ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠨᠢ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠵᠢᠯᠣᠭᠤᠳᠬᠤ ᠪᠠ ᠲᠦᠯᠬᠢᠨ ᠠᠬᠢᠭᠤᠯᠬᠤ ᠳᠤᠮᠳᠠ ᠴᠢᠬᠤᠯᠠ | ᠦᠢᠯᠡᠳᠦᠯ ᠢᠶᠠᠨ ᠪᠠᠳᠠᠷᠠᠭᠤᠯᠤᠨ᠎ᠠ᠃ ᠣᠷᠣᠭᠤᠯᠤᠯᠲᠠ ᠪᠣᠯ ᠬᠥᠭᠵᠢᠯᠲᠡ ᠶᠢᠨ ᠰᠠᠭᠤᠷᠢ ᠪᠣᠯᠬᠤ ᠪᠥᠭᠡᠳ ᠮᠥᠨ ᠴᠦ | ᠳᠠᠯᠳᠠ ᠤᠳᠤᠷᠢᠳᠤᠮᠵᠢ ᠪᠣᠯᠬᠤ ᠲᠤᠯᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰᠴᠢᠯᠡᠯᠲᠡ ᠶᠢᠨ ᠠᠬᠢᠴᠠ ᠶᠢ | ᠲᠦᠷᠭᠡᠳᠬᠡᠬᠦ ᠪᠣᠯ ᠪᠦᠬᠦ ᠲᠤᠭᠤᠷᠢᠭ ᠤᠨ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠬᠦ᠂ ᠭᠠᠳᠠᠭᠠᠳᠤ | ᠥᠷᠢᠰᠥᠯᠳᠦᠭᠡᠨ ᠢ ᠤᠭᠲᠤᠬᠤ ᠴᠢᠬᠤᠯᠠ ᠰᠣᠩᠭᠤᠯᠲᠠ ᠪᠣᠯᠤᠨ᠎ᠠ᠃ | ᠡᠨᠡ ᠵᠢᠯ ᠠᠴᠠ ᠨᠠᠭᠠᠰᠢ᠂ ᠴᠢᠩᠱᠠᠨ ᠲᠣᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠪᠡᠯᠡ ᠣᠷᠣᠭᠤᠯᠤᠯᠲᠠ ᠲᠣᠭᠲᠠᠭᠤᠨ ᠨᠡᠮᠡᠭᠳᠡᠯ ᠤᠨ ᠪᠠᠢᠳᠠᠯ ᠲᠠᠢ ᠪᠠᠶᠢᠵᠦ᠂ ᠭᠤᠷᠪᠠᠨ ᠰᠠᠷ᠎ᠠ ᠳᠠᠷᠠᠭᠠᠯᠠᠨ ᠨᠡᠯᠢᠶᠡᠳ | ᠲᠦᠷᠭᠡᠨ ᠨᠡᠮᠡᠭᠳᠡᠯ ᠢ ᠪᠡᠶᠡᠯᠡᠭᠦᠯᠵᠦ᠂ ᠪᠦᠬᠦ ᠲᠤᠭᠤᠷᠢᠭ ᠤᠨ ᠴᠢᠨᠠᠷ ᠰᠠᠢᠲᠠᠢ ᠬᠥᠭᠵᠢᠯᠲᠡ ᠳᠤ ᠪᠠᠲᠤ ᠪᠠᠬᠢ | ᠰᠠᠭᠤᠷᠢ ᠶᠢ ᠲᠠᠯᠪᠢᠭᠰᠠᠨ ᠪᠠᠶᠢᠨ᠎ᠠ᠃ 7 ᠳ᠋ᠤᠭᠠᠷ ᠰᠠᠷ᠎ᠠ ᠪᠣᠯᠲᠠᠯ᠎ᠠ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 119.3% ᠪᠠᠷ ᠨᠡᠮᠡᠭᠳᠡᠵᠦ᠂ ᠪᠥᠬᠦ ᠲᠤᠭᠤᠷᠢᠭ ᠤᠨ | ᠪᠡᠯᠡ ᠣᠷᠣᠭᠤᠯᠤᠯᠲᠠ ᠶᠢ ᠳᠠᠶᠢᠴᠢᠯᠠᠨ 38.2 ᠵᠠᠭᠤᠨ ᠤ ᠴᠡᠭ ᠨᠡᠮᠡᠭᠳᠡᠭᠦᠯᠪᠡ᠃ ᠡᠭᠦᠨ ᠳᠤ᠂ ᠳᠡᠭᠡᠳᠦ ᠰᠢᠨ᠎ᠡ | ᠮᠡᠷᠭᠡᠵᠢᠯ ᠤᠨ ᠦᠢᠯᠡᠳᠬᠡᠯ ᠤᠨ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 134. | 1% ᠪᠠᠷ ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠪᠥᠬᠦ ᠲᠤᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ 99.8% ᠶᠢ ᠡᠵᠡᠯᠡᠵᠦ᠂ ᠴᠢᠩᠱᠠᠨ ᠲᠣᠭᠤᠷᠢᠭ ᠤᠨ ᠪᠥᠬᠦ ᠪᠠᠯᠠ ᠣᠷᠣᠭᠤᠯᠤᠯᠲᠠ ᠶᠢ 39.7 | ᠵᠠᠭᠤᠨ ᠤ ᠨᠢᠭᠡᠴᠢ ᠳᠠᠶᠢᠴᠢᠯᠠᠪᠠ᠃ | ᠳᠡᠭᠡᠳᠦ ᠲᠡᠰ ᠤᠨ ᠦᠢᠯᠡᠳᠬᠦ ᠦᠢᠯᠡᠰ ᠴᠢᠩᠱᠠᠨ ᠲᠣᠭᠤᠷᠢᠭ ᠤᠨ ᠠᠵᠤ ᠠᠬᠤᠢ ᠶᠢᠨ ᠨᠡᠮᠡᠭᠳᠡᠯ ᠢ | ᠳᠠᠶᠢᠴᠢᠯᠠᠬᠤ ᠰᠢᠨ᠎ᠡ ᠨᠡᠮᠡᠭᠳᠡᠯ ᠤᠨ ᠴᠡᠭ ᠪᠣᠯᠵᠤ᠂ ᠦᠢᠯᠡᠳᠬᠦ ᠦᠢᠯᠡᠰ ᠤᠨ ᠳᠡᠭᠡᠳᠦ ᠲᠡᠰ ᠤᠨ᠂ ᠤᠶᠤᠨᠴᠢᠯᠠᠭᠰᠠᠨ | ᠠᠵᠤ ᠦᠢᠯᠡᠰ ᠤᠨ ᠵᠠᠭᠪᠤᠷ ᠢ ᠠᠯᠬᠤᠮ ᠠᠯᠬᠤᠮ ᠢᠶᠠᠷ ᠬᠥᠭᠵᠢᠭᠦᠯᠵᠦ᠂ ᠰᠢᠨ᠎ᠡ ᠶᠢ ᠡᠭᠦᠳᠬᠦ ᠬᠡᠯᠬᠢᠶ᠎ᠡ ᠬᠢᠭᠡᠳ ᠪᠡᠯᠡ | ᠮᠥᠩᠭᠦ ᠶᠢᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ |