ᠣᠶᠢᠷ᠎ᠠ ᠳᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠬᠤᠷᠢᠶᠠᠨ ᠤ ᠱᠦᠵᠢ ᠳ᠋ᠢᠩ ᠺᠠᠶ ᠪᠦᠯᠬᠦᠮ ᠳᠠᠭᠠᠭᠤᠯᠤᠨ ᠰᠢᠶᠠᠮᠧᠨ | ᠬᠤᠲᠠ᠂ ᠱᠠᠩᠬᠠᠶ ᠬᠤᠲᠠ᠂ ᠴᠠᠩᠱᠠ ᠬᠤᠲᠠ ᠵᠡᠷᠭᠡ ᠭᠠᠵᠠᠷ ᠲᠤ ᠬᠦᠷᠴᠦ᠂ ᠤᠰᠤᠲᠥ᠋ᠷᠥᠭᠴᠢ ᠡᠨᠧᠷᠭᠢ᠂ ᠰᠢᠨ᠎ᠡ | ᠡᠨᠧᠷᠭᠢ ᠶᠢᠨ ᠮᠠᠰᠢᠨ ᠲᠡᠷᠭᠡ᠂ ᠰᠢᠨ᠎ᠡ ᠮᠠᠲ᠋ᠧᠷᠢᠶᠠᠯ ᠵᠢᠴᠢ ᠬᠤᠭᠤᠴᠠᠭᠠᠲᠤ ᠪᠠᠷᠠᠭ᠎ᠠ ᠶᠢᠨ ᠠᠷᠠᠯᠵᠢᠶ᠎ᠠ ᠵᠡᠷᠭᠡ ᠬᠦᠷᠢᠶ᠎ᠡ | ᠴᠠᠷᠠᠭ᠎ᠠ ᠶᠢᠨ ᠲᠣᠭᠤᠷᠢᠨ ᠳᠤ ᠬᠤᠳᠠᠯᠳᠤᠭᠠᠴᠢᠨ ᠤᠷᠢᠬᠤ ᠠᠵᠢᠯ ᠢ ᠥᠷᠨᠢᠭᠦᠯᠪᠡ᠃ | ᠳ᠋ᠢᠩ ᠺᠠᠶ ᠨᠠᠷ ᠤᠷᠢᠳ ᠬᠤᠵᠢᠳ ᠰᠢᠶᠠᠮᠧᠨ ᠤᠯᠤᠰ ᠤᠨ ᠠᠷᠠᠯᠵᠢᠶ᠎ᠠ᠂ ᠰᠢᠶᠠᠮᠧᠨ ᠶᠢᠨ ᠯᠦᠩ᠂ | ᠱᠠᠩᠬᠠᠶ ᠵᠢᠶᠧ ᠨᠢᠩ᠂ ᠶᠦᠨ ᠯᠦ ᠰᠢᠨ᠎ᠡ ᠡᠨᠧᠷᠭᠢ᠂ ᠵᠥᠩ ᠨᠠᠨ ᠶᠡᠭᠡ ᠰᠤᠷᠭᠠᠭᠤᠯᠢ ᠶᠢᠨ ᠤᠯᠤᠰ ᠤᠨ ᠶᠡᠭᠡ | ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠵᠡᠷᠭᠡ ᠠᠵᠤ ᠠᠬᠤᠶᠢᠯᠠᠯ᠂ ᠪᠠᠶᠢᠭᠤᠯᠤᠮᠵᠢ ᠳᠤ | ᠬᠦᠷᠴᠦ᠂ ᠬᠠᠮᠢᠶ᠎ᠠ ᠪᠥᠬᠦᠶ ᠦᠢᠯᠡᠳᠪᠦᠷᠢᠯᠡᠯ ᠤᠨ ᠲᠠᠰᠤᠭ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠠᠵᠤ | ᠠᠬᠤᠶᠢᠯᠠᠯ ᠤᠨ ᠦᠢᠯᠡᠳᠪᠦᠷᠢᠯᠡᠯ ᠤᠨ ᠤᠷᠠᠯᠠᠯ᠂ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ᠂ ᠬᠥᠭᠵᠢᠯᠲᠡ ᠶᠢᠨ | ᠲᠥᠯᠥᠪᠵᠢᠭᠦᠯᠭᠡ᠂ ᠲᠤᠬᠠᠶᠢᠯᠠᠭᠰᠠᠨ ᠠᠵᠢᠯ ᠤᠨ ᠵᠠᠭᠪᠤᠷ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠴᠢᠩᠱᠠᠨ | ᠲᠣᠭᠤᠷᠢᠭ ᠤᠨ ᠡᠬᠢ ᠪᠠᠶᠠᠯᠢᠭ ᠤᠨ ᠳᠠᠪᠠᠭᠤᠯᠢᠭ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ᠂ ᠠᠵᠤ ᠦᠢᠯᠡᠰ ᠤᠨ | ᠢᠵᠢ ᠪᠥᠷᠢᠳᠦᠭᠦᠯᠦᠯ᠂ ᠠᠬᠤᠶ ᠲᠠᠯᠠᠪᠠᠶ ᠶᠢᠨ ᠠᠮᠢ ᠠᠬᠤᠶ ᠵᠡᠷᠭᠡ ᠲᠠᠯ᠎ᠠ ᠶᠢᠨ ᠳᠠᠪᠠᠭᠤᠯᠢᠭ ᠢ ᠲᠠᠨᠢᠯᠴᠠᠭᠤᠯᠵᠤ᠂ | ᠲᠥᠷᠥᠯ ᠵᠦᠢᠯ ᠤᠨ ᠬᠠᠮᠲᠤᠷᠠᠯᠴᠠᠭ᠎ᠠ ᠶᠢᠨ ᠲᠣᠭᠤᠷᠢᠨ ᠳᠤ ᠭᠦᠨᠵᠡᠭᠡᠶ ᠵᠥᠪᠳᠡᠯᠴᠡᠨ ᠶᠠᠷᠢᠯᠴᠠᠭᠰᠠᠨ ᠪᠥᠭᠡᠳ ᠣᠯᠠᠨ | ᠲᠠᠯᠠᠰᠲᠤ ᠴᠠᠬᠢᠭᠤᠷ ᠤᠨ ᠬᠤᠭᠤᠴᠠᠭᠠᠲᠤ ᠪᠠᠷᠠᠭ᠎ᠠ ᠶᠢᠨ ᠲᠠᠰᠤᠯᠤᠨ ᠪᠤᠳᠤᠬᠤ ᠲᠤᠬᠠᠶᠢᠯᠠᠭᠰᠠᠨ ᠠᠵᠢᠯ ᠢ ᠥᠷᠨᠢᠭᠦᠯᠬᠦ᠂ | ᠤᠰᠤᠲᠥ᠋ᠷᠥᠭᠴᠢ ᠳ᠋ᠢᠶᠠᠨ ᡂᠢ ᠶᠢᠨ ᠰᠢᠰᠲ᠋ᠧᠮ ᠢ ᠤᠭᠰᠠᠷᠠᠬᠤ ᠪᠠ ᠤᠰᠤᠲᠥ᠋ᠷᠥᠭᠴᠢ ᠬᠠᠳᠠᠭᠠᠯᠠᠬᠤ ᠰᠢᠰᠲ᠋ᠧᠮ ᠤᠨ | ᠦᠢᠯᠡᠳᠪᠦᠷᠢᠯᠡᠯ ᠤᠨ ᠱᠤᠭᠤᠮ ᠢ ᠪᠠᠶᠢᠭᠤᠯᠬᠤ᠂ ᠯᠢᠲ᠋ᠢ ᠴᠠᠬᠢᠯᠭᠠᠨ ᠪᠠᠯ ᠴᠢᠯᠠᠭᠤᠨ ᠪᠢᠯᠢᠭ ᠲᠦᠢᠯ ᠤᠨ | ᠮᠠᠲ᠋ᠧᠷᠢᠶᠠᠯ ᠤᠨ ᠲᠥᠷᠥᠯ ᠵᠦᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠬᠤ ᠵᠡᠷᠭᠡ ᠶᠠᠪᠤᠳᠠᠯ ᠤᠨ | ᠲᠤᠬᠠᠶ ᠰᠠᠨᠠᠯ ᠨᠢᠭᠡᠳᠪᠡ᠃ | ᠳ᠋ᠢᠩ ᠺᠠᠢ᠂ ᠤᠢᠢᠷ᠎ᠠ ᠶᠢᠨ ᠵᠢᠯ ᠠᠴᠠ ᠴᠢᠩᠱᠠᠨ ᠲᠣᠭᠤᠷᠢᠭ ᠭᠠᠵᠠᠷ ᠣᠷᠣᠨ ᠤ ᠰᠠᠯᠬᠢ ᠭᠡᠷᠡᠯ ᠤᠨ ᠡᠬᠢ | ᠪᠠᠶᠠᠯᠢᠭ ᠡᠯᠪᠡᠭ᠂ ᠠᠵᠤ ᠦᠢᠯᠡᠰ ᠢ ᠢᠵᠢ ᠪᠦᠷᠢᠳᠦᠭᠦᠯᠦᠨ ᠲᠡᠭᠦᠯᠳᠡᠷᠵᠢᠭᠦᠯᠬᠦ᠂ ᠡᠯᠧᠮᠧᠨ᠋ᠲ ᠤᠨ ᠪᠠᠲᠤᠯᠠᠭ᠎ᠠ ᠪᠦᠷᠢᠨ | ᠪᠠᠶᠢᠬᠤ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ᠂ | ᠤᠰᠤᠲᠥ᠋ᠷᠥᠭᠴᠢ ᠡᠨᠧᠷᠭᠢ᠂ ᠡᠨᠧᠷᠭᠢ ᠬᠠᠳᠠᠭᠠᠯᠠᠬᠤ ᠵᠡᠷᠭᠡ ᠤᠨᠴᠠᠯᠢᠬᠳᠤ ᠠᠵᠤ ᠦᠢᠯᠡᠰ ᠢ ᠢᠳᠡᠪᠬᠢᠲᠡᠢ | ᠪᠠᠶᠢᠷᠢᠰᠢᠭᠤᠯᠤᠨ ᠬᠥᠭᠵᠢᠭᠦᠯᠵᠦ᠂ ᠦᠷᠭᠦᠯᠵᠢᠯᠡᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠣᠯᠵᠤ᠂ ᠲᠠᠯᠠᠪᠤᠷ ᠠᠮᠢ | ᠠᠬᠤᠢ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠵᠦ᠂ ᠠᠵᠤ ᠦᠢᠯᠡᠰ ᠤᠨ | ᠬᠡᠪᠴᠢᠶ᠎ᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠭᠠᠵᠠᠷ | ᠣᠷᠣᠨ ᠤ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ᠂ ᠬᠠᠮᠲᠤᠷᠠᠯᠴᠠᠭᠠᠨ ᠤ ᠣᠷᠣᠨ ᠵᠠᠢ ᠥᠷᠭᠡᠨ ᠠᠭᠤᠳᠠᠮ | ᠪᠠᠶᠢᠨ᠎ᠠ᠃ ᠠᠵᠤ ᠠᠬᠤᠶᠢᠯᠠᠯᠲᠠᠳ ᠪᠤᠭᠤᠲᠤ ᠳᠤ ᠢᠷᠡᠵᠦ ᠴᠢᠩᠱᠠᠨ ᠢᠶᠠᠷ ᠲᠣᠭᠤᠷᠢᠨ ᠦᠵᠡᠵᠦ ᠰᠢᠨᠵᠢᠯᠡᠨ | ᠪᠠᠶᠢᠴᠠᠭᠠᠬᠤ ᠶᠢ ᠪᠠᠶᠠᠷᠯᠠᠨ ᠤᠭᠲᠤᠵᠤ᠂ ᠪᠢᠳᠡ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠪᠠᠷ | ᠤᠳᠤᠷᠢᠳᠤᠮᠵᠢ ᠪᠣᠯᠭᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠵᠤ ᠳᠡᠶᠢᠯᠬᠦ ᠬᠥᠭᠵᠢᠯᠲᠡ ᠪᠠᠷ ᠪᠠᠷᠢᠮᠵᠢᠶ᠎ᠠ ᠪᠣᠯᠭᠠᠵᠤ᠂ | ᠦᠢᠯᠡᠴᠢᠯᠡᠭᠡᠨ ᠤ ᠭᠦᠶᠦᠯᠲᠡ ᠶᠢᠨ ᠴᠢᠳᠠᠪᠤᠷᠢ ᠶᠢ ᠤᠨᠢᠨ ᠳᠡᠭᠡᠷ᠎ᠡ ᠨᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ | ᠬᠥᠭᠵᠢᠯᠲᠡ ᠳᠤ ᠪᠦᠬᠦ ᠬᠡᠯᠬᠢᠶ᠎ᠡ ᠶᠢᠨ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠴᠢᠳᠠᠯ ᠤᠨ | ᠬᠢᠷᠢ ᠪᠠᠷ ᠢᠶᠠᠨ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠠᠢ ᠶᠠᠪᠤᠳᠠᠯ ᠬᠢᠵᠦ᠂ ᠠᠵᠤ | ᠠᠬᠤᠶᠢᠯᠠᠯ ᠤᠨ ᠴᠢᠩᠱᠠᠨ ᠲᠣᠭᠤᠷᠢᠭ ᠲᠤ ᠪᠡᠯᠡ ᠣᠷᠣᠭᠤᠯᠤᠨ ᠦᠢᠯᠡᠰ ᠪᠤᠰᠬᠠᠬᠤ᠂ ᠪᠡᠯᠡ ᠮᠥᠩᠭᠦ ᠪᠠᠨ | ᠨᠡᠮᠡᠭᠳᠡᠭᠦᠯᠦᠨ ᠦᠢᠯᠡᠳᠪᠦᠷᠢᠯᠡᠯ ᠢᠶᠠᠨ ᠥᠷᠭᠡᠳᠬᠡᠬᠦ ᠳᠤ ᠦᠨᠡᠨᠬᠦ ᠲᠦᠬᠦᠮ ᠦᠢᠯᠡᠴᠢᠯᠡᠭᠡ ᠬᠠᠩᠭᠠᠵᠤ᠂ ᠪᠦᠬᠦ | ᠶᠠᠪᠤᠴᠠ ᠳᠤ ᠬᠠᠮᠠᠭᠠᠯᠠᠨ᠎ᠠ ᠭᠡᠵᠦ ᠢᠯᠡᠳᠭᠡᠪᠡ᠃ | ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠴᠢᠩᠱᠠᠨ ᠲᠣᠭᠤᠷᠢᠭ ᠤᠨ ᠣᠷᠣᠨ ᠪᠠᠶᠢᠷᠢ ᠶᠢᠨ ᠳᠠᠪᠠᠭᠤᠯᠢᠭ᠂ | ᠠᠵᠤ ᠦᠢᠯᠡᠰ ᠤᠨ ᠢᠵᠢ ᠪᠦᠷᠢᠳᠦᠭᠰᠡᠨ ᠰᠠᠭᠤᠷᠢ ᠪᠣᠯᠤᠨ ᠬᠤᠳᠠᠯᠳᠤᠭᠠᠡᠵᠡᠩᠨᠡᠬᠦ ᠣᠷᠴᠢᠨ ᠲᠣᠭᠤᠷᠢᠨ ᠢ | ᠭᠦᠢᠴᠡᠳ ᠮᠡᠳᠡᠷᠡᠵᠦ ᠪᠠᠶᠢᠬᠤ ᠪᠥᠭᠡᠳ ᠲᠤᠰ ᠤᠳᠠᠭ᠎ᠠ ᠶᠢᠨ ᠵᠣᠯᠭᠠᠭᠤᠯᠤᠨ ᠵᠥᠪᠳᠡᠯᠴᠡᠬᠦ ᠪᠠᠷ ᠳᠠᠮᠵᠢᠭᠤᠯᠵᠤ᠂ | ᠴᠢᠩᠱᠠᠨ ᠲᠣᠭᠤᠷᠢᠭ ᠲᠠᠬᠢ ᠪᠡᠯᠡ ᠣᠷᠣᠭᠤᠯᠤᠯᠲᠠ ᠶᠢᠨ ᠢᠲᠡᠭᠡᠯ ᠵᠣᠷᠢᠭ ᠢᠶᠠᠨ ᠴᠢᠨᠠᠭᠰᠢᠳᠠ ᠪᠠᠲᠤᠳᠬᠠᠵᠤ᠂ | ᠬᠤᠶᠢᠰᠢᠳᠠ ᠬᠠᠮᠲᠤᠷᠠᠯᠴᠠᠭᠠᠨ ᠤ ᠠᠭᠤᠯᠭ᠎ᠠ ᠪᠠᠨ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠬᠠᠮᠲᠤᠷᠠᠯᠴᠠᠭᠠᠨ ᠤ | ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠡᠬᠢᠯᠡᠭᠦᠯᠵᠦ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ | ᠤᠯᠬᠤ ᠶᠢ ᠠᠬᠢᠭᠤᠯᠤᠨ᠎ᠠ ᠭᠡᠵᠦ ᠢᠯᠡᠳᠬᠡᠪᠡ᠃ | ᠲᠣᠭᠤᠷᠢᠭ ᠤᠨ ᠤᠳᠤᠷᠢᠳᠤᠯᠭ᠎ᠠ ᠵᠤᠤ ᠵᠢᠶᠠᠨ ᠭᠠᠩ ᠵᠢᠴᠢ ᠲᠣᠭᠤᠷᠢᠭ ᠤᠨ ᠠᠷᠠᠯᠵᠢᠶᠠᠴᠢᠨ ᠤᠷᠢᠬᠤ | ᠲᠣᠪᠴᠢᠶ᠎ᠠ᠂ ᠬᠦᠷᠢᠶᠡᠯᠡᠩ ᠲᠣᠭᠤᠷᠢᠭ ᠵᠡᠷᠭᠡ ᠬᠤᠯᠪᠣᠭᠳᠠᠯ ᠪᠦᠬᠦᠢ ᠨᠥᠬᠦᠳ ᠰᠢᠨᠵᠢᠯᠡᠨ ᠪᠠᠶᠢᠴᠠᠭᠠᠬᠤ ᠪᠠ | ᠵᠥᠪᠳᠡᠯᠴᠡᠬᠦ ᠳᠤ ᠣᠷᠣᠯᠴᠠᠪᠠ᠃ | | | |