ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠡᠷᠴᠢᠮ ᠲᠠᠢ          ᠬᠠᠤᠯᠢᠵᠢᠯ ᠤᠨ ᠦᠵᠡᠯᠲᠡ ᠬᠥᠮᠥᠰ ᠤᠨ ᠰᠡᠳᠬᠢᠯ ᠳᠤ ᠬᠠᠳᠠᠩᠰᠢᠪᠠ
ᠨᠡᠶᠢᠲᠡᠯᠡᠭᠰᠡᠨ ᠴᠠᠭ᠄
2024/9/19
      ᠡᠨᠡ ᠵᠢᠯ ᠠᠴᠠ ᠨᠠᠭᠠᠰᠢ᠂ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠪᠠᠷ ᠳᠠᠮᠵᠢᠭᠤᠯᠤᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠵᠠᠭᠤᠨ ᠲᠠᠯᠠᠪᠤᠷ ᠥᠷᠨᠢᠭᠦᠯᠵᠦ᠂ ᠬᠠᠤᠯᠢ ᠶᠢ ᠬᠦᠨᠳᠦᠳᠬᠡᠬᠦ ᠬᠠᠤᠯᠢ ᠶᠢ ᠮᠡᠳᠡᠬᠦ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠪᠡ᠃      ᠬᠠᠤᠯᠢ ᠴᠠᠭᠠᠵᠠ ᠶᠢ ᠲᠦᠭᠡᠮᠡᠯᠵᠢᠭᠦᠯᠬᠦ ᠶᠢ ᠠᠵᠤ ᠠᠬᠤᠶᠢᠯᠠᠯ ᠳᠤ ᠣᠷᠣᠭᠤᠯᠵᠤ᠂ ᠬᠠᠤᠯᠢ ᠪᠠᠷ ᠵᠠᠰᠠᠬᠤ ᠪᠠᠷ ᠬᠦᠭᠵᠢᠯᠳᠡ ᠶᠢ ᠳᠡᠮᠵᠢᠨ᠎ᠡ      ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠴᠢᠳ ᠤᠨ ᠡᠪᠯᠡᠯ᠂ ᠲᠣᠭᠤᠷᠢᠭ ᠲᠤ ᠰᠠᠭᠤᠭ᠎ᠠ ᠡᠯ᠎ᠡ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ᠂ ᠬᠤᠳᠠᠯᠳᠤᠭᠠᠨ ᠤ ᠲᠣᠭᠤᠷᠢᠭ᠂ ᠵᠢᠵᠢᠭ ᠦᠢᠯᠡᠳᠬᠡᠯ ᠤᠨ ᠭᠠᠵᠠᠷ ᠲᠤ ᠭᠦᠨᠵᠡᠭᠡᠶᠢᠷᠡᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠵᠦ᠂ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ ᠢ ᠴᠠᠭ ᠲᠤᠬᠠᠶ ᠳᠤᠨᠢ ᠣᠶᠢᠯᠠᠭᠠᠵᠤ᠂ ᠠᠵᠤ ᠠᠬᠤᠶᠢᠯᠠᠯ ᠤᠨ ᠬᠠᠤᠯᠢ ᠪᠠᠷ ᠵᠠᠰᠠᠬᠤ ᠬᠡᠷᠡᠭᠴᠡᠭᠡ ᠱᠠᠭᠠᠷᠳᠠᠯᠭ᠎ᠠ ᠶᠢ ᠬᠦᠯᠢᠴᠡᠩᠭᠦᠶ ᠪᠠᠷ ᠰᠣᠨᠣᠰᠴᠤ᠂ ᠠᠵᠤ ᠠᠬᠤᠶᠢᠯᠠᠯ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠰᠣᠨᠣᠰᠴᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠠᠤᠯᠢ ᠴᠠᠭᠠᠵᠠ ᠶᠢᠨ ᠠᠰᠠᠭᠤᠳᠠᠯ ᠤᠨ ᠲᠤᠬᠠᠶ ︽ᠰᠤᠳᠠᠯ ᠪᠠᠷᠢᠵᠤ ᠵᠣᠷ ᠪᠢᠴᠢᠵᠦ︾ ᠦᠭᠭᠦᠨ᠎ᠡ᠃ ᠡᠨᠡ ᠵᠢᠯ ᠠᠴᠠ ᠨᠠᠭᠠᠰᠢ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠤ ᠠᠬᠤᠶᠢᠯᠠᠯ ᠳᠤ ᠣᠷᠣᠬᠤ ᠠᠵᠢᠯᠯᠠᠭ᠎ᠠ ᠶᠢ ᠨᠡᠶᠢᠲᠡ 20 ᠭᠠᠷᠤᠶ ᠤᠳᠠᠭ᠎ᠠ ᠥᠷᠨᠢᠭᠦᠯᠪᠡ᠃      ᠬᠠᠤᠯᠢ ᠴᠠᠭᠠᠵᠠ ᠶᠢ ᠲᠦᠭᠡᠮᠡᠯᠵᠢᠭᠦᠯᠬᠦ ᠶᠢ ᠨᠡᠶᠢᠭᠡᠮ ᠲᠣᠭᠤᠷᠢᠭ ᠲᠤ ᠣᠷᠣᠭᠤᠯᠵᠤ᠂ ᠬᠠᠤᠯᠢ ᠪᠠᠷ ᠵᠠᠰᠠᠬᠤ ᠨᠢ ᠬᠥᠮᠦᠨ ᠤ ᠰᠡᠳᠬᠢᠯ ᠢ ᠳᠤᠯᠠᠭᠠᠴᠠᠭᠤᠯᠤᠨ᠎ᠠ      ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠬᠤ᠂ ᠠᠰᠠᠭᠤᠨ ᠯᠠᠪᠯᠠᠬᠤ ᠳᠤ ᠨᠢᠭᠤᠷᠳᠠᠨ ᠬᠠᠷᠢᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠦᠨᠡᠨᠴᠢ ᠢᠲᠡᠭᠡᠮᠵᠢ ᠶᠢᠨ ᠰᠣᠶᠣᠯ ᠢ ᠤᠬᠠᠭᠤᠯᠵᠤ᠂ ᠬᠤᠪᠢ ᠬᠥᠮᠦᠨ ᠤ ᠦᠨᠡᠨᠴᠢ ᠢᠲᠡᠭᠡᠮᠵᠢ ᠶᠢᠨ ᠮᠡᠳᠡᠯᠭᠡ᠂ ᠢᠲᠡᠭᠡᠮᠵᠢ ᠶᠢᠨ ᠲᠥᠷᠥ ᠶᠢᠨ ᠪᠣᠳᠣᠯᠭ᠎ᠠ ᠵᠢᠴᠢ ᠦᠨᠡᠨᠴᠢ ᠢᠲᠡᠭᠡᠮᠵᠢ ᠶᠢᠨ ᠬᠤᠪᠢ ᠬᠥᠮᠦᠨ ᠤ ᠠᠮᠢᠳᠤᠷᠠᠯ ᠳᠤ ᠦᠵᠡᠭᠦᠯᠬᠦ ᠨᠥᠯᠥᠭᠡ ᠵᠡᠷᠭᠡ ᠠᠭᠤᠯᠭ᠎ᠠ ᠶᠢ ᠲᠦᠭᠡᠮᠡᠯᠵᠢᠭᠦᠯᠵᠦ᠂ ᠣᠯᠠᠨ ᠲᠦᠮᠡᠨ ᠤ ᠢᠲᠡᠭᠡᠮᠵᠢ ᠶᠢᠨ ᠲᠤᠬᠠᠶ ᠲᠠᠨᠢᠯᠲᠠ ᠶᠢᠨ ᠬᠡᠮᠵᠢᠶ᠎ᠡ ᠵᠢᠴᠢ ᠬᠠᠤᠯᠢ ᠴᠠᠭᠠᠵᠠ ᠶᠢᠨ ᠮᠡᠳᠡᠯᠭᠡ ᠶᠢᠨ ᠲᠤᠬᠠᠶ ᠣᠶᠢᠯᠠᠭᠠᠯᠲᠠ ᠪᠠ ᠬᠡᠷᠡᠭᠯᠡᠯᠲᠡ ᠶᠢ ᠳᠡᠭᠡᠭᠰᠢᠯᠡᠭᠦᠯᠵᠦ᠂ ᠣᠯᠠᠨ ᠲᠦᠮᠡᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ︽ᠦᠨᠡᠨᠴᠢ ᠢᠲᠡᠭᠡᠮᠵᠢ ᠪᠠᠷ ᠦᠨᠳᠦᠰᠦ ᠪᠤᠯᠭᠠᠬᠤ ᠰᠤᠷᠲᠠᠯ ᠢ ᠴᠢᠬᠤᠯᠠᠴᠢᠯᠠᠵᠦ︾ ᠦᠵᠡᠯᠲᠡ ᠶᠢ ᠪᠣᠶ ᠪᠤᠯᠭᠠᠨ᠎ᠠ᠃ ᠡᠨᠡ ᠵᠢᠯ ᠠᠴᠠ ᠨᠠᠭᠠᠰᠢ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠨᠡᠶᠢᠭᠡᠮ ᠲᠣᠭᠤᠷᠢᠭ ᠲᠤ ᠣᠷᠣᠬᠤ ᠠᠵᠢᠯᠯᠠᠭ᠎ᠠ ᠶᠢ ᠨᠡᠶᠢᠲᠡ 80 ᠭᠠᠷᠤᠶ ᠤᠳᠠᠭ᠎ᠠ ᠥᠷᠨᠢᠭᠦᠯᠪᠡ᠃      ᠬᠠᠤᠯᠢ ᠴᠠᠭᠠᠵᠠ ᠶᠢ ᠲᠦᠭᠡᠮᠡᠯᠵᠢᠬᠦᠯᠬᠦ ᠶᠢ ᠪᠠᠶᠢᠭᠤᠯᠭ᠎ᠠ ᠳᠤ ᠤᠷᠤᠭᠤᠯᠵᠦ᠂ ᠬᠠᠤᠯᠢ ᠪᠠᠷ ᠵᠠᠰᠠᠬᠤ ᠪᠠᠷ ᠦᠢᠯᠡᠴᠢᠯᠡᠭᠡ ᠶᠢ ᠠᠬᠢᠭᠤᠯᠤᠨ᠎ᠠ      ᠪᠥᠬᠦ ᠲᠤᠭᠤᠷᠢᠭ ᠤᠨ 70 ᠭᠠᠷᠤᠶ ᠨᠢᠭᠡᠴᠢ ᠳᠤ 140 ᠭᠠᠷᠤᠶ ᠢᠵᠢ ᠦᠨᠡᠨᠴᠢ ᠢᠲᠡᠭᠡᠮᠵᠢ ᠶᠢᠨ ᠬᠠᠮᠢᠶ᠎ᠠ ᠪᠥᠬᠦᠶ ᠨᠣᠮ ᠪᠢᠴᠢᠭ ᠲᠠᠷᠬᠠᠭᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠠᠪᠰᠤᠷᠤᠨ ᠶᠡᠷᠦᠩᠬᠡᠶ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ᠃ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 9 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠢ ᠡᠷᠬᠢᠯᠡᠵᠦ᠂ ᠤᠳᠤᠷᠢᠳᠬᠤ ᠺᠠᠳ᠋ᠷ ᠤᠨ ᠬᠠᠤᠯᠢᠵᠢᠯ ᠤᠨ ᠬᠡᠪ ᠪᠣᠯᠪᠠᠰᠤᠷᠠᠯ ᠢ ᠴᠢᠨᠠᠭᠰᠢᠳᠠ ᠳᠡᠭᠡᠭᠰᠢᠯᠡᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠡᠨᠡ ᠵᠢᠯ ᠠᠴᠠ ᠨᠠᠭᠠᠰᠢ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠᠶᠢᠭᠤᠯᠭ᠎ᠠ ᠳᠤ ᠣᠷᠣᠬᠤ ᠠᠵᠢᠯᠯᠠᠭ᠎ᠠ ᠶᠢ ᠨᠡᠶᠢᠲᠡ 10 ᠭᠠᠷᠤᠶ ᠤᠳᠠᠭ᠎ᠠ ᠥᠷᠨᠢᠭᠦᠯᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号