ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠰᠤᠵᠢᠯ ᠤᠨ ᠮᠡᠬᠡᠯᠡᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠪᠡ
ᠨᠡᠶᠢᠲᠡᠯᠡᠭᠰᠡᠨ ᠴᠠᠭ᠄
2024/9/13
      ᠨᠠᠰᠤᠵᠢᠯ ᠤᠨ ᠮᠡᠬᠡᠯᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠂ ᠨᠠᠰᠤᠲᠠᠶᠢᠴᠤᠳ ᠤᠨ ᠥᠲᠡᠯᠦᠭᠡ ᠨᠠᠰᠤ ᠪᠠᠨ ᠠᠮᠤᠷ ᠵᠢᠮᠦᠷ ᠥᠩᠭᠡᠷᠡᠭᠦᠯᠬᠦ ᠳᠤ ᠨᠡᠶᠢᠭᠡᠮ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠴᠢᠳᠠᠪᠤᠷᠢ ᠶᠢᠨ ᠶᠣᠰᠣᠭᠠᠷ᠂ ᠨᠠᠰᠤᠵᠢᠯ ᠤᠨ ᠠᠰᠠᠷᠠᠮᠵᠢ ᠶᠢᠨ ᠬᠦᠷᠢᠶᠡᠨ ᠳᠠᠬᠢ ᠨᠠᠰᠤᠲᠠᠶᠢᠴᠤᠳ ᠲᠤ ᠬᠤᠯᠪᠣᠭᠳᠠᠬᠤ ᠪᠠ ᠬᠤᠳᠠᠯ ᠬᠠᠭᠤᠷᠮᠠᠭ ᠤᠬᠠᠭᠤᠯᠭ᠎ᠠ ᠬᠢᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃      ᠲᠤᠰᠬᠠᠶ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠮᠠᠨ ᠤ ᠲᠣᠪᠴᠢᠶ᠎ᠠ ᠬᠦᠴᠦᠨ ᠢᠶᠠᠨ ᠲᠥᠪᠯᠡᠷᠡᠭᠦᠯᠦᠨ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠵᠢᠴᠢ 11 ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠠᠤᠯᠢ ᠬᠡᠷᠡᠭᠵᠢᠭᠦᠯᠬᠦ ᠠᠵᠢᠯᠲᠠᠨ ᠠᠴᠠ ᠪᠠᠶᠢᠴᠠᠭᠠᠬᠤ ᠳᠤᠭᠤᠶᠢᠯᠠᠩ ᠵᠣᠬᠢᠶᠠᠨ ᠪᠠᠶᠢᠭᠤᠯᠵᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ ᠡᠮᠴᠢᠯᠡᠭᠡᠨ ᠤ ᠪᠠᠭᠠᠵᠢ ᠬᠡᠷᠡᠭᠰᠡᠯ ᠢ ᠰᠦᠢᠳᠬᠡᠯ ᠬᠤᠷᠢᠶᠠᠬᠤ ᠥᠬᠡᠶ ᠪᠠᠷ ᠪᠡᠶᠡᠴᠢᠯᠡᠨ ᠣᠶᠢᠯᠠᠭᠠᠬᠤ ᠠᠵᠤ ᠠᠬᠤᠶᠢᠯᠠᠯ᠂ ᠡᠷᠡᠭᠦᠯᠵᠢᠯ ᠤᠨ ᠡᠳ᠋ ᠤᠨ ᠳᠡᠯᠭᠡᠭᠦᠷ ᠵᠢᠴᠢ ᠡᠷᠡᠭᠦᠯ ᠮᠡᠨᠳᠦ ᠶᠢᠨ ᠲᠠᠶᠢᠯᠤᠮᠵᠢ᠂ ᠪᠡᠯᠡᠭ ᠬᠦᠷᠭᠡᠬᠦ ᠵᠡᠷᠭᠡ ᠬᠡᠯᠪᠡᠷᠢ ᠶᠢ ᠠᠰᠢᠭᠯᠠᠨ᠂ ᠨᠠᠰᠤᠲᠠᠶᠢᠴᠤᠳ ᠤᠨ ᠬᠥᠮᠦᠰ ᠢ ᠡ᠊ᠨᠳᠡᠭᠦᠷᠡᠭᠦᠯᠬᠦ ᠬᠤᠳᠠᠯ ᠬᠠᠭᠤᠷᠮᠠᠭ ᠤᠬᠠᠭᠤᠯᠭ᠎ᠠ ᠬᠢᠬᠦ ᠵᠡᠷᠭᠡ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠨ ᠣᠶᠢᠯᠠᠭᠠᠪᠠ᠃ ᠣᠲᠣ ᠪᠣᠯᠲᠠᠯ᠎ᠠ᠂ ᠨᠡᠶᠢᠲᠡ 3 ᠤᠳᠠᠭ᠎ᠠ ᠲᠤᠰᠬᠠᠶ ᠠᠵᠢᠯᠯᠠᠭ᠎ᠠ ᠥᠷᠨᠢᠭᠦᠯᠵᠦ᠂ 27 ᠬᠠᠮᠢᠶ᠎ᠠ ᠪᠥᠬᠦᠶ ᠡᠵᠡᠩᠨᠡᠯᠲᠡ ᠶᠢᠨ ᠡᠷᠦᠬᠡ ᠶᠢ ᠪᠠᠶᠢᠴᠠᠭᠠᠨ ᠵᠢᠭᠰᠠᠭᠠᠵᠤ᠂ 4 ᠡᠵᠡᠩᠨᠡᠨ ᠪᠣᠷᠣᠯᠠᠭᠤᠯᠬᠤ ᠳᠡᠯᠭᠡᠭᠦᠷ ᠲᠤ ᠬᠡᠷᠡᠭ ᠪᠣᠯᠭᠠᠨ ᠳᠡᠩᠰᠡᠯᠡᠵᠦ ᠪᠠᠶᠢᠴᠠᠭᠠᠯᠲᠠ ᠬᠢᠵᠦ᠂ 5 ᠡᠷᠦᠬᠡ ᠶᠢ ᠬᠠᠭᠠᠵᠤ ᠵᠣᠭᠰᠣᠭᠠᠪᠠ᠃ ᠡᠭᠦᠨ ᠤ ᠬᠠᠮᠲᠤ ᠨᠠᠰᠤᠲᠠᠶᠢᠴᠤᠳ ᠲᠤ ᠦᠨ᠎ᠡ ᠲᠥᠯᠥᠪᠦᠷᠢ ᠦᠭᠡᠢ ᠪᠠᠷ ᠪᠡᠯᠡᠭ ᠬᠦᠷᠭᠡᠬᠦ ᠵᠡᠷᠭᠡ‌ᠠᠵᠢᠯᠯᠠᠭ᠎ᠠ ᠶᠢ ᠭᠡᠷᠰᠦᠯᠡᠬᠦ ᠶᠢ ᠰᠠᠨᠠᠭᠤᠯᠵᠦ᠂ ᠲᠢᠭ᠋ ᠲᠤᠭ ᠢᠶᠠᠷ ᠳᠠᠮᠵᠢᠭᠤᠯᠤᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠬᠦᠷᠢᠶ᠎ᠡ ᠴᠠᠷ᠎ᠠ ᠶᠢ ᠢᠯᠡᠴᠢᠯᠡᠨ᠎ᠡ᠃      ᠲᠠᠷᠠᠭᠠᠴᠢ ᠶᠢᠨ ᠠᠯᠬᠤᠮ ᠳᠤ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠡᠷᠡᠭᠦᠯᠵᠢᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠵᠠᠭᠠᠯᠳᠤᠵᠤ ᠢᠯᠡᠴᠢᠯᠡᠨ ᠮᠡᠳᠡᠭᠦᠯᠬᠦ ᠪᠠᠷ ᠠᠷᠪᠢᠨ᠂ ᠠᠰᠠᠭᠤᠳᠠᠯ ᠣᠯᠠᠨ᠂ ︽ᠡᠷᠡᠭᠦᠯᠵᠢᠯ︾ ᠤᠨ ᠡᠮᠬᠢ ᠵᠠᠮᠪᠠᠷᠠᠭ᠎ᠠ ᠥᠬᠡᠶ ᠪᠠᠶᠢᠳᠠᠯ ᠢ ᠲᠣᠪᠤᠶᠢᠮ᠎ᠠ ᠬᠦᠷᠢᠶᠡᠨ ᠳᠤ ᠴᠢᠭᠯᠡᠭᠦᠯᠦᠨ᠂ ᠬᠦᠴᠦᠨ ᠢᠶᠠᠨ ᠲᠥᠪᠯᠡᠷᠡᠭᠦᠯᠦᠨ ᠭᠤᠤᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠬᠦ ᠪᠣᠯᠤᠨ᠎ᠠ᠃ ᠢᠯᠠᠩᠭᠤᠶ᠎ᠠ ᠰᠢᠢᠳᠪᠦᠷᠢᠯᠡᠬᠦ ᠲᠠᠶᠢᠯᠤᠮᠵᠢ ᠬᠢᠬᠦ᠂ ᠪᠡᠯᠡᠭ ᠬᠦᠷᠭᠡᠬᠦ᠂ ᠰᠦᠢᠳᠬᠡᠯ ᠬᠤᠷᠢᠶᠠᠬᠤ ᠦᠭᠡᠢ ᠪᠠᠷ ᠪᠡᠶᠡᠴᠢᠯᠡᠨ ᠣᠶᠢᠯᠠᠭᠠᠬᠤ ᠵᠡᠷᠭᠡ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠡᠷᠡᠭ ᠤᠨ ᠡᠬᠢ ᠰᠤᠷᠪᠤᠯᠵᠢ ᠶᠢ ᠰᠠᠨᠠᠭᠠᠴᠢᠯᠠᠭ᠎ᠠ ᠠᠴᠠ ᠪᠠᠨ ᠡᠷᠢᠵᠦ᠂ ᠬᠠᠷ᠎ᠠ ᠬᠤᠣᠷᠲᠠᠢ᠂ ᠦᠢᠯᠡ ᠪᠠᠶᠢᠳᠠᠯ ᠨᠢ ᠬᠦᠨᠳᠦ ᠨᠣᠴᠢᠲᠠᠢ ᠨᠡᠶᠢᠲᠡᠯᠢᠭ ᠬᠡᠷᠡᠭ ᠢ ᠬᠦᠴᠦᠨ ᠢᠶᠠᠨ ᠲᠥᠪᠯᠡᠷᠡᠭᠦᠯᠦᠨ ᠪᠠᠶᠢᠴᠠᠭᠠᠨ ᠰᠢᠢᠳᠪᠦᠷᠢᠯᠡᠨ᠎ᠡ᠃      ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠨᠠᠰᠤᠲᠠᠶᠢᠴᠤᠳ ᠤᠨ ᠢᠳᠡᠭᠡᠨ᠂ ᠡᠷᠡᠭᠦᠯᠵᠢᠯ ᠤᠨ ᠵᠦᠢᠯᠡᠰ ᠢ ᠬᠡᠷᠡᠭᠯᠡᠬᠦ ᠳᠤ ᠪᠠᠨ᠂ ᠵᠢᠵᠢᠭ ᠠᠰᠢᠭ ᠲᠤ ᠰᠢᠨᠤᠬᠠᠶᠢᠷᠠᠬᠤ ᠶᠢ ᠴᠢᠩᠭ᠎ᠠ ᠴᠡᠭᠡᠷᠯᠡᠵᠦ᠂ ᠬᠤᠳᠠᠯᠳᠤᠭᠠᠴᠢᠨ ᠤ ᠪᠣᠳᠠᠲᠠᠢ ᠪᠤᠰᠤ ᠤᠬᠠᠭᠤᠯᠭ᠎ᠠ ᠶᠢ ᠬᠥᠩᠭᠡᠨ ᠢᠶᠠᠷ ᠢᠲᠡᠭᠡᠵᠦ ᠪᠣᠯᠬᠤ ᠦᠭᠡᠢ᠂ ᠨᠠᠰᠤᠵᠢᠯ ᠤᠨ ᠮᠡᠬᠡᠯᠡᠯ ᠤᠨ ᠦᠢᠯᠡ ᠠᠵᠢᠯᠯᠠᠭ᠎ᠠ ᠲᠣᠬᠢᠶᠠᠯᠳᠤᠪᠠᠯ 12315᠂ 12345 ᠢᠯᠡᠴᠢᠯᠡᠨ ᠵᠠᠭᠠᠯᠳᠤᠬᠤ ᠤᠲᠠᠰᠤᠨ ᠳᠤ ᠤᠲᠠᠰᠤᠳᠠᠵᠤ᠂ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠵᠤ ᠪᠣᠯᠣᠨ᠎ᠠ ᠭᠡᠵᠦ ᠰᠠᠨᠠᠭᠤᠯᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号