ᠴᠢᠩᠱᠠᠨ ᠵᠠᠰᠠᠭ ᠲᠠᠷᠬᠠᠭᠠᠭᠰᠠᠨ ︹2024︺ 31 ᠳ᠋ᠤᠭᠡᠷ ᠲᠣᠭᠠᠲᠤ | ᠴᠢᠩᠱᠠᠨ ᠲᠣᠭᠤᠷᠢᠭ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ | ᠮᠡᠳᠡᠭᠳᠡᠯ | ᠡᠯ᠎ᠡ ᠬᠤᠯᠪᠣᠭᠳᠠᠯ ᠪᠦᠬᠦᠢ ᠨᠢᠭᠡᠴᠢ᠄ | ᠲᠤᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠴᠢᠩᠱᠠᠨ ᠲᠣᠭᠤᠷᠢᠭ ᠤᠨ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠬᠤ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | 2024 ᠣᠨ ᠤ 9 ᠰᠠᠷ᠎ᠠ ᠶᠢᠨ 12 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠴᠢᠩᠱᠠᠨ ᠲᠣᠭᠤᠷᠢᠭ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠵᠢᠭᠦᠯᠬᠦ ᠲᠥᠰᠦᠯ | ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ︽ᠬᠤᠶᠠᠳᠤᠭᠠᠷ ᠪᠦᠯᠦᠭ ᠤᠨ ᠬᠤᠲᠠ ᠰᠢᠶᠠᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ | ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠲᠤᠷᠰᠢᠯᠲᠠ ᠶᠢᠨ ᠨᠢᠭᠡᠴᠢ ᠶᠢ ᠲᠣᠭᠲᠠᠭᠠᠬᠤ ᠲᠤᠬᠠᠶ ᠮᠡᠳᠡᠭᠳᠡᠯ︾ ︵ᠥᠪᠥᠷ | ᠡᠮ ᠤᠨ ᠬᠢᠨᠠᠯᠲᠠ ᠬᠠᠮᠢᠶᠠᠷᠤᠯᠲᠠ ᠵᠠᠬᠢᠳᠠᠯ ﹇2024﹈ 186 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ | ᠮᠠᠨ ᠤ ᠲᠤᠭᠤᠷᠢᠭ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠪᠠ ᠪᠠᠷᠢᠮᠵᠢᠶᠠᠵᠢᠭᠤᠯᠬᠤ | ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠪᠥᠬᠦ ᠲᠤᠭᠤᠷᠢᠭ ᠤᠨ ᠠᠷᠠᠳ ᠣᠯᠠᠨ ᠤ ᠡᠮ | ᠬᠡᠷᠡᠭᠯᠡᠬᠦ ᠠᠮᠤᠷ ᠲᠦᠪᠰᠢᠨ ᠢ ᠪᠠᠲᠤᠯᠠᠨ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠶᠢᠨ ᠲᠤᠰᠠᠳᠠ᠂ ᠡᠳᠦᠭᠡ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ | ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠥᠪᠡᠷᠲᠡᠭᠡᠨ ᠵᠠᠰᠠᠬᠤ ᠣᠷᠣᠨ᠂ ᠪᠤᠭᠤᠲᠤ | ᠬᠤᠳᠠ ᠶᠢᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ | ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠵᠠᠷᠴᠢᠮ ᠢ ᠪᠠᠷᠢᠮᠲᠠᠯᠠᠵᠤ᠂ ᠲᠦᠷᠢᠮ ᠲᠣᠭᠲᠠᠴᠠ ᠶᠢ | ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠡᠩᠨᠡᠭᠡᠨ ᠤ ᠬᠡᠪ ᠴᠢᠨᠠᠷ ᠢ | ᠴᠢᠩᠭᠠᠳᠬᠠᠵᠤ᠂ ᠰᠢᠨᠵᠢᠯᠡᠬᠦ ᠤᠬᠠᠭᠠᠨᠴᠢ᠂ ᠥᠨᠳᠥᠷ ᠪᠦᠲᠦᠮᠵᠢᠲᠡᠢ᠂ ᠡᠷᠬᠡ ᠰᠦᠷᠲᠦ ᠡᠮ ᠤᠨ ᠵᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠮ ᠤᠨ ᠵᠦᠢᠯᠡᠰ ᠤᠨ ᠠᠮᠤᠷ ᠲᠦᠪᠰᠢᠨ ᠤ | ᠬᠤᠷᠢᠭ᠎ᠠ ᠱᠤᠭᠤᠮ ᠢ ᠪᠠᠬᠢᠵᠢᠭᠦᠯᠵᠦ᠂ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠪᠣᠯᠤᠨ | ᠬᠢᠨᠠᠯᠲᠠ ᠬᠠᠮᠢᠶᠠᠷᠤᠯᠲᠠ ᠶᠢᠨ ᠠᠵᠢᠯ ᠤᠨ ᠰᠢᠨᠵᠢᠯᠡᠬᠦ ᠤᠬᠠᠭᠠᠨᠴᠢᠯᠠᠭᠰᠠᠨ᠂ ᠬᠠᠤᠯᠢᠵᠢᠯ ᠤᠨ ᠲᠦᠪᠰᠢᠨ ᠢ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠡᠮ ᠤᠨ ᠵᠦᠢᠯᠡᠰ ᠤᠨ ᠮᠡᠳᠡᠭᠡ ᠵᠠᠩᠬᠢᠴᠢᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ | ᠴᠢᠳᠠᠪᠤᠷᠢ ᠶᠢᠨ ᠲᠦᠪᠰᠢᠨ ᠢ ᠪᠦᠬᠦ ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ ᠪᠠᠲᠤᠯᠠᠵᠤ᠂ ᠴᠢᠩᠭ᠎ᠠ ᠬᠦᠴᠦᠲᠡᠢ | ᠬᠢᠨᠠᠯᠲᠠ ᠬᠠᠮᠢᠶᠠᠷᠤᠯᠲᠠ ᠪᠠᠷ ᠡᠮ ᠤᠨ ᠵᠦᠢᠯᠡᠰ ᠤᠨ ᠶᠠᠰᠤ ᠴᠢᠨᠠᠷ ᠢ ᠪᠦᠬᠦ ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ | ᠪᠠᠲᠤᠯᠠᠵᠤ᠂ ᠠᠷᠠᠳ ᠤᠯᠠᠨ ᠤ ᠡᠮ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠪᠠᠶᠢᠴᠠᠭᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠮᠠᠨ ᠤ ᠲᠤᠭᠤᠷᠢᠭ ᠤᠨ | ᠲᠣᠰᠬᠠᠶᠢᠵᠢᠠᠠᠰᠠᠨ ᠡᠮ ᠤᠨ ᠵᠦᠢᠯ ᠤᠨ ᠪᠠᠶᠢᠴᠠᠭᠠᠬᠴᠢ ᠶᠢᠨ ᠡᠩᠨᠡᠭᠡ ᠶᠢᠨ ᠪᠠᠶᠢᠭᠤᠯᠥᠯᠳᠡ ᠶᠢ ᠳᠦᠷᠭᠡᠳᠭᠡᠨ | ᠠᠬᠢᠭᠤᠯᠵᠦ᠂ ᠡᠮ ᠤᠨ ᠵᠦᠢᠯ ᠤᠨ ᠪᠠᠶᠢᠴᠠᠭᠠᠯᠳᠡ ᠬᠢᠵᠦ ᠬᠠᠮᠳᠣᠪᠡᠷ ᠬᠦᠷᠲᠡᠬᠦ ᠪᠠ ᠨᠢᠭᠡᠳᠦᠯᠳᠡᠢ ᠲᠣᠬᠢᠷᠡᠭᠤᠯᠥᠨ | ᠲᠣᠮᠢᠯᠬᠠᠥ ᠲᠣᠠᠠᠳᠡᠴᠠ ᠶᠢ ᠪᠠᠶᠢᠭᠤᠯᠥᠨ ᠳᠡᠬᠦᠯᠳᠡᠷᠵᠢᠬᠦᠯᠥᠨ᠎ᠠ᠃ 2024 ᠣᠨ ᠤ ᠡᠴᠦᠰ ᠠᠴᠠ ᠡᠮᠦᠨ᠎ᠡ᠂ 30 | ᠬᠥᠮᠥᠨ ᠣᠷᠴᠢᠮ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ | ᠨᠥᠬᠦᠴᠡᠯ ᠳᠤ ᠨᠡᠶᠢᠴᠡᠬᠦ ᠲᠤᠰᠬᠠᠢ ᠪᠠ ᠲᠤᠰᠢᠶᠠᠯ ᠬᠠᠪᠰᠤᠷᠭᠠᠭᠰᠠᠨ ᠪᠠᠶᠢᠴᠠᠭᠠᠭᠴᠢ ᠶᠢ ᠰᠣᠩᠭᠤᠵᠤ᠂ ᠡᠮ ᠤᠨ | ᠵᠦᠢᠯ ᠢ ᠪᠠᠶᠢᠴᠠᠭᠠᠬᠤ ᠡᠩᠨᠡᠭᠡᠨ ᠳᠤ ᠣᠷᠣᠭᠤᠯᠤᠨ ᠨᠢᠭᠡᠳᠦᠯᠲᠡᠢ ᠲᠥᠯᠥᠪᠯᠡᠨ ᠲᠣᠬᠢᠷᠠᠭᠤᠯᠤᠨ ᠬᠡᠷᠡᠭᠯᠡᠵᠦ᠂ ᠡᠮ ᠤᠨ | ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ | ᠬᠡᠷᠡᠭᠴᠡᠭᠡ ᠶᠢ ᠬᠠᠩᠭᠠᠨ᠎ᠠ᠃ ᠲᠣᠠᠠᠳᠠᠮᠠᠯ ᠬᠤᠭᠤᠴᠠᠭ᠎ᠠ ᠲᠠᠢ ᠪᠠᠷ ᠲᠣᠬᠠᠶᠢᠯᠬᠠᠰᠠᠨ ᠠᠵᠢᠯ ᠤᠨ ᠪᠤᠯᠪᠠᠰᠣᠷᠡᠭᠤᠯᠥᠯ᠂ | ᠰᠣᠯᠪᠢᠴᠠᠨ ᠪᠠᠶᠢᠴᠠᠭᠠᠬᠤ᠂ ᠰᠣᠯᠢᠯᠴᠠᠨ ᠶᠠᠷᠢᠯᠴᠠᠬᠤ᠂ ᠳᠥᠭᠰᠢᠬᠦᠷᠢ ᠶᠢᠨ ᠵᠦᠪᠳᠡᠯᠴᠡᠬᠦ ᠶᠢ ᠦᠷᠨᠢᠬᠦᠯᠵᠦ᠂ ᠬᠢᠨᠡᠨ | ᠬᠠᠮᠢᠶᠡᠷᠬᠤ ᠴᠢᠳᠡᠪᠦᠷᠢ ᠪᠠ ᠲᠣᠰᠬᠠᠢ ᠮᠡᠷᠭᠡᠵᠢᠯ ᠤᠨ ᠬᠡᠪ ᠪᠤᠯᠪᠠᠰᠣᠷᠡᠯ ᠢ ᠳᠡᠭᠡᠭᠰᠢᠯᠡᠬᠦᠯᠥᠨ᠎ᠠ᠃ ᠪᠣᠳᠠᠲᠤ ᠪᠠᠶᠢᠳᠠᠯ ᠢ | ᠦᠨᠳᠦᠰᠦᠯᠡᠨ ᠲᠣᠬᠢᠷᠠᠭᠤᠯᠬᠤ ᠪᠠ ᠣᠷᠣᠨ ᠲᠤᠭ᠎ᠠ ᠶᠢ ᠬᠡᠷᠡᠭᠯᠡᠵᠦ᠂ ᠢᠯᠡ ᠪᠠᠷ ᠤᠷᠢᠬᠤ ᠪᠠ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠶᠠᠪᠤᠴᠠ ᠳᠤ᠂ ᠡᠮ ᠤᠨ ᠤᠬᠠᠭᠠᠨ ᠤ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ | ᠠᠵᠢᠯᠲᠠᠨ ᠢ ᠵᠣᠬᠢᠰᠲᠠᠶ ᠲᠡᠭᠦᠯᠳᠡᠷᠵᠢᠭᠦᠯᠵᠦ᠂ ᠬᠥᠮᠦᠨ ᠪᠠ ᠠᠵᠢᠯ ᠤᠨ ᠪᠠᠶᠢᠷᠢ ᠶᠢ ᠬᠠᠷᠢᠯᠴᠠᠨ ᠵᠣᠬᠢᠴᠠᠭᠤᠯᠵᠤ᠂ | ᠬᠥᠮᠦᠨ ᠤ ᠴᠢᠳᠠᠪᠤᠷᠢ ᠶᠢ ᠭᠦᠢᠴᠡᠳ ᠪᠠᠳᠠᠷᠠᠭᠤᠯᠤᠨ᠎ᠠ᠃ ᠬᠥᠮᠦᠵᠢᠯ ᠪᠣᠯᠪᠠᠰᠤᠷᠠᠭᠤᠯᠤᠯ ᠤᠨ ᠠᠷᠭ᠎ᠠ ᠵᠠᠮ ᠢ | ᠥᠷᠭᠡᠳᠬᠡᠵᠦ᠂ ︽ᠰᠦᠯᠵᠢᠶ᠎ᠡ + ᠪᠣᠳᠠᠲᠠᠶ ᠪᠣᠯᠪᠠᠰᠤᠷᠠᠭᠤᠯᠤᠯ + ᠭᠠᠳᠠᠭᠰᠢ ᠲᠣᠮᠢᠯᠠᠬᠤ︾ ᠵᠡᠷᠭᠡ ᠣᠯᠠᠨ ᠵᠦᠢᠯ ᠤᠨ | ᠠᠷᠭ᠎ᠠ ᠮᠠᠶ᠋ᠢᠭ ᠢᠶᠠᠷ ᠳᠠᠮᠵᠢᠭᠤᠯᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠷᠠᠭᠤᠯᠵᠤ᠂ ᠴᠢᠩᠱᠠᠨ ᠲᠣᠭᠤᠷᠢᠭ ᠤᠨ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠡᠩᠨᠡᠭᠡ ᠶᠢᠨ ᠶᠡᠷᠦᠩᠬᠡᠶᠢᠯᠡᠭᠰᠡᠨ ᠬᠡᠪ ᠴᠢᠨᠠᠷ ᠪᠠ | ᠲᠤᠰᠬᠠᠶᠢᠵᠢᠭᠰᠠᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠢ᠄ | ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ | ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠲᠣᠭᠤᠷᠢᠭ ᠤᠨ ᠨᠠᠮ ᠤᠨ ᠬᠤᠷᠢᠶ᠎ᠠ ᠶᠢᠨ | ᠣᠷᠣᠨ ᠲᠤᠭ᠎ᠠ ᠶᠢᠨ ᠠᠯᠪᠠᠨ ᠬᠡᠷ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︶ | ︵ᠬᠤᠶᠠᠷ︶ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠎ᠠ᠃ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ᠂ ᠬᠠᠤᠯᠢ | ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠬᠠᠤᠯᠢ ᠳᠦᠷᠢᠮ ᠢ ᠬᠢᠨᠠᠨ ᠬᠠᠷᠭᠤᠭᠤᠯᠬᠤ ︽ᠭᠤᠷᠪᠠᠨ ᠵᠦᠢᠯ ᠤᠨ | ᠳᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ | ᠬᠡᠷᠡᠭᠯᠡᠬᠦ ᠲᠣᠭᠲᠠᠭᠠᠯ ᠢ ᠣᠨᠣᠪᠴᠢᠲᠠᠶ ᠡᠵᠡᠮᠳᠡᠬᠦ ᠪᠠ ᠬᠡᠷᠡᠭᠵᠢᠭᠦᠯᠵᠦ᠂ ᠬᠠᠤᠯᠢ ᠪᠠᠷ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠭᠡᠬᠦ ᠶᠢ ᠦᠨᠡᠨᠬᠦ ᠪᠠᠲᠤᠯᠠᠨ᠎ᠠ᠃ ᠱᠠᠭᠠᠷᠳᠠᠯᠭ᠎ᠠ ᠶᠣᠰᠣᠭᠠᠷ | ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ᠂ ᠢᠯᠡ ᠨᠡᠶᠢᠲᠡᠯᠡᠬᠦ ᠪᠠ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ | ᠣᠯᠠᠨ ᠨᠡᠶᠢᠲᠡ ᠶᠢᠨ ᠦᠶ᠋ᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠨᠠᠶᠢᠳᠠᠪᠤᠷᠢᠵᠢᠭᠤᠯᠵᠤ᠂ ᠬᠠᠤᠯᠢ | ᠬᠡᠷᠡᠭᠵᠢᠭᠦᠯᠦᠯᠲᠡ ᠶᠢ ᠢᠯᠡ ᠨᠡᠶᠢᠲᠡᠯᠡᠬᠦ᠂ ᠭᠤᠤᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ ᠮᠡᠳᠡᠭᠡ | ᠵᠠᠩᠭᠢ ᠶᠢ ᠢᠯᠡ ᠪᠣᠯᠭᠠᠬᠤ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠡ ᠵᠠᠩᠭᠢ ᠶᠢ ᠢᠯᠡ ᠪᠣᠯᠭᠠᠬᠤ | ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠡᠷᠡᠭᠵᠢᠭᠦᠯᠬᠦ᠂ | ᠬᠠᠮᠢᠶᠠᠷᠬᠤ᠂ ᠦᠢᠯᠡᠴᠢᠯᠡᠬᠦ᠂ ᠦᠷ᠎ᠡ ᠳ᠋ᠦᠩ ᠤᠨ ᠪᠥᠬᠦ ᠴᠤᠪᠤᠷᠠᠯ ᠢ ᠢᠯᠡ ᠪᠣᠯᠭᠠᠬᠤ ᠶᠢ ᠠᠬᠢᠭᠤᠯᠵᠤ᠂ ᠬᠢᠨᠠᠯᠲᠠ | ᠬᠠᠮᠢᠶᠠᠷᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠲᠤᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠭᠤᠷᠪᠠ︶ ᠪᠠᠶᠢᠴᠠᠭᠠᠵᠦ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠮ ᠤᠨ | ᠵᠦᠢᠯ ᠤᠨ ᠮᠥᠷᠳᠡᠨ ᠪᠠᠶᠢᠴᠠᠭᠠᠵᠤ ᠬᠡᠷᠡᠭ ᠰᠢᠢᠳᠪᠦᠷᠢᠯᠡᠬᠦ ᠶᠢᠨ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ | ᠲᠠᠰᠤᠷᠠᠯᠲᠠ ᠤᠢᠭᠡᠢ ᠳᠡᠭᠡᠭᠰᠢᠯᠡᠭᠦᠯᠦᠨ᠂ ᠡᠮ ᠤᠨ ᠵᠦᠢᠯ ᠤᠨ ᠮᠥᠷᠳᠡᠨ ᠪᠠᠶᠢᠴᠠᠭᠠᠬᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠡᠷᠡᠭ ᠪᠠᠶᠢᠴᠠᠭᠠᠨ ᠰᠢᠢᠳᠪᠦᠷᠢᠯᠡᠬᠦ ︽ᠤᠯᠠᠮᠵᠢᠯᠠᠬᠤ ᠬᠠᠪᠰᠤᠷᠬᠤ ᠳᠠᠭᠠᠭᠤᠯᠬᠤ︾ | ᠠᠵᠢᠯ ᠥᠷᠨᠢᠭᠦᠯᠦᠨ᠂ ᠮᠥᠷᠳᠡᠨ ᠪᠠᠶᠢᠴᠠᠭᠠᠵᠤ ᠬᠡᠷᠡᠭ ᠰᠢᠢᠳᠪᠦᠷᠢᠯᠡᠬᠦ ᠲᠤᠬᠠᠶᠢᠯᠠᠭᠰᠠᠨ ᠠᠵᠢᠯ ᠤᠨ ᠭᠤᠤᠯᠯᠠᠭᠴᠢ | ᠬᠦᠴᠦᠨ ᠢ ᠬᠥᠮᠦᠵᠢᠭᠦᠯᠵᠦ᠂ ᠬᠠᠮᠢᠶ᠎ᠠ ᠪᠦᠬᠦᠢ ᠲᠤᠰᠬᠠᠶ ᠠᠵᠢᠯ ᠤᠨ ᠬᠦᠷᠢᠶᠡᠨ ᠤ ᠬᠢᠨᠠᠨ ᠬᠠᠮᠢᠶᠠᠷᠴᠤ ᠬᠠᠤᠯᠢ | ᠬᠡᠷᠡᠭᠵᠢᠭᠦᠯᠬᠦ ᠠᠵᠢᠯᠲᠠᠨ ᠤ ᠬᠠᠮᠵᠢᠯᠴᠠᠨ ᠣᠷᠣᠯᠴᠠᠬᠤ ᠶᠢ ᠴᠢᠩᠭᠠᠷᠠᠭᠤᠯᠤᠨ᠎ᠠ᠃ ᠡᠮ ᠤᠨ ᠵᠦᠢᠯᠡᠰ ᠤᠨ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠬᠠᠤᠯᠢ ᠶᠣᠰᠣᠭᠠᠷ ᠴᠡᠭᠴᠡᠯᠡᠨ ᠵᠢᠷᠤᠮᠵᠢᠭᠤᠯᠵᠤ᠂ ᠬᠠᠤᠯᠢ ᠠᠴᠠ ᠵᠥᠷᠢᠴᠡᠭᠰᠡᠨ | ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ︽ᠰᠢᠢᠳᠭᠡᠨ ᠲᠣᠷᠭᠠᠬᠤ ᠶᠢ ᠬᠥᠮᠦᠨ ᠳᠤ | ᠬᠦᠷᠦᠭᠦᠯᠬᠦ︾ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠪᠤᠰᠤ ᠪᠠᠷ | ᠦᠢᠯᠡᠳᠪᠦᠷᠢᠯᠡᠵᠦ ᠡᠵᠡᠩᠨᠡᠬᠦ᠂ ᠬᠤᠳᠠᠯ ᠬᠠᠭᠤᠷᠮᠠᠭ ᠴᠢᠨᠠᠷ ᠮᠠᠭᠤ ᠦᠢᠯᠡᠳᠴᠦ ᠪᠣᠷᠣᠯᠠᠭᠤᠯᠬᠤ ᠵᠡᠷᠭᠡ ᠡᠮ ᠤᠨ | ᠵᠦᠢᠯᠡᠰ ᠲᠤ ᠬᠤᠯᠪᠣᠭᠳᠠᠭᠰᠠᠨ᠂ ᠸᠠᠺᠼᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ | ᠰᠢᠢᠳᠭᠡᠨ᠎ᠡ᠃ ᠡᠮ ᠤᠨ ᠵᠦᠢᠯᠡᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠡᠷᠡᠭᠦᠦ ᠶᠢᠨ ᠬᠡᠷᠡᠭ ᠤᠨ | ᠬᠠᠤᠯᠢ ᠴᠠᠭᠠᠵᠠ ᠯᠤᠭ᠎ᠠ ᠵᠣᠯᠭᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮ ᠤᠨ ᠵᠦᠢᠯᠡᠰ ᠤᠨ ᠶᠠᠯ᠎ᠠ | ᠬᠢᠭᠰᠡᠨ ᠰᠡᠵᠢᠭᠯᠡᠯᠲᠡᠢ ᠬᠡᠷᠡᠭ ᠢ ᠴᠠᠭ ᠲᠤᠬᠠᠢ ᠳᠤᠨᠢ ᠰᠢᠯᠵᠢᠭᠦᠯᠦᠨ ᠬᠦᠷᠭᠡᠵᠦ᠂ ᠬᠠᠤᠯᠢ ᠴᠠᠭᠠᠵᠠ ᠶᠢᠨ | ᠪᠠᠶᠢᠭᠤᠯᠭ᠎ᠠ ᠲᠠᠢ ᠢᠳᠡᠪᠬᠢᠲᠡᠢ ᠬᠠᠮᠵᠢᠯᠴᠠᠨ ᠨᠡᠶᠢᠲᠡ ᠶᠢᠨ ᠠᠰᠠᠷᠠᠮᠵᠢ ᠶᠢᠨ ᠵᠠᠷᠭᠤ᠂ ᠠᠯᠪᠠᠳᠠᠯᠭ᠎ᠠ ᠪᠠᠷ ᠬᠡᠷᠡᠭᠵᠢᠭᠦᠯᠬᠦ | ᠵᠡᠷᠭᠡ ᠠᠵᠢᠯ ᠢ ᠰᠠᠶᠢᠲᠤᠷ ᠬᠢᠨ᠎ᠡ᠃ ᠬᠦᠨᠳᠦ ᠶᠡᠭᠡ ᠬᠡᠷᠡᠭ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠵᠠᠷᠯᠠᠨ | ᠮᠡᠳᠡᠭᠳᠡᠵᠦ᠂ ᠬᠠᠮᠲᠤᠷᠠᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶᠢ ᠪᠠᠶᠢᠩᠭᠤᠵᠢᠭᠤᠯᠬᠤ ᠶᠢ ᠲᠦᠯᠬᠢᠨ | ᠠᠬᠢᠭᠤᠯᠤᠨ᠎ᠠ᠃ ︵ᠲᠦᠷᠦᠭᠦᠯᠡᠬᠦ ᠨᠢᠭᠡᠴᠢ᠄ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠰᠢᠭᠦᠬᠦ ᠬᠤᠷᠢᠶ᠎ᠠ᠂ ᠲᠣᠭᠤᠷᠢᠭ ᠤᠨ ᠪᠠᠶᠢᠴᠠᠭᠠᠬᠤ ᠬᠤᠷᠢᠶ᠎ᠠ᠂ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ︶ | ︵ᠲᠦᠷᠪᠡ︶ ᠡᠮ ᠤᠨ ᠵᠦᠢᠯ ᠤᠨ ᠰᠡᠷᠡᠮᠵᠢᠯᠡᠬᠦ ᠳᠦᠷᠢᠮ ᠢ ᠨᠠᠶᠢᠲᠠᠪᠦᠷᠢᠵᠢᠭᠤᠯᠤᠨ᠎ᠠ᠃ ᠡᠮ ᠤᠨ ᠵᠦᠢᠯ ᠤᠨ | ᠡᠷᠡᠭᠦᠯ ᠪᠤᠰᠤ ᠲᠤᠰᠬᠠᠯ ᠢᠶᠠᠷ ᠬᠢᠨᠠᠨ ᠬᠡᠮᠵᠢᠵᠦ ᠦᠨᠡᠯᠡᠬᠦ ᠪᠠᠶᠢᠭᠤᠯᠤᠮᠵᠢ᠂ ᠡᠵᠡᠮᠰᠢᠭᠴᠢ ᠪᠠ ᠡᠮᠴᠢᠯᠡᠭᠡᠨ ᠤ | ᠪᠠᠶᠢᠭᠤᠯᠤᠮᠵᠢ ᠶᠢᠨ ᠬᠠᠮᠢᠶ᠎ᠠ ᠪᠦᠬᠦᠢ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ︽ᠨᠢᠭᠡ ᠴᠣᠭᠴᠠ | ᠬᠤᠶᠠᠷ ᠵᠢᠭᠦᠷ︾ ᠤᠨ ᠡᠮ ᠤᠨ ᠰᠡᠷᠭᠡᠶᠢᠯᠡᠯᠲᠡ ᠶᠢᠨ ᠠᠵᠢᠯ ᠤᠨ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ ᠡᠮ ᠤᠨ | ᠵᠦᠢᠯ ᠤᠨ ᠡᠷᠡᠭᠦᠯ ᠪᠤᠰᠤ ᠲᠤᠰᠬᠠᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠬᠡᠷᠡᠭ ᠢ ᠬᠢᠨᠠᠨ ᠰᠢᠨᠵᠢᠬᠦ | ᠬᠠᠷᠠᠭᠤᠯ ᠤᠨ ᠴᠡᠭ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠵᠤ᠂ ᠬᠤᠶᠠᠳᠤᠭᠠᠷ ᠳᠡᠰ ᠤᠨ | ᠡᠮᠴᠢᠯᠡᠭᠡᠨ ᠤ ᠪᠠᠶᠢᠭᠤᠯᠤᠮᠵᠢ ᠳᠤ ᠮᠡᠳᠡᠭᠦᠯᠵᠦ ᠬᠢᠨᠠᠨ ᠰᠢᠨᠵᠢᠬᠦ ᠪᠠᠷ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ | ᠮᠡᠳᠡᠭᠡ ᠵᠠᠩᠭᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠯᠤᠭ᠎ᠠ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠶᠢᠨ | ᠬᠡᠪ ᠤᠨ ᠪᠤᠰᠤ ᠤᠷᠪᠠᠯ ᠢ ᠬᠢᠨᠠᠨ ᠬᠡᠮᠵᠢᠬᠦ ᠰᠢᠰᠲ᠋ᠧᠮ ᠤᠨ ᠲᠤᠭ᠎ᠠ ᠪᠠᠷᠢᠮᠲᠠ ᠶᠢ ᠬᠤᠯᠪᠣᠭᠠᠯᠠᠨ ᠬᠡᠷᠡᠭᠯᠡᠬᠦ ᠶᠢ | ᠬᠠᠮᠵᠢᠯᠴᠠᠨ ᠠᠬᠢᠭᠤᠯᠤᠨ᠎ᠠ᠃ ᠡᠮ ᠤᠨ ᠵᠦᠢᠯ᠂ ᠵᠠᠰᠠᠯ ᠴᠢᠮᠡᠭ ᠤᠨ ᠡᠳ ᠤᠨ ᠡᠷᠡᠭᠦᠯ ᠪᠤᠰᠤ ᠲᠤᠰᠬᠠᠯ ᠪᠣᠯᠤᠨ | ᠡᠮᠴᠢᠯᠡᠭᠡᠨ ᠤ ᠮᠠᠰᠢᠨ ᠪᠠᠭᠠᠵᠢ ᠶᠢᠨ ᠮᠠᠭᠤ ᠬᠡᠷᠡᠭ ᠢ ᠬᠢᠨᠠᠨ ᠬᠡᠮᠵᠢᠬᠦ ᠡᠭᠦᠷᠭᠡ ᠶᠢ ᠱᠠᠭᠠᠷᠳᠠᠯᠭ᠎ᠠ ᠶᠣᠰᠣᠭᠠᠷ | ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠢ᠄ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ︵ᠲᠠᠪᠤ︶ ᠣᠶᠤᠨᠴᠢ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ᠥᠪᠡᠷᠲᠡᠭᠡᠨ ᠵᠠᠰᠠᠬᠤ | ᠣᠷᠣᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠠᠪᠴᠠᠩ᠂ ᠴᠢᠩ ᠠᠨ ᠠᠵᠤ ᠠᠬᠤᠶᠢᠯᠠᠯ ᠤᠨ | ᠢᠲᠡᠭᠡᠮᠵᠢ ᠶᠢᠨ APP ᠶᠢᠨ ᠬᠡᠷᠡᠭᠯᠡᠯᠲᠡ ᠶᠢ ᠲᠦᠷᠭᠡᠳᠬᠡᠨ ᠠᠬᠢᠭᠤᠯᠵᠤ᠂ 2024 ᠣᠨ ᠤ ᠡᠴᠦᠰ ᠪᠣᠯᠬᠤ ᠳᠤ᠂ | ᠪᠥᠬᠦ ᠲᠤᠭᠤᠷᠢᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠴᠠᠭ ᠲᠤᠬᠠᠶ ᠳᠤ ᠨᠢ ᠴᠢᠩ ᠠᠨ ᠠᠵᠤ | ᠠᠬᠤᠶᠢᠯᠠᠯ ᠤᠨ ᠢᠲᠡᠭᠡᠮᠵᠢ ᠶᠢᠨ APP ᠳᠤ ᠣᠷᠣᠵᠤ ᠰᠠᠭᠤᠬᠤ ᠶᠢ ᠵᠣᠷᠢᠭᠵᠢᠭᠤᠯᠤᠨ ᠠᠬᠢᠭᠤᠯᠵᠤ᠂ ᠠᠵᠤ | ᠠᠬᠤᠶᠢᠯᠠᠯ ᠤᠨ ᠥᠪᠡᠷ ᠢ ᠪᠠᠨ ᠪᠠᠶᠢᠴᠠᠭᠠᠬᠤ ᠨᠣᠷᠮ᠎ᠠ ᠪᠠ ᠬᠢᠨᠠᠯᠲᠠ ᠲᠠᠯᠪᠢᠵᠤ ᠪᠠᠶᠢᠴᠠᠭᠠᠬᠤ ᠨᠣᠷᠮ᠎ᠠ ᠶᠢ | ᠳᠡᠭᠡᠭᠰᠢᠯᠡᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ ᠶᠢᠨ ᠵᠣᠷ ᠤᠨ ᠮᠡᠳᠡᠭᠡ ᠵᠠᠩᠭᠢ ᠬᠢᠭᠡᠳ ᠵᠢᠵᠢᠭᠯᠡᠨ ᠬᠤᠳᠠᠯᠳᠤᠬᠤ | ᠡᠮ ᠤᠨ ᠳᠡᠯᠭᠡᠭᠦᠷ ᠤᠨ ᠬᠡᠷᠡᠭᠯᠡᠭᠡᠨ ᠤ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ | ᠴᠠᠭ ᠲᠤᠬᠠᠶ ᠳᠤᠨᠢ ᠬᠠᠮᠲᠤ ᠳᠠᠭᠠᠨ ᠡᠳ᠋ᠯᠡᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠵᠢᠵᠢᠭᠯᠡᠨ | ᠬᠤᠳᠠᠯᠳᠤᠬᠤ ᠡᠮ ᠤᠨ ᠳᠡᠯᠭᠡᠭᠦᠷ ᠤᠨ ᠵᠣᠷ ᠤᠨ ᠡᠮ ᠤᠨ ᠵᠣᠷ ᠢᠶᠠᠷ ᠪᠣᠷᠣᠯᠠᠭᠤᠯᠤᠨ ᠬᠤᠳᠠᠯᠳᠤᠬᠤ ᠳᠤ ᠬᠦᠴᠢᠷᠲᠡᠶ | ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ︵ᠲᠦᠷᠦᠭᠦᠯᠡᠬᠦ ᠨᠢᠭᠡᠴᠢ᠄ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ︶ | ︵ᠵᠢᠷᠭᠤᠭ᠎ᠠ︶ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠤᠨ᠎ᠠ᠃ ᠸᠠᠺᠼᠢᠨ᠂ | ᠬᠢᠲᠠᠳ ᠡᠮ ᠤᠨ ᠴᠢᠨᠠᠬᠤ ᠡᠮ᠂ ᠤᠨᠴᠠᠭᠠᠢ ᠡᠮ ᠤᠨ ᠵᠦᠢᠯ᠂ ᠪᠠᠺᠲ᠋ᠧᠷᠢ ᠦᠭᠡᠢ ᠪᠠ ᠤᠷᠭᠤᠭᠤᠯᠬᠤ ᠴᠢᠨᠠᠷᠲᠠᠢ | ᠡᠮᠴᠢᠯᠡᠭᠡ ᠶᠢᠨ ᠪᠠᠭᠠᠵᠢ ᠬᠡᠷᠡᠭᠰᠡᠯ᠂ ᠬᠡᠦᠬᠡᠳ ᠵᠢᠴᠢ ᠣᠨᠴᠤᠭᠤᠢ ᠬᠡᠷᠡᠭᠴᠡᠭᠡᠲᠦ ᠵᠠᠰᠠᠯ ᠴᠢᠮᠡᠭᠯᠡᠯ ᠤᠨ ᠡᠳ᠋ ᠵᠡᠷᠭᠡ | ᠭᠤᠣᠯᠳᠠᠯᠭ᠎ᠠ ᠲᠠᠢ ᠲᠦᠷᠦᠯ ᠵᠦᠢᠯ ᠤᠨ ᠲᠣᠭᠤᠷᠢᠨ ᠳᠤ᠂ ᠱᠠᠭᠠᠷᠳᠠᠯᠭ᠎ᠠ ᠶᠣᠰᠤᠭᠠᠷ ᠴᠠᠭ ᠲᠤᠨᠢ ᠲᠣᠬᠢᠷᠠᠭᠤᠯᠤᠨ | ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠭᠦᠯᠦᠨ᠎ᠡ᠃ ᠡᠮ ᠤᠨ ᠵᠦᠢᠯ ᠤᠨ ᠠᠮᠤᠷ | ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠭᠦᠨᠵᠡᠭᠡᠶᠢᠷᠡᠭᠦᠯᠵᠦ᠂ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠰᠢᠢᠳᠭᠡᠨ᠎ᠡ᠃ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ | ᠲᠤᠬᠠᠶ ᠶᠢᠨ ᠲᠠᠯᠠᠪᠤᠷ ᠲᠤ ᠪᠠᠶᠢᠴᠠᠭᠠᠬᠤ᠂ ᠡᠷᠡᠭᠦᠯ ᠪᠤᠰᠤ ᠲᠤᠰᠬᠠᠯ ᠢ ᠬᠢᠨᠠᠨ ᠬᠡᠮᠵᠢᠬᠦ᠂ ᠵᠠᠭᠠᠯᠳᠤᠵᠤ ᠢᠯᠡᠴᠢᠯᠡᠨ | ᠮᠡᠳᠡᠭᠦᠯᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ᠂ ᠬᠠᠤᠯᠢ ᠬᠡᠷᠡᠭᠵᠢᠭᠦᠯᠵᠦ ᠮᠥᠷᠳᠡᠨ ᠪᠠᠶᠢᠴᠠᠭᠠᠬᠤ | ᠵᠡᠷᠭᠡ ᠲᠠᠯ᠎ᠠ ᠶᠢᠨ ᠲᠦᠭᠰᠢᠭᠦᠷᠢ ᠶᠢᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ᠂ ᠠᠮᠤᠷ ᠲᠦᠪᠰᠢᠨ ᠤ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠲᠦᠭᠰᠢᠭᠦᠷᠢ ᠶᠢ | ᠴᠠᠭ ᠲᠤᠬᠠᠶ ᠳᠤᠨᠢ ᠬᠢᠨᠠᠨ ᠬᠡᠮᠵᠢᠬᠦ᠂ ᠣᠨᠣᠪᠴᠢᠲᠠᠶ ᠰᠤᠳᠤᠯᠤᠨ ᠮᠠᠭᠠᠳᠯᠠᠬᠤ᠂ ᠰᠢᠨᠵᠢᠯᠡᠬᠦ ᠤᠬᠠᠭᠠᠨᠴᠢ ᠪᠠᠷ | ᠤᠷᠢᠳᠴᠢᠯᠠᠨ ᠰᠡᠷᠡᠮᠵᠢᠯᠡᠬᠦ ᠪᠠ ᠪᠦᠲᠦᠮᠵᠢᠲᠡᠶ ᠰᠢᠢᠳᠪᠦᠷᠢᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ︵ᠲᠦᠷᠦᠭᠦᠯᠡᠬᠦ ᠨᠢᠭᠡᠴᠢ᠄ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ︶ | ︵ᠳᠤᠯᠤᠭ᠎ᠠ︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ︽ᠬᠤᠣᠷ ᠬᠥᠨᠥᠭᠡᠯ ᠢ ᠪᠦᠲᠦᠮᠵᠢᠲᠡᠢ ᠰᠡᠷᠭᠡᠶᠢᠯᠡᠬᠦ᠂ ᠴᠠᠭ ᠲᠤᠬᠠᠢ ᠳᠤᠨᠢ ᠬᠢᠵᠠᠭᠠᠷᠯᠠᠬᠤ ᠪᠠ ᠠᠷᠢᠯᠭᠠᠬᠤ︾ ᠵᠠᠷᠴᠢᠮ | ᠶᠣᠰᠣᠭᠠᠷ᠂ ᠡᠮ ᠤᠨ ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠳᠠᠭᠠᠵᠤ ᠬᠢᠬᠦ ᠲᠡᠰ | ᠳᠠᠷᠠᠭᠠᠯᠠᠯ ᠢ ᠱᠠᠳᠤ ᠬᠤᠪᠢᠶᠠᠨ ᠡᠬᠢᠯᠡᠭᠦᠯᠵᠦ᠂ ︽ᠬᠤᠶᠠᠷ ᠦᠢᠯᠡᠳᠬᠦᠨ ᠨᠢᠭᠡ ᠪᠠᠭᠠᠵᠢ︾ ᠡᠵᠡᠩᠨᠡᠬᠦ ᠠᠵᠤ ᠠᠬᠤᠶᠢᠯᠠᠯ | ᠪᠣᠯᠤᠨ ᠬᠡᠷᠡᠭᠯᠡᠬᠦ ᠨᠢᠭᠡᠴᠢ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠠᠷᠢᠭᠤᠴᠠᠯᠭ᠎ᠠ ᠶᠢ ᠪᠠᠬᠢᠵᠢᠭᠦᠯᠵᠦ᠂ | ᠨᠢᠭᠡᠳᠦᠯᠲᠡᠢ ᠵᠢᠯᠣᠭᠤᠳᠬᠤ᠂ ᠱᠠᠳᠤ ᠬᠤᠪᠢᠶᠠᠨ ᠬᠠᠷᠢᠭᠤᠴᠠᠬᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ | ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠰᠢᠰᠲ᠋ᠧᠮ ᠢ | ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | ︵ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ | ᠲᠣᠪᠴᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠠᠢᠮᠠ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠠᠮᠢᠶ᠎ᠠ ᠪᠥᠬᠦᠶ | ᠰᠠᠯᠠᠭ᠎ᠠ ᠮᠥᠴᠢᠷ ᠤᠳ ᠡᠮ ᠤᠨ ᠵᠦᠢᠯ ᠤᠨ ᠠᠮᠤᠷ ᠲᠦᠪᠰᠢᠨ ᠢ ᠢᠯᠠᠩᠭᠤᠶ᠎ᠠ ᠸᠠᠺᠼᠢᠨ ᠤ ᠠᠮᠤᠷ ᠲᠦᠪᠰᠢᠨ ᠢ | ᠭᠤᠤᠯᠳᠠᠯᠭ᠎ᠠ ᠲᠠᠢ ᠠᠩᠬᠠᠷᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠡᠮ ᠤᠨ | ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠭᠦᠯᠦᠨ᠂ ᠬᠢᠨᠠᠨ ᠰᠢᠯᠭᠠᠵᠤ ᠦᠨᠡᠯᠡᠨ | ᠵᠢᠱᠢᠬᠦ ᠰᠢᠰᠲ᠋ᠧᠮ ᠢ ᠪᠦᠷᠢᠨᠰᠢᠬᠦᠯᠵᠦ᠂ ᠡᠮ ᠤᠨ ᠵᠦᠢᠯ ᠤᠨ ᠠᠮᠤᠷ ᠲᠦᠪᠰᠢᠨ ᠤ ᠠᠵᠢᠯ ᠳᠤ ᠬᠠᠤᠯᠢ ᠶᠣᠰᠣᠭᠠᠷ | ᠵᠣᠬᠢᠴᠠᠩᠭᠤᠶ ᠬᠠᠷᠢᠭᠤᠴᠠᠯᠭ᠎ᠠ ᠡᠭᠦᠷᠭᠡᠯᠡᠨ᠎ᠡ᠃ ︵ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ︵ᠶᠢᠰᠦ︶ ᠵᠠᠰᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠮ ᠤᠨ ᠵᠦᠢᠯ ᠤᠨ ᠠᠮᠤᠷ ᠲᠦᠪᠰᠢᠨ ᠤ ᠠᠵᠤ | ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠲᠥᠷᠥᠯ ᠤᠨ | ᠨᠡᠶᠢᠭᠡᠮᠯᠢᠭ ᠤᠨ ᠥᠪᠡᠷ ᠢ ᠪᠠᠨ ᠱᠠᠭᠠᠷᠳᠠᠬᠤ ᠦᠢᠯᠡᠳᠦᠯ ᠢ ᠪᠠᠳᠠᠷᠠᠭᠤᠯᠤᠨ᠎ᠠ᠃ ᠮᠡᠳᠡᠭᠡ ᠵᠠᠩᠭᠢ ᠶᠢ ᠮᠡᠳᠡᠭᠡᠯᠡᠬᠦ᠂ | ᠬᠠᠮᠲᠤᠷᠠᠨ ᠬᠡᠷᠡᠭ ᠰᠢᠢᠳᠪᠦᠷᠢᠯᠡᠬᠦ᠂ ᠲᠤᠭ᠎ᠠ ᠪᠠᠷᠢᠮᠲᠠ ᠶᠢ ᠬᠠᠮᠲᠤ ᠪᠠᠷ ᠬᠡᠷᠡᠭᠯᠡᠬᠦ᠂ ᠠᠵᠢᠯᠲᠠᠨ ᠢ ᠰᠢᠯᠵᠢᠭᠦᠯᠦᠨ | ᠲᠣᠮᠢᠯᠠᠬᠤ ᠵᠡᠷᠭᠡ ᠠᠵᠢᠯ ᠢ ᠵᠣᠯᠭᠠᠭᠤᠯᠬᠤ ᠲᠣᠭᠲᠠᠴᠠ ᠶᠢ ᠪᠦᠷᠢᠨᠰᠢᠭᠦᠯᠵᠦ᠂ ᠲᠦᠭᠰᠢᠭᠦᠷᠢ ᠶᠢ ᠵᠥᠪᠳᠡᠯᠴᠡᠬᠦ | ᠲᠣᠭᠲᠠᠴᠠ ᠶᠢ ᠲᠡᠭᠦᠯᠳᠡᠷᠵᠢᠭᠦᠯᠦᠨ᠎ᠡ᠃ ᠣᠯᠡᠨ ᠰᠠᠯᠠᠭ᠎ᠠ ᠮᠦᠴᠢᠷ ᠬᠠᠮᠵᠢᠯᠴᠠᠨ ᠵᠠᠰᠬᠠᠥ ᠶᠢ ᠴᠢᠩᠭᠠᠳᠬᠠᠵᠦ᠂ ︽ᠮᠠᠯ | ᠠᠵᠦ ᠠᠬᠤᠢ ᠳᠡᠷᠢᠶᠡᠯᠡᠩ ᠤᠨ ᠡᠮ ᠤᠨ ᠵᠦᠢᠯ ᠭᠤᠷᠪᠠᠡ ᠡᠮᠨᠡᠯᠭᠡ ᠶᠢᠨ ᠬᠠᠮᠳᠣᠷᠡᠨ ᠬᠦᠳᠡᠯᠥᠯᠴᠡᠬᠦ︾ ᠶᠢ | ᠴᠢᠩᠭᠠᠷᠡᠭᠤᠯᠥᠨ ᠡᠮ ᠤᠨ ᠵᠦᠢᠯ ᠤᠨ ᠬᠢᠨᠡᠯᠳᠡ ᠬᠠᠮᠢᠶᠡᠷᠦᠯᠳᠡ ᠬᠢᠭᠡᠳ ᠡᠮᠴᠢᠯᠡᠭᠡᠨ ᠤ ᠬᠠᠮᠢᠶᠡᠷᠦᠯᠳᠡ᠂ ᠡᠮᠴᠢᠯᠡᠭᠡᠨ ᠤ | ᠲᠠᠭᠠᠳᠬᠠᠯ ᠤᠨ ᠬᠠᠮᠢᠶᠡᠷᠦᠯᠳᠡ ᠶᠢᠨ ᠲᠤᠭ᠎ᠠ ᠪᠡᠷᠢᠮᠳᠡ ᠶᠢ ᠵᠤᠯᠭᠠᠭᠤᠯᠥᠨ ᠭᠡᠷᠡᠭᠯᠡᠬᠦ ᠪᠠ ᠬᠠᠮᠳᠣᠪᠡᠷ ᠬᠦᠷᠲᠡᠬᠦ ᠶᠢ | ᠠᠬᠢᠭᠤᠯᠥᠨ᠎ᠠ᠃ ᠡᠮ ᠤᠨ ᠵᠦᠢᠯᠡᠰ ᠤᠨ ᠠᠮᠤᠷ ᠲᠦᠪᠰᠢᠨ ᠤ ᠲᠠᠯ᠎ᠠ ᠪᠠᠷ ᠢᠲᠡᠭᠡᠯ ᠢᠶᠠᠨ ᠠᠯᠳᠠᠭᠰᠠᠨ ᠢ ᠬᠠᠮᠲᠤᠷᠠᠨ | ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠦ᠂ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠬᠦ ᠪᠠ ᠬᠢᠨᠠᠯᠲᠠ ᠲᠠᠯᠪᠢᠬᠤ | ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠦᠨ᠂ ᠨᠡᠶᠢᠭᠡᠮ ᠤᠨ ᠬᠢᠨ ᠬᠠᠮᠲᠤᠪᠠᠷ ᠵᠠᠰᠠᠬᠤ ᠪᠠᠶᠢᠳᠠᠯ ᠢ ᠪᠠᠶᠢᠭᠤᠯᠤᠨ᠎ᠠ᠃ | ︵ᠲᠦᠷᠦᠭᠦᠯᠡᠬᠦ ᠨᠢᠭᠡᠴᠢ᠄ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ | ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ︶ | ︵ᠠᠷᠪᠠ︶ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠡᠮ ᠤᠨ ᠵᠦᠢᠯ ᠢ ᠬᠢᠨᠠᠨ ᠬᠠᠮᠢᠶᠠᠷᠬᠤ | ᠵᠠᠷᠤᠳᠠᠯ ᠤᠨ ᠣᠷᠣᠭᠤᠯᠤᠯᠲᠠ ᠶᠢᠨ ᠡᠷᠴᠢᠮ ᠢ ᠲᠠᠰᠤᠷᠠᠯᠲᠠ ᠤᠢᠭᠡᠢ ᠨᠡᠮᠡᠭᠳᠡᠭᠦᠯᠵᠦ᠂ ᠬᠠᠤᠯᠢ ᠬᠡᠷᠡᠭᠵᠢᠭᠦᠯᠬᠦ ᠲᠣᠨᠤᠭ | ᠲᠥᠬᠦᠭᠡᠷᠦᠮᠵᠢ ᠲᠣᠬᠢᠷᠠᠭᠤᠯᠬᠤ᠂ ᠮᠡᠳᠡᠭᠡ ᠵᠠᠩᠭᠢᠵᠢᠭᠤᠯᠬᠤ ᠪᠠᠶᠢᠭᠤᠯᠤᠯᠲᠠ᠂ ᠪᠠᠶᠢᠴᠠᠭᠠᠨ ᠰᠢᠯᠭᠠᠵᠤ ᠪᠠᠶᠢᠴᠠᠭᠠᠨ | ᠬᠡᠮᠵᠢᠬᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠵᠦ᠂ | ᠡᠮ ᠤᠨ ᠵᠦᠢᠯ ᠤᠨ ᠠᠶᠦᠯᠭᠦᠢ ᠬᠢᠨᠠᠯᠲᠠ ᠬᠠᠮᠢᠶᠠᠷᠤᠯᠲᠠ ᠶᠢᠨ ᠵᠠᠷᠤᠳᠠᠯ ᠢ ᠲᠤᠭᠤᠷᠢᠭ ᠤᠨ ᠱᠠᠲᠤᠨ ᠤ ᠡᠳ᠋ ᠤᠨ | ᠵᠠᠰᠠᠭ ᠤᠨ ᠲᠥᠰᠦᠪ ᠲᠤ ᠣᠷᠣᠭᠤᠯᠬᠤ ᠶᠢᠨ ᠬᠠᠮᠲᠤ ᠭᠠᠵᠠᠷ ᠣᠷᠣᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠢᠷᠢ ᠬᠡᠮᠵᠢᠶ᠎ᠡ ᠯᠦᠭᠡ ᠲᠣᠬᠢᠷᠠᠯᠴᠠᠭᠰᠠᠨ ᠡᠮ ᠤᠨ ᠵᠦᠢᠯ ᠤᠨ ᠠᠶᠦᠯᠭᠦᠢ ᠡᠳ᠋ ᠤᠨ ᠵᠠᠰᠠᠭ ᠤᠨ | ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠡᠮ ᠤᠨ ᠵᠦᠢᠯ ᠤᠨ ᠠᠶᠦᠯᠭᠦᠢ ᠠᠵᠢᠯ ᠤᠨ ᠡᠮᠬᠢ ᠵᠢᠷᠤᠮ ᠲᠠᠢ | ᠶᠠᠪᠤᠭᠳᠠᠬᠤ ᠶᠢ ᠦᠨᠡᠨᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠡᠳ᠋ ᠤᠨ ᠵᠠᠰᠠᠭ ᠤᠨ | ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ᠳᠥᠷᠪᠡ᠂ ᠳᠠᠭᠠᠯᠳᠤᠭᠤᠯᠤᠯ ᠳᠦᠷᠢᠮ | ᠲᠣᠰ ᠲᠥᠰᠦᠯ ᠢ 2024 ᠣᠨ ᠤ 9 ᠰᠠᠷ᠎ᠠ ᠶᠢᠨ 12 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | ︽ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ | ᠶᠠᠪᠤᠭᠤᠯᠬᠤ ᠲᠤᠬᠠᠶ ᠮᠡᠳᠡᠭᠳᠡᠯ︾ ︵ᠴᠢᠩᠱᠠᠨ ᠵᠠᠰᠠᠭ ᠲᠠᠷᠬᠠᠭᠠᠭᠰᠠᠨ ︹2022︺ 10 ᠳ᠋ᠤᠭᠠᠷ ᠲᠣᠭᠠᠲᠤ︶ ᠢ | ᠬᠠᠮᠲᠤ ᠳᠤᠨᠢ ᠬᠦᠴᠦᠨ ᠥᠬᠡᠶ ᠪᠣᠯᠭᠠᠨ᠎ᠠ᠃ | | | | |