡᠨ ᠠᠬᠢᠭᠤᠯᠵᠤ᠂ ᠬᠠᠭᠤᠴᠢᠨ ᠵᠢᠵᠢᠭ | ᠲᠣᠭᠤᠷᠢᠭ ᠤᠨ ᠥᠭᠡᠷᠡᠴᠢᠯᠡᠯᠲᠡ ᠶᠢ ᠦᠨᠡᠨ ᠬᠦ ᠠᠷᠠᠳ ᠣᠯᠠᠨ ᠤ ᠰᠡᠳᠬᠢᠯ ᠳᠤ ᠬᠠᠳᠠᠩᠰᠢᠭᠤᠯᠤᠨ᠎ᠠ᠃ ᠨᠠᠮ ᠤᠨ | ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠢᠶᠠᠷ ᠲᠠᠪᠴᠠᠩ ᠪᠣᠯᠭᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠬᠠᠷᠢᠶ᠎ᠠ | ᠣᠷᠣᠨ ᠤ ᠡᠯ᠎ᠡ ᠲᠥᠷᠥᠯ ᠤᠨ ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠲᠠᠢ ᠬᠤᠯᠪᠣᠵᠤ᠂ ᠬᠢᠯᠠᠰ ᠴᠡᠭ | ᠲᠣᠪᠤᠶᠢᠮ᠎ᠠ ᠣᠷᠣᠨ ᠪᠦᠰᠡᠴᠢᠯᠡᠭᠰᠡᠨ ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠤᠨ ᠵᠢᠱᠢᠶ᠎ᠡ ᠦᠵᠡᠭᠦᠯᠬᠦ | ᠪᠦᠰᠡ ᠶᠢ ᠪᠣᠶ ᠪᠣᠯᠭᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠰᠣᠶᠣᠯ ᠬᠢᠭᠡᠳ ᠦᠨᠳᠦᠰᠦᠲᠡᠨ ᠤ | ᠰᠣᠶᠣᠯ ᠢ ᠠᠭᠤᠰᠤᠯᠴᠠᠭᠤᠯᠬᠤ᠂ ᠨᠢᠭᠡ ᠴᠣᠭᠴᠠᠵᠢᠭᠤᠯᠤᠨ ᠲᠥᠯᠥᠪᠵᠢᠭᠦᠯᠬᠦ᠂ ᠨᠢᠭᠡ ᠴᠣᠭᠴᠠᠵᠢᠭᠤᠯᠤᠨ | ᠠᠬᠢᠭᠤᠯᠬᠤ ᠶᠢ ᠪᠠᠷᠢᠮᠲᠠᠯᠠᠨ᠎ᠠ᠃ ᠠᠷᠠᠳ ᠲᠦᠮᠡᠨ ᠳᠤ ᠦᠢᠯᠡᠴᠢᠯᠡᠬᠦ ᠪᠠᠷ ᠭᠤᠣᠯᠳᠠᠯᠭ᠎ᠠ ᠪᠣᠯᠭᠠᠵᠤ᠂ ᠤᠮᠠᠷᠠᠲᠤ | ᠬᠢᠯᠢ ᠶᠢᠨ ᠬᠤᠪᠢᠰᠬᠠᠯ ᠤᠨ ᠲᠣᠣᠷᠵᠢᠯ ᠤᠨ ᠵᠠᠰᠠᠯᠲᠠ ᠶᠢᠨ ᠠᠵᠢᠯ ᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠠᠷᠠᠳ ᠢᠶᠠᠷ ᠢᠶᠠᠨ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠬᠤ ᠠᠵᠢᠯ ᠤᠨ | ᠪᠠᠶᠢᠷᠢᠰᠢᠯ ᠢ ᠪᠤᠢ ᠪᠣᠯᠭᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠵᠣᠬᠢᠴᠠᠯᠳᠤᠨ ᠬᠥᠳᠡᠯᠦᠯᠴᠡᠬᠦ ᠪᠠᠨ | ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠬᠥᠭᠵᠢᠯᠲᠡ ᠳᠤ ᠠᠰᠢᠭᠲᠠᠢ | ᠨᠡᠩ ᠤᠯᠠᠨ ᠳᠡᠮᠵᠢᠯᠭᠡ ᠶᠢ ᠤᠯᠤᠨ᠎ᠠ᠃ | | | | | | |