ᠨᠠᠷᠢᠨ ᠨᠢᠮᠪᠠᠶ ᠪᠡᠯᠡᠳᠬᠡᠬᠦ ᠪᠠ ᠥᠨᠳᠥᠷ ᠪᠦᠲᠦᠮᠵᠢᠲᠡᠶ ᠪᠠᠷ ᠪᠠᠷᠢᠯᠭ᠎ᠠ ᠪᠠᠷᠢᠬᠤ ᠪᠠᠷ ᠳᠡᠮᠵᠢᠨ᠂ ᠠᠩᠬᠠᠷᠴᠤ | ᠪᠠᠶᠢᠭ᠎ᠠ ᠾᠧ ᠴᠧᠩᠣᠮᠠᠷᠠᠲᠤ ᠵᠠᠮ ︵ᠬᠠᠪᠰᠤᠷᠤᠯᠴᠠᠬᠤ ᠵᠠᠮ ᠠᠴᠠ ᠠᠷᠠᠳᠴᠢᠯᠠᠭᠰᠠᠨ ᠵᠠᠮ︶ ᠶᠢ ᠥᠭᠡᠷᠡᠴᠢᠯᠡᠬᠦ | ᠢᠨᠵᠧᠨᠧᠷᠢᠩ ᠨᠢ 2024 ᠣᠨ ᠤ 7 ᠰᠠᠷ᠎ᠠ ᠶᠢᠨ 21 ᠤ ᠡᠳᠦᠷ ᠵᠢᠩᠬᠢᠨᠢ ᠪᠠᠷ ᠠᠵᠢᠯ ᠡᠬᠢᠯᠡᠭᠦᠯᠦᠭᠰᠡᠨ ᠪᠥᠭᠡᠳ | ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠪᠥᠬᠦ ᠬᠥᠮᠦᠰ ᠤᠨ ᠬᠠᠮᠲᠤ ᠶᠢᠨ ᠴᠢᠷᠮᠠᠶᠢᠯᠭ᠎ᠠ ᠪᠠᠷ᠂ ᠲᠣᠰ ᠵᠢᠯ ᠤᠨ | 8 ᠰᠠᠷ᠎ᠠ ᠶᠢᠨ 27 ᠤ ᠡᠳᠦᠷ ᠪᠥᠬᠦ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠵᠦ᠂ ᠤᠷᠢᠳᠴᠢᠯᠠᠨ ᠲᠡᠷᠭᠡ ᠨᠡᠪᠲᠡᠷᠡᠬᠦ ᠬᠠᠷᠠᠯᠲᠠ ᠶᠢ ᠪᠡᠶᠡᠯᠡᠭᠦᠯᠦᠨ᠂ ᠬᠤᠲᠠ ᠶᠢᠨ ᠠᠷᠠᠳ ᠤᠨ ᠶᠠᠪᠤᠵᠤ | ᠰᠠᠭᠤᠬᠤ ᠳᠤ ᠲᠦᠢᠯ ᠤᠨ ᠶᠡᠭᠡ ᠲᠥᠬᠦᠮ ᠦᠵᠡᠭᠦᠯᠦᠭᠰᠡᠨ ᠪᠠᠶᠢᠨ᠎ᠠ᠃ | ᠲᠣᠰ ᠤᠳᠠᠭᠠᠨ ᠤ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ ᠣᠯᠠᠨ ᠱᠠᠲᠤ ᠦᠶ᠎ᠡ ᠬᠤᠪᠢᠶᠠᠨ | ᠬᠡᠷᠡᠭᠵᠢᠭᠦᠯᠵᠦ᠂ ᠢᠨᠵᠧᠨᠧᠷᠢᠩ ᠢ ᠵᠠᠮ ᠤᠨ ᠰᠠᠭᠤᠷᠢ ᠪᠡᠯᠡᠳᠬᠡᠮᠵᠢ ᠶᠢᠨ ᠲᠠᠰ ᠳᠡᠪᠰᠢᠬᠦ ᠪᠠ ᠲᠡᠭᠦᠯᠳᠡᠷᠵᠢᠭᠦᠯᠬᠦ ᠳᠤ | ᠲᠥᠪᠯᠡᠷᠡᠭᠦᠯᠵᠦ᠂ ᠡᠭᠦᠨ ᠳᠤ ᠵᠠᠮ ᠤᠨ ᠭᠤᠤᠯ ᠴᠣᠭᠴᠠ ᠶᠢᠨ ᠪᠦᠲᠦᠴᠡ ᠶᠢ ᠳᠠᠬᠢᠨ ᠪᠠᠶᠢᠭᠤᠯᠬᠤ ᠵᠢᠴᠢ ᠪᠣᠷᠣᠭᠠᠨ ᠤ | ᠤᠰᠤᠨ ᠤ ᠬᠤᠭᠤᠯᠠᠶ ᠱᠤᠭᠤᠮ ᠢ ᠢᠵᠢ ᠪᠥᠷᠢᠳᠦᠭᠦᠯᠬᠦ ᠶᠢ ᠪᠠᠭᠲᠠᠭᠠᠨ᠎ᠠ᠃ ᠵᠠᠮ ᠤᠨ ᠪᠥᠬᠦ ᠣᠷᠳᠣ ᠨᠢ 388 ᠮᠧᠲᠷ᠂ | ᠨᠠᠷᠢᠨ ᠨᠢᠮᠪᠠᠶ ᠵᠢᠷᠤᠵᠤ ᠲᠥᠯᠥᠪᠯᠡᠬᠦ ᠪᠠ ᠪᠠᠷᠢᠵᠤ ᠪᠠᠶᠢᠭᠤᠯᠬᠤ ᠪᠠᠷ ᠳᠡᠮᠵᠢᠨ᠂ ᠵᠠᠮ ᠤᠨ ᠨᠡᠪᠲᠡᠷᠡᠬᠦ ᠴᠢᠳᠠᠪᠤᠷᠢ ᠶᠢ | ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠴᠢᠳᠠᠮᠵᠢ ᠶᠢ | ᠢᠯᠡᠳᠲᠡ ᠴᠢᠩᠭᠠᠷᠠᠭᠤᠯᠪᠠ᠃ D600 ᠪᠣᠷᠣᠭᠠᠨ ᠤ ᠤᠰᠤᠨ ᠤ ᠬᠤᠭᠤᠯᠠᠶ ᠶᠢᠨ ᠱᠤᠭᠤᠮ ᠤᠨ ᠪᠦᠬᠦ ᠤᠷᠲᠤ ᠨᠢ | 392 ᠮᠧᠲᠷ ᠪᠠᠶᠢᠵᠤ᠂ ᠥᠨᠳᠥᠷ ᠪᠠᠷᠢᠮᠵᠢᠶᠠᠲᠤ ᠮᠠᠲ᠋ᠧᠷᠢᠶᠠᠯ ᠪᠣᠯᠤᠨ ᠮᠡᠷᠭᠡᠵᠢᠯ ᠤᠨ ᠪᠠᠷᠢᠮᠵᠢᠶ᠎ᠠ ᠪᠠᠷ ᠪᠦᠲᠦᠭᠡᠨ | ᠪᠠᠶᠢᠭᠤᠯᠵᠤ᠂ ᠪᠣᠷᠣᠭᠠᠨ ᠤ ᠤᠰᠤ ᠪᠤᠰᠢᠭᠤ ᠲᠦᠷᠭᠡᠨ᠂ ᠰᠢᠭᠤᠳ ᠬᠤᠲᠠ ᠶᠢᠨ ᠤᠰᠤ ᠵᠠᠯᠠᠬᠤ ᠰᠢᠰᠲ᠋ᠧᠮ ᠢ ᠦᠨᠡᠨᠬᠦ | ᠪᠠᠲᠤᠯᠠᠵᠤ᠂ ᠪᠣᠷᠣᠭᠠᠨ ᠤ ᠤᠯᠠᠷᠢᠯ ᠳᠤ ᠤᠰᠤᠲᠤᠭᠰᠠᠨ ᠠᠰᠠᠭᠤᠳᠠᠯ ᠢ ᠪᠦᠲᠦᠮᠵᠢᠲᠡᠶ ᠨᠠᠮᠳᠠᠭᠤᠯᠪᠠ᠃ | ᠳᠠᠷᠠᠭ᠎ᠠ ᠨᠢ ᠪᠦᠬᠦᠯᠢ ᠴᠣᠭᠴᠠ ᠶᠢᠨ ᠪᠠᠷᠢᠯᠭ᠎ᠠ ᠶᠢᠨ ᠠᠵᠢᠯ ᠨᠢ ᠪᠣᠬᠢᠷ ᠤᠰᠤᠨ ᠤ ᠬᠤᠭᠤᠯᠠᠶ ᠶᠢᠨ | ᠱᠤᠭᠤᠮ ᠢ ᠥᠭᠡᠷᠡᠴᠢᠯᠡᠬᠦ ᠪᠠ ᠲᠠᠰ ᠳᠡᠪᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ D500 ᠪᠣᠬᠢᠷ | ᠤᠰᠤᠨ ᠤ ᠬᠤᠭᠤᠯᠠᠶ ᠶᠢᠨ ᠱᠤᠭᠤᠮ ᠤᠨ ᠪᠥᠬᠦ ᠣᠷᠳᠣ ᠨᠢ 346 ᠮᠧᠲᠷ ᠪᠠᠶᠢᠵᠤ᠂ ᠵᠠᠮ ᠳᠠᠭᠠᠤ ᠶᠢᠨ ᠪᠣᠬᠢᠷ | ᠤᠰᠤ ᠶᠢ ᠴᠤᠭᠯᠠᠭᠤᠯᠬᠤ᠂ ᠳᠠᠮᠵᠢᠭᠤᠯᠬᠤ ᠰᠢᠰᠲ᠋ᠧᠮ ᠢ ᠪᠥᠬᠦ ᠲᠠᠯ᠎ᠠ ᠪᠠᠷ ᠰᠢᠯᠢᠳᠡᠭᠵᠢᠭᠦᠯᠬᠦ ᠶᠢ ᠪᠡᠶᠡᠯᠡᠭᠦᠯᠪᠡ᠃ ᠡᠨᠡ | ᠬᠦ ᠠᠷᠭ᠎ᠠ ᠬᠡᠮᠵᠢᠶ᠎ᠡ ᠨᠢ ᠣᠷᠣᠨ ᠪᠦᠰᠡ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ᠂ ᠤᠰᠤᠨ ᠤ | ᠡᠬᠢ ᠪᠠᠶᠠᠯᠢᠭ ᠢ ᠬᠠᠮᠠᠭᠠᠯᠠᠬᠤ ᠳᠤ ᠴᠢᠬᠤᠯᠠ ᠦᠢᠯᠡᠳᠦᠯ ᠲᠠᠢ ᠶᠤᠮ᠃ | ᠪᠣᠷᠣᠭᠠᠨ ᠤ ᠤᠰᠤ ᠪᠣᠯᠤᠨ ᠪᠣᠬᠢᠷ ᠤᠰᠤᠨ ᠤ ᠬᠤᠭᠤᠯᠠᠶ ᠶᠢᠨ ᠱᠤᠭᠤᠮ ᠢ ᠵᠠᠰᠠᠵᠤ ᠳᠠᠭᠤᠰᠤᠭᠰᠠᠨ ᠤ | ᠳᠠᠷᠠᠭ᠎ᠠ᠂ ᠵᠠᠮ ᠢ ᠰᠡᠷᠭᠦᠭᠡᠬᠦ ᠱᠠᠲᠤᠨ ᠳᠤ ᠣᠷᠣᠵᠤ᠂ ᠵᠠᠮ ᠤᠨ ᠭᠠᠳᠠᠷᠭᠤ ᠶᠢ ᠳᠡᠪᠢᠰᠬᠦ ᠪᠠ ᠰᠡᠷᠭᠦᠭᠡᠬᠦ | ᠨᠠᠷᠢᠯᠢᠬᠵᠢᠭᠤᠯᠤᠭᠰᠠᠨᠠᠵᠢᠯ ᠢᠶᠠᠷ ᠳᠠᠮᠵᠢᠭᠤᠯᠤᠨ᠂ ᠵᠠᠮ ᠢ ᠲᠡᠭᠰᠢᠯᠡᠬᠦ᠂ ᠭᠤᠶᠣ ᠰᠠᠶᠢᠬᠠᠨ ᠪᠠᠶᠢᠯᠭᠠᠬᠤ ᠶᠢ | ᠪᠠᠲᠤᠯᠠᠬᠤ ᠶᠢᠨ ᠬᠠᠮᠲᠤ ᠲᠡᠷᠭᠡ ᠵᠢᠯᠣᠭᠤᠳᠬᠤ ᠠᠮᠤᠷ ᠲᠦᠪᠰᠢᠨ ᠪᠠ ᠲᠠᠭᠠᠯᠠᠮᠵᠢᠲᠠᠶ ᠴᠢᠨᠠᠷ ᠢ ᠬᠠᠮᠲᠤ ᠳᠤᠨᠢ | ᠬᠠᠷᠠᠭᠠᠯᠵᠠᠭᠰᠠᠨ ᠪᠠᠶᠢᠨ᠎ᠠ᠃ ᠥᠭᠡᠷᠡᠴᠢᠯᠡᠭᠰᠡᠨ ᠤ ᠳᠠᠷᠠᠭᠠᠾᠧ ᠴᠧᠩ ᠤᠮᠠᠷᠠᠲᠤ ᠵᠠᠮ ᠤᠨ ᠵᠠᠮ ᠬᠠᠷᠢᠯᠴᠠᠭᠠᠨ ᠤ | ᠦᠷ᠎ᠡ ᠠᠰᠢᠭ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠬᠤᠲᠠ ᠶᠢᠨ ᠨᠢᠭᠡᠨ ᠦᠵᠡᠰᠬᠦᠯᠡᠩᠲᠦ ᠰᠠᠶᠢᠬᠠᠨ | ᠦᠵᠡᠮᠵᠢ ᠶᠢᠨ ᠣᠷᠣᠨ ᠪᠣᠯᠤᠭᠰᠠᠨ ᠪᠠᠶᠢᠨ᠎ᠠ᠃ | ᠲᠣᠰ ᠤᠳᠠᠭ᠎ᠠ ᠾᠧ ᠴᠧᠩ ᠤᠮᠠᠷᠠᠲᠤ ᠵᠠᠮ ︵ᠬᠠᠪᠰᠤᠷᠤᠯᠴᠠᠬᠤ ᠵᠠᠮ ᠠᠴᠠ ᠠᠷᠠᠳᠴᠢᠯᠠᠭᠰᠠᠨ ᠵᠠᠮ ᠬᠦᠷᠬᠦ︶ | ᠥᠭᠡᠷᠡᠴᠢᠯᠡᠯᠲᠡ ᠶᠢᠨ ᠢᠨᠵᠧᠨᠧᠷᠢᠩ ᠤᠨ ᠤᠷᠤᠭᠰᠢᠲᠠᠶ ᠳᠠᠭᠤᠰᠤᠭᠰᠠᠨ ᠶᠠᠪᠤᠳᠠᠯ ᠪᠣᠯ ᠴᠢᠩᠱᠠᠨ ᠲᠣᠭᠤᠷᠢᠭ ᠤᠨ | ᠪᠣᠷᠣᠭᠠᠨ ᠤ ᠤᠰᠤ ᠪᠣᠬᠢᠷ ᠤᠰᠤ ᠶᠢ ᠰᠠᠯᠭᠠᠵᠤ ᠶᠡᠷᠦᠩᠬᠡᠶᠢᠯᠡᠨ ᠵᠠᠰᠠᠭᠰᠠᠨ 21 ᠰᠠᠷ᠎ᠠ ᠶᠢᠨ ᠲᠥᠪᠯᠡᠷᠡᠭᠦᠯᠦᠨ | ᠪᠣᠭᠤᠮᠲᠠ ᠰᠢᠪᠲᠤᠯᠬᠤ ᠠᠵᠢᠯᠯᠠᠭ᠎ᠠ ᠶᠢᠨ ᠡᠭᠦᠨ ᠤ ᠳᠣᠲᠣᠷᠠᠬᠢ ᠨᠢᠭᠡ ᠵᠦᠢᠯ ᠤᠨ ᠢᠨᠵᠧᠨᠧᠷᠢᠩ ᠮᠥᠨ᠂ ᠪᠠᠰᠠ ᠴᠤ | ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠨᠢᠭᠡ ᠤᠳᠠᠭᠠᠨ ᠤ | ᠴᠢᠬᠤᠯᠠ ᠦᠷ᠎ᠡ ᠪᠦᠲᠦᠭᠡᠯ ᠤᠨ ᠦᠵᠡᠭᠦᠯᠦᠯᠭᠡ ᠮᠥᠨ᠂ ᠨᠠᠩ ᠴᠤ ᠵᠠᠰᠠᠭ ᠤᠨ ᠣᠷᠳᠣᠨ ᠤ ᠠᠷᠠᠳ ᠤᠨ | ᠠᠮᠢᠳᠤᠷᠠᠯ ᠢ ᠠᠩᠬᠠᠷᠴᠤ᠂ ᠣᠯᠠᠨ ᠲᠦᠮᠡᠨ ᠳᠤ ᠦᠢᠯᠡᠴᠢᠯᠡᠬᠦ ᠪᠣᠳᠠᠲᠠᠶ ᠢᠯᠡᠷᠡᠯ ᠮᠥᠨ᠃ ᠪᠢᠳᠡ ᠥᠷᠭᠡᠨ ᠤᠯᠠᠨ | ᠬᠤᠳᠠ ᠶᠢᠨ ᠠᠷᠠᠳ ᠬᠤᠳᠠ ᠶᠢᠨ ᠪᠦᠳᠦᠭᠡᠨ ᠪᠠᠶᠢᠭᠤᠯᠤᠯᠲᠠ ᠪᠣᠯᠤᠨ ᠬᠥᠭᠵᠢᠯᠲᠡ ᠶᠢ ᠦᠷᠭᠦᠯᠵᠢᠯᠡᠨ ᠬᠠᠯᠠᠮᠵᠢᠯᠠᠨ | ᠳᠡᠮᠵᠢᠵᠦ᠂ ᠬᠤᠳᠠ ᠶᠢᠨ ᠬᠥᠭᠵᠢᠯᠲᠡ ᠶᠢᠨ ᠠᠪᠴᠢᠷᠠᠭᠰᠠᠨ ᠰᠠᠶᠢᠨ ᠰᠠᠶᠢᠬᠠᠨ ᠦᠷ᠎ᠡ ᠪᠦᠲᠦᠭᠡᠯ ᠢ ᠬᠠᠮᠲᠤ ᠪᠠᠷ | ᠭᠡᠷᠡᠴᠢᠯᠡᠬᠦ ᠶᠢᠨ ᠬᠠᠮᠲᠤ ᠡᠳ᠋ᠯᠡᠭᠦᠯᠬᠦ ᠶᠢ ᠬᠦᠰᠡᠵᠦ ᠪᠠᠶᠢᠨ᠎ᠠ᠃ | | | | | | |