ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠯᠠᠪᠳᠠᠭᠤᠨ ᠢᠶᠠᠷ ᠠᠬᠢᠭᠤᠯᠬᠤ᠂ ᠰᠢᠨ᠎ᠡ | ᠨᠢᠭᠡ ᠡᠭᠡᠯᠵᠢ ᠶᠢᠨ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠬᠤ ᠪᠠ ᠡᠯ᠎ᠡ ᠲᠥᠷᠥᠯ ᠤᠨ ᠬᠡᠷᠡᠭᠯᠡᠭᠡ ᠶᠢ ᠠᠬᠢᠭᠤᠯᠬᠤ | ᠠᠵᠢᠯᠯᠠᠭ᠎ᠠ ᠥᠷᠨᠢᠭᠦᠯᠬᠦ ᠶᠢ ᠳᠠᠭᠠᠯᠳᠤᠨ᠂ ᠴᠢᠩᠱᠠᠨ ᠲᠣᠭᠤᠷᠢᠭ ᠤᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ | ᠠᠵᠢᠯᠯᠠᠭᠠᠨ ᠲᠣᠭᠲᠠᠭᠤᠨ ᠪᠠᠶᠢᠬᠤ ᠶᠢᠨ ᠵᠡᠷᠭᠡ ᠳᠤ ᠰᠢᠯᠢᠳᠡᠭᠵᠢᠵᠦ᠂ ᠭᠢᠯᠠᠰ ᠴᠡᠭ ᠵᠠᠯᠭᠠᠭ᠎ᠠ ᠪᠠᠷ ᠢᠯᠡᠷᠡᠵᠡᠶ᠃ 1 — | 7 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠪᠦᠬᠦ ᠲᠤᠭ᠎ᠠ 168.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8% ᠪᠠᠷ | ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 0.1 ᠵᠠᠭᠤᠨ ᠤ ᠨᠢᠭᠡᠴᠢ ᠲᠦᠷᠭᠡᠨ ᠪᠣᠯᠵᠤ᠂ ᠨᠡᠮᠡᠭᠳᠡᠯ ᠤᠨ | ᠬᠤᠷᠳᠤᠴᠠ ᠤᠳᠠᠭ᠎ᠠ ᠳᠠᠷᠠᠭᠠᠯᠠᠨ ᠳᠡᠭᠡᠭᠰᠢᠯᠡᠵᠦ᠂ ᠪᠦᠬᠦ ᠬᠤᠲᠠ ᠶᠢᠨ ᠨᠢᠭᠡᠳᠦᠭᠡᠷ ᠲᠤ ᠣᠷᠣᠪᠠ᠃ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠤᠶᠢᠵᠢᠭᠤᠯᠤᠭᠰᠠᠨ ᠦᠷ᠎ᠡ ᠪᠦᠲᠦᠮᠵᠢ ᠢᠯᠡᠳᠲᠡ ᠪᠣᠯᠪᠠ᠃ ᠡᠨᠡ | ᠵᠢᠯ ᠠᠴᠠ ᠨᠠᠭᠠᠰᠢ᠂ ᠴᠢᠩᠱᠠᠨ ᠲᠣᠭᠤᠷᠢᠭ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠠᠪᠴᠤ ᠠᠷᠠᠯᠵᠢᠶ᠎ᠠ | ᠬᠤᠳᠠᠯᠳᠤᠭᠠᠨ ᠤ ᠠᠵᠤ ᠠᠬᠤᠶᠢᠯᠠᠯ ᠤᠨ ᠪᠤᠵᠠᠭᠠᠶᠢᠷᠠᠯ ᠢ ᠲᠦᠯᠬᠢᠨ ᠠᠬᠢᠭᠤᠯᠵᠠᠢ᠃ 7 ᠳ᠋ᠤᠭᠠᠷ ᠰᠠᠷ᠎ᠠ ᠶᠢᠨ ᠰᠡᠭᠦᠯᠴᠢ | ᠪᠣᠯᠲᠠᠯ᠎ᠠ᠂ ᠴᠢᠩᠱᠠᠨ ᠲᠣᠭᠤᠷᠢᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ᠂ | ᠵᠢᠵᠢᠭᠯᠡᠨ ᠬᠤᠳᠠᠯᠳᠤᠬᠤ᠂ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠨᠢᠭᠡᠴᠢ ᠶᠢᠨ ᠲᠤᠭ᠎ᠠ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 47.3% ᠪᠠᠷ ᠨᠡᠮᠡᠭᠳᠡᠪᠡ᠃ | ᠠᠷᠠᠳ ᠤᠨ ᠡᠵᠡᠩᠨᠡᠭᠰᠡᠨ ᠠᠵᠤ ᠠᠬᠤᠢ ᠲᠣᠭᠲᠠᠭᠤᠨ ᠢᠶᠠᠷ ᠪᠤᠵᠠᠭᠠᠶᠢᠷᠠᠪᠠ᠃ 1 - 7 ᠳ᠋ᠤᠭᠠᠷ ᠰᠠᠷ᠎ᠠ ᠳᠤ᠂ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠠᠷᠠᠳ ᠠᠴᠠ | ᠡᠵᠡᠩᠨᠡᠭᠰᠡᠨ ᠠᠵᠤ ᠠᠬᠤᠶ ᠶᠢᠨ ᠭᠤᠤᠯ ᠴᠣᠭᠴᠠ ᠨᠢ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ | ᠶᠢᠰᠦᠨ ᠬᠤᠪᠢ ᠠᠴᠠ ᠳᠡᠭᠡᠭᠰᠢᠬᠢ ᠶᠢ ᠡᠵᠡᠯᠡᠵᠦ᠂ ᠵᠢᠵᠢᠭᠯᠡᠨ ᠬᠤᠳᠠᠯᠳᠤᠭᠰᠠᠨ ᠲᠤᠭ᠎ᠠ ᠨᠢ ᠠᠳᠠᠯᠢ | ᠬᠤᠭᠤᠴᠠᠭᠠᠨ ᠤ ᠬᠢ ᠠᠴᠠ 11.8% ᠪᠠᠷ ᠨᠡᠮᠡᠭᠳᠡᠵᠦ᠂ ᠵᠢᠵᠢᠭᠯᠡᠨ ᠬᠤᠳᠠᠯᠳᠤᠭᠰᠠᠨ ᠲᠤᠭ᠎ᠠ ᠶᠢᠨ 74.7% ᠶᠢ | ᠡᠵᠡᠯᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠥᠭᠵᠢᠯᠲᠡ ᠶᠢᠨ ᠭᠤᠤᠯ ᠬᠦᠴᠦᠨ ᠪᠣᠯᠤᠭᠰᠠᠨ ᠪᠠᠶᠢᠨ᠎ᠠ᠃ | ᠮᠠᠰᠢᠨ ᠲᠡᠷᠭᠡᠨ ᠤ ᠬᠡᠷᠡᠭᠯᠡᠭᠡ ᠬᠤᠣᠰ ᠨᠡᠮᠡᠭᠳᠡᠯ ᠢ ᠪᠡᠶᠡᠯᠡᠭᠦᠯᠪᠡ᠃ 1 —7 ᠳ᠋ᠤᠭᠠᠷ ᠰᠠᠷ᠎ᠠ ᠳᠤ᠂ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ | ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠵᠦ᠂ ᠵᠢᠵᠢᠭᠯᠡᠨ ᠬᠤᠳᠠᠯᠳᠤᠭᠰᠠᠨ ᠲᠤᠭ᠎ᠠ 1.9 | ᠵᠠᠭᠤᠨ ᠤ ᠨᠢᠭᠡᠴᠢ ᠨᠡᠮᠡᠭᠳᠡᠪᠡ᠃ ᠡᠭᠦᠨ ᠳᠤ 7 ᠳ᠋ᠤᠭᠠᠷ ᠰᠠᠷ᠎ᠠ ᠶᠢᠨ ᠲᠣᠰ ᠰᠠᠷ᠎ᠠ ᠳᠤ᠂ ᠮᠠᠰᠢᠨ ᠲᠡᠷᠭᠡᠨ ᠤ | ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 21% ᠪᠠᠷ ᠨᠡᠮᠡᠭᠳᠡᠵᠦ᠂ | ᠠᠳᠠᠯᠢ ᠬᠤᠭᠤᠴᠠᠭᠠᠨ ᠤ ᠬᠢ ᠠᠴᠠ 24.7% ᠪᠠᠷ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ ᠬᠤᠤᠰ | ᠨᠡᠮᠡᠭᠳᠡᠬᠦ ᠶᠢ ᠪᠡᠶᠡᠯᠡᠭᠦᠯᠪᠡ᠃ | ᠪᠠᠭᠤᠳᠠᠯ ᠤᠨ ᠦᠢᠯᠡᠰ ᠤᠨ ᠡᠵᠡᠩᠨᠡᠯᠲᠡ ᠶᠢᠨ ᠬᠡᠮᠵᠢᠶ᠎ᠡ ᠪᠠᠭ᠎ᠠ ᠬᠡᠮᠵᠢᠶ᠎ᠡ ᠪᠠᠷ ᠨᠡᠮᠡᠭᠳᠡᠵᠦ ᠪᠠᠶᠢᠨ᠎ᠠ᠃ ᠪᠥᠬᠦ | ᠬᠤᠲᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠤᠯᠠᠷᠢᠯ ᠤᠨ ᠡᠯ᠎ᠡ ᠵᠦᠢᠯ ᠤᠨ ᠠᠵᠢᠯᠯᠠᠭ᠎ᠠ ᠶᠢᠨ ᠳᠠᠶᠢᠴᠢᠯᠠᠯᠲᠠ | ᠳᠣᠣᠷ᠎ᠠ᠂ 1 - 7 ᠳ᠋ᠤᠭᠠᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠠᠭᠤᠳᠠᠯ ᠤᠨ ᠦᠢᠯᠡᠰ ᠤᠨ | ᠡᠵᠡᠩᠨᠡᠯᠲᠡ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 3.2% ᠢᠶᠠᠷ ᠨᠡᠮᠡᠭᠳᠡᠵᠦ᠂ 1 —6 ᠳ᠋ᠤᠭᠠᠷ | ᠰᠠᠷ᠎ᠠ ᠶᠢᠨ ᠬᠢ ᠠᠴᠠ 2.1 ᠵᠠᠭᠤᠨ ᠤ ᠨᠢᠭᠡᠴᠢ ᠲᠦᠷᠭᠡᠳᠴᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ | ᠵᠢᠯ ᠤᠨ ᠰᠥᠭᠡᠷᠭᠦ ᠪᠠᠶᠢᠭᠰᠠᠨ ᠠᠴᠠ ᠪᠠᠨ ᠡᠶᠡᠷᠬᠦ ᠨᠡᠮᠡᠭᠳᠡᠯ ᠢᠶᠠᠨ ᠪᠠᠲᠤᠯᠠᠪᠠ᠃ | ᠰᠦᠯᠵᠢᠶᠡᠨ ᠳᠡᠭᠡᠷᠡᠬᠢ ᠬᠡᠷᠡᠭᠯᠡᠭᠡ ᠨᠢ ᠨᠡᠯᠢᠶᠡᠳ ᠰᠠᠶᠢᠨ ᠳᠠᠶᠢᠴᠢᠯᠠᠬᠤ ᠦᠢᠯᠡᠳᠦᠯ ᠢ ᠪᠠᠲᠤᠯᠠᠪᠠ᠃ 1 — 7 | ᠳ᠋ᠤᠭᠠᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠣᠯᠠᠨ ᠨᠡᠶᠢᠲᠡ ᠶᠢᠨ ᠰᠦᠯᠵᠢᠶ᠎ᠡ ᠪᠠᠷ | ᠳᠠᠮᠵᠢᠭᠤᠯᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 63% ᠨᠡᠮᠡᠭᠳᠡᠵᠦ᠂ | ᠵᠢᠵᠢᠭᠯᠡᠨ ᠬᠤᠳᠠᠯᠳᠤᠭᠰᠠᠨ ᠲᠤᠭ᠎ᠠ 3.2 ᠵᠠᠭᠤᠨ ᠤ ᠨᠢᠭᠡᠴᠢ ᠨᠡᠮᠡᠭᠳᠡᠬᠦ ᠶᠢ ᠳᠠᠶᠢᠴᠢᠯᠠᠵᠤ᠂ ᠵᠢᠵᠢᠭᠯᠡᠨ | ᠬᠤᠳᠠᠯᠳᠤᠭᠰᠠᠨ ᠲᠤᠭ᠎ᠠ 8.4% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 3.2 ᠵᠠᠭᠤᠨ ᠤ ᠨᠢᠭᠡᠴᠢ | ᠳᠡᠭᠡᠭᠰᠢᠯᠡᠵᠡᠶ᠃ | | | | | | |