ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2024/9/18
      ᠤᠢᠢᠷ᠎ᠠ ᠶᠢᠨ ᠵᠢᠯ ᠠᠴᠠ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠳᠤ ᠲᠦᠰᠢᠭᠯᠡᠵᠦ᠂ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠪᠠ᠃      ᠨᠢᠭᠡ ᠳᠤ᠂ ᠮᠠᠭᠤ ᠰᠠᠨᠠᠭ᠎ᠠ ᠲᠠᠢ ᠪᠠᠷ ᠴᠠᠯᠢᠩ ᠥᠷᠢᠲᠦᠬᠦ ᠦᠢᠯᠡ ᠠᠵᠢᠯᠯᠠᠭ᠎ᠠ ᠶᠢ ᠡᠬᠢ ᠡᠭᠦᠰᠦᠯ ᠠᠴᠠ ᠨᠢ ᠵᠠᠰᠠᠬᠤ ᠡᠷᠴᠢᠮ ᠢ ᠴᠢᠩᠭᠠᠷᠠᠭᠤᠯᠤᠨ᠎ᠠ᠃ ᠡᠬᠢ ᠡᠭᠦᠰᠦᠯ ᠠᠴᠠ ᠨᠢ ᠵᠠᠰᠠᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠠᠵᠢᠯ ᠤᠨ ᠰᠡᠳᠬᠢᠴᠡ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠲᠠᠢ ᠪᠠᠷ ᠦᠨᠳᠦᠰᠦᠨ ᠠᠴᠠ ᠨᠢ ᠵᠠᠰᠠᠬᠤ ᠶᠢ ᠪᠠᠷᠢᠮᠲᠠᠯᠠᠵᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠪᠠᠶᠢᠩᠭᠤᠵᠢᠭᠤᠯᠵᠤ᠂ ︽ᠥᠷᠢ ᠰᠢᠷᠢ ᠶᠢ ᠵᠠᠰᠠᠬᠤ︾ ᠠᠴᠠ ︽ᠥᠷᠢ ᠰᠢᠷᠢ ᠶᠢ ᠰᠡᠷᠭᠡᠶᠢᠯᠡᠬᠦ︾ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ ᠪᠥᠬᠦ ᠲᠤᠭᠤᠷᠢᠭ ᠤᠨ ᠡᠯ᠎ᠡ ᠱᠠᠲᠤᠨ ᠤ ᠡᠯ᠎ᠡ ᠲᠥᠷᠥᠯ ᠤᠨ ᠬᠥᠮᠦᠨ ᠬᠡᠷᠡᠭᠯᠡᠬᠦ ᠨᠢᠭᠡᠴᠡ ᠶᠢ A᠂ B᠂ C ᠭᠤᠷᠪᠠᠨ ᠱᠠᠲᠤᠨ ᠤ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠶ ᠪᠠᠶᠢᠬᠤ ᠶᠢ ᠦᠨᠡᠯᠡᠬᠦ ᠪᠠ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠥᠷᠨᠢᠭᠦᠯᠵᠦ᠂ ᠣᠳᠣᠬᠠᠨ ᠳᠤ A ᠲᠠᠰ ᠤᠨ 222 ᠡᠷᠦᠬᠡ᠂ B ᠲᠠᠰ ᠤᠨ 786 ᠡᠷᠦᠬᠡ᠂ C ᠲᠠᠰ ᠤᠨ 4 ᠡᠷᠦᠬᠡ ᠶᠢ ᠰᠢᠯᠭᠠᠷᠠᠭᠤᠯᠪᠠ᠃    ᠬᠤᠶᠠᠷ ᠲᠤ᠂ ᠴᠠᠯᠢᠩ ᠥᠷᠢᠲᠦᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠰᠠᠭ ᠵᠠᠬᠢᠷᠭᠠᠨ ᠤ ᠰᠢᠢᠳᠬᠡᠨ ᠲᠣᠷᠭᠠᠬᠤ ᠡᠷᠴᠢᠮ ᠢ ᠴᠢᠩᠭᠠᠷᠠᠭᠤᠯᠤᠨ᠎ᠠ᠃ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠣᠨ ᠤ ᠬᠢᠨᠠᠨ ᠪᠠᠶᠢᠴᠠᠭᠠᠯᠲᠠ ᠪᠠ ᠬᠥᠳᠡᠯᠮᠦᠷᠢᠴᠢᠳ ᠤᠨ ᠵᠠᠭᠠᠯᠳᠤᠵᠤ ᠢᠯᠡᠴᠢᠯᠡᠨ ᠮᠡᠳᠡᠭᠦᠯᠦᠭᠡᠳ ᠢᠯᠡᠷᠡᠭᠦᠯᠦᠭᠰᠡᠨ ᠴᠠᠯᠢᠩ ᠥᠷᠢᠲᠦᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠠᠷᠭᠤᠭᠤᠯᠤᠨ ᠰᠢᠢᠳᠪᠦᠷᠢᠯᠡᠵᠦ᠂ ᠦᠢᠯᠡ ᠪᠠᠶᠢᠳᠠᠯ ᠨᠢ ᠬᠦᠨᠳᠦ ᠨᠣᠴᠢᠲᠠᠶ᠂ ᠵᠠᠯᠠᠷᠠᠭᠤᠯᠬᠤ ᠶᠢ ᠲᠡᠪᠴᠢᠭᠰᠡᠨ᠂ ᠮᠠᠭᠤ ᠰᠠᠨᠠᠭ᠎ᠠ ᠲᠠᠢ ᠪᠠᠷ ᠴᠠᠯᠢᠩ ᠥᠷᠢᠲᠦᠭᠰᠡᠨ ᠪᠠᠶᠢᠪᠠᠯ᠂ ᠬᠠᠤᠯᠢ ᠶᠣᠰᠣᠭᠠᠷ ᠴᠢᠩᠭ᠎ᠠ ᠪᠥᠭᠡᠳ ᠬᠦᠨᠳᠦ ᠵᠠᠰᠠᠭ ᠵᠠᠬᠢᠷᠭᠠᠨ ᠤ ᠰᠢᠢᠳᠬᠡᠯ ᠦᠭᠭᠦᠨ᠎ᠡ᠂ ᠣᠳᠣ ᠪᠣᠯᠲᠠᠯ᠎ᠠ᠂ ᠬᠥᠳᠡᠯᠮᠦᠷᠢ ᠶᠢᠨ ᠬᠥᠯᠥᠰᠥ ᠣᠯᠭᠤᠮᠵᠢ ᠥᠭᠬᠦ ᠶᠢ ᠲᠡᠪᠴᠢᠭᠰᠡᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ 4 ᠬᠡᠷᠡᠭ ᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠵᠡᠢ᠃     ᠭᠤᠷᠪᠠ ᠳᠤ ᠴᠠᠯᠢᠩ ᠥᠷᠢᠲᠦᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠢᠲᠡᠭᠡᠮᠵᠢ ᠠᠯᠳᠠᠭᠰᠠᠨ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠤᠨ᠎ᠠ᠃ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠪᠠᠷᠢᠮᠵᠢᠶ᠎ᠠ ᠳᠤ ᠬᠦᠷᠦᠭᠰᠡᠨ 3 ᠠᠵᠢᠯᠴᠢᠨ ᠬᠡᠷᠡᠭᠯᠡᠬᠦ ᠠᠵᠤ ᠠᠬᠤᠶᠢᠯᠠᠯ ᠢ ᠲᠣᠭᠲᠠᠭᠠᠯ ᠶᠣᠰᠣᠭᠠᠷ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠢᠯᠡ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠢᠲᠡᠭᠡᠯ ᠠᠯᠳᠠᠭᠰᠠᠨ ᠠᠵᠤ ᠠᠬᠤᠶᠢᠯᠠᠯ ᠢ ︽ᠨᠢᠭᠡ ᠭᠠᠵᠠᠷ ᠬᠠᠤᠯᠢ ᠠᠴᠠ ᠵᠥᠷᠢᠴᠡᠪᠡᠯ᠂ ᠭᠠᠵᠠᠷ ᠪᠣᠯᠭᠠᠨ ᠳᠤ ᠬᠢᠵᠠᠭᠠᠷᠯᠠᠭᠳᠠᠬᠤ︾᠂ ︽ᠨᠢᠭᠡ ᠶᠢ ᠴᠣᠬᠢᠯᠲᠠ ᠥᠭᠴᠦ᠂ ᠨᠢᠭᠡ ᠬᠡᠰᠡᠭ ᠢ ᠰᠦᠷᠳᠡᠭᠦᠯᠬᠦ︾ ᠦᠢᠯᠡᠳᠦᠯ ᠦᠵᠡᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号