ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠢᠦᠢ ᠼᠠᠢ ᠨᠡᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢᠨ ᠬᠤᠭᠤᠯᠠ ᠲᠤᠰᠠᠯᠠᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ
ᠨᠡᠶᠢᠲᠡᠯᠡᠭᠰᠡᠨ ᠴᠠᠭ᠄
2024/9/20
      ᠨᠠᠰᠤᠲᠠᠶᠢᠴᠤᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ᠂ ᠨᠠᠰᠤᠵᠢᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠢᠦᠢ ᠼᠠᠢ ᠨᠡᠶᠢᠭᠡᠮ ᠲᠣᠭᠤᠷᠢᠭ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ᠲᠠᠢ ᠬᠠᠮᠲᠤᠷᠠᠨ ︽ᠬᠠᠶᠢᠷ᠎ᠠ ᠬᠠᠯᠠᠮᠵᠢ ᠶᠢᠨ ᠬᠤᠭᠤᠯᠠ· ᠨᠠᠰᠤᠲᠠᠶᠢᠴᠤᠳ ᠤᠨ ᠰᠡᠳᠬᠢᠯ ᠢ ᠳᠤᠯᠠᠭᠠᠴᠠᠭᠤᠯᠬᠤ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠭᠠᠭᠴᠠᠭᠠᠷ ᠰᠠᠭᠤᠭ᠎ᠠ᠂ ᠬᠦᠴᠢᠷᠳᠡᠯᠲᠡᠶ ᠨᠠᠰᠤᠲᠠᠶᠢᠴᠤᠳ ᠲᠤ ᠬᠠᠶᠢᠷ᠎ᠠ ᠬᠠᠯᠠᠮᠵᠢ ᠶᠢᠨ ᠦᠳᠡ ᠶᠢᠨ ᠬᠤᠭᠤᠯᠠ ᠬᠦᠷᠭᠡᠪᠡ᠃      ᠲᠣᠰ ᠤᠳᠠᠭᠠᠨ ᠤ ᠰᠢᠮ᠎ᠡ ᠲᠡᠵᠢᠭᠡᠯ ᠤᠨ ᠬᠤᠭᠤᠯᠠ ᠨᠢ ᠨᠠᠰᠤᠲᠠᠶᠢᠴᠤᠳ ᠤᠨ ᠬᠤᠭᠤᠯᠠᠨ ᠤ ᠳᠠᠳᠬᠠᠯ ᠢ ᠦᠨᠳᠦᠰᠦᠯᠡᠨ᠂ ᠬᠤᠭᠤᠯᠠᠨ ᠤ ᠣᠨᠴᠠᠯᠢᠭ ᠢ ᠦᠨᠳᠦᠰᠦᠯᠡᠨ ᠨᠠᠰᠤᠲᠠᠨ ᠳᠤ ᠳᠣᠭᠢᠷᠠᠬᠤ ᠥᠭᠡᠷᠡᠴᠢᠯᠡᠯᠲᠡ ᠬᠢᠵᠦ᠂ ᠨᠠᠰᠤᠲᠠᠶᠢᠴᠤᠳ ᠤᠨ ᠬᠤᠭᠤᠯᠠᠨ ᠤ ᠲᠣᠰᠣ ᠴᠥᠭᠡᠨ᠂ ᠳᠠᠪᠤᠰᠤ ᠪᠠᠭᠠᠲᠠᠶ ᠪᠠᠶᠢᠬᠤ ᠶᠢ ᠠᠩᠬᠠᠷᠴᠤ᠂ ᠮᠢᠬ᠎ᠠ ᠨᠢ ᠵᠠᠪᠠᠯ ᠵᠥᠭᠡᠯᠡᠨ᠂ ᠰᠢᠨᠵᠢᠯᠡᠬᠦ ᠤᠬᠠᠭᠠᠨᠴᠢ ᠨᠤᠭᠤᠭ᠎ᠠ ᠮᠢᠬ᠎ᠠ ᠣᠯᠠᠨ ᠶᠠᠩᠵᠤ ᠶᠢᠨ ᠪᠠᠶᠢᠨ᠎ᠠ᠃ ᠨᠠᠰᠤᠲᠠᠶᠢᠴᠤᠳ ᠤᠨ ᠬᠤᠭᠤᠯᠠ ᠬᠡᠷᠡᠭᠯᠡᠬᠦ ᠬᠡᠷᠡᠭᠴᠡᠭᠡ ᠶᠢ ᠬᠠᠩᠭᠠᠵᠤ᠂ ᠨᠠᠰᠤᠲᠠᠢᠴᠤᠳ ᠤᠨ ᠰᠡᠳᠭᠢᠯ ᠢ ᠳᠤᠯᠠᠭᠠᠴᠠᠭᠤᠯᠵᠦ᠂ ᠢᠯᠡᠭᠦᠬᠡᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠬᠢᠬᠦ ᠶᠢ ᠬᠦᠰᠡᠵᠦ ᠪᠠᠶᠢᠨ᠎ᠠ ᠭᠡᠵᠦ ᠸᠠᠩ ᠠᠨᠢᠶ᠎ᠠ ᠪᠠᠶᠠᠷᠲᠠᠢ ᠪᠠᠷ ᠬᠡᠯᠡᠪᠡ᠃      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠵᠡᠭᠡᠯᠢ ᠭᠤᠳᠤᠮᠵᠢ ᠪᠠ ᠨᠡᠶᠢᠭᠡᠮ ᠲᠣᠭᠤᠷᠢᠭ ᠤᠨ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠰᠤᠲᠠᠶᠢᠴᠤᠳ ᠤᠨ ︽ᠬᠤᠭᠤᠯᠠ ᠢᠳᠡᠬᠦ ᠳᠤ ᠬᠦᠴᠢᠷ︾ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠬᠤᠶᠢᠰᠢᠳᠠ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠢᠦᠢ ᠼᠠᠢ ᠨᠡᠶᠢᠭᠡᠮ ᠲᠣᠭᠤᠷᠢᠭ ᠢᠮᠠᠭᠲᠠ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠵᠠᠰᠠᠯᠲᠠ ᠪᠠ ᠦᠢᠯᠡᠴᠢᠯᠡᠭᠡᠨ ᠤ ᠡᠴᠦᠰ ᠤᠨ ᠨᠢᠭᠡ ᠺᠢᠯᠤᠮᠧᠲᠷ ᠢ ᠲᠠᠰᠤᠷᠠᠯᠲᠠ ᠦᠭᠡᠢ ᠰᠠᠶᠢᠲᠤᠷ ᠬᠢᠵᠦ ᠪᠣᠳᠠᠲᠠᠶᠢᠵᠢᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠦᠨᠡᠨ ᠪᠣᠳᠠᠲᠠᠶ ᠬᠦᠷᠲᠡᠮᠵᠢ ᠶᠢᠨ ᠲᠥᠷᠥᠭᠳᠡᠯ ᠥᠭᠭᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号