ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2024 ᠣᠨ ᠤ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/23
      9 ᠰᠠᠷ᠎ᠠ ᠶᠢᠨ 20 ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠴᠢᠩᠱᠠᠨ ᠲᠣᠭᠤᠷᠢᠭ ᠤᠨ ᠲᠣᠰ ᠱᠠᠲᠤᠨ ᠤ ᠠᠩᠬᠠᠳᠠᠭᠴᠢ ᠪᠦᠯᠦᠭ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ᠂ ᠴᠢᠩᠱᠠᠨ ᠲᠣᠭᠤᠷᠢᠭ ᠤᠨ 12345 ᠬᠠᠯᠠᠮᠰᠢᠯ ᠤᠲᠠᠰᠤ ᠶᠢᠨ ᠡᠭᠦᠷᠭᠡ ᠴᠢᠳᠠᠪᠤᠷᠢ ᠶᠢᠨ ᠰᠤᠯᠪᠢᠴᠠᠯ ᠬᠢᠭᠡᠳ ᠮᠠᠷᠭᠤᠯᠳᠤᠭᠠᠨ ᠤ ᠠᠰᠠᠭᠤᠳᠠᠯ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠶᠦᠨ ᠰᠢ ᠬᠤᠷᠠᠯ ᠢ ᠡᠷᠭᠢᠯᠡᠪᠡ᠃      ᠬᠤᠷᠠᠯ ᠠᠴᠠ᠂ ᠴᠢᠩᠱᠠᠨ ᠲᠣᠭᠤᠷᠢᠭ ᠤᠨ ᠲᠣᠰ ᠱᠠᠲᠤᠨ ᠤ ᠠᠩᠬᠠᠳᠠᠭᠴᠢ ᠪᠦᠯᠦᠭ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠡᠶᠢᠲᠡᠯᠡᠬᠦ ᠪᠣᠯ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠬᠤᠷᠠᠯ ᠠᠴᠠ᠂ ᠦᠢᠯᠡᠴᠢᠯᠡᠭᠡᠨ ᠤ ᠴᠤᠩᠬᠤᠪᠴᠢ ᠶᠢ ᠤᠷᠤᠭᠰᠢ ᠰᠢᠯᠵᠢᠭᠦᠯᠬᠦ᠂ ᠠᠵᠢᠯ ᠶᠠᠪᠤᠳᠠᠯ ᠭᠦᠢᠴᠡᠳᠭᠡᠬᠦ ᠴᠠᠭ ᠤᠨ ᠬᠢᠵᠠᠭᠠᠷ ᠢ ᠪᠣᠭᠤᠨᠢᠰᠬᠠᠬᠤ ᠵᠠᠷᠴᠢᠮ ᠶᠣᠰᠣᠭᠠᠷ᠂ ︽ᠬᠤᠷᠢᠶᠠᠨ ᠠᠪᠴᠤ ᠣᠷᠣᠯᠠᠨ ᠭᠦᠢᠴᠡᠳᠭᠡᠬᠦ᠂ ᠬᠤᠷᠢᠶᠠᠨ ᠠᠪᠴᠤ ᠰᠢᠯᠵᠢᠭᠦᠯᠦᠨ ᠭᠦᠢᠴᠡᠳᠭᠡᠬᠦ︾ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠣᠯᠠᠨ ᠲᠦᠮᠡᠨ ᠳᠤ ᠲᠥᠬᠦᠮ ᠦᠵᠡᠭᠦᠯᠬᠦ ᠬᠡᠷᠡᠭᠲᠡᠶ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠡᠯ᠎ᠡ ᠭᠤᠭᠴᠤᠭ᠎ᠠ ᠶᠢ ᠵᠣᠯᠭᠠᠭᠤᠯᠬᠤ ᠪᠠ ᠬᠠᠮᠵᠢᠯᠴᠠᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠦᠢᠯᠡᠴᠢᠯᠡᠭᠡᠨ ᠤ ᠠᠵᠤ ᠠᠬᠤᠶᠢᠯᠠᠯ ᠤᠨ ︽ᠠᠯᠲᠠᠨ ᠮᠧᠳᠠᠯ ᠤᠨ ᠳᠡᠯᠭᠡᠭᠦᠷ ᠤᠨ ᠦᠢᠯᠡᠴᠢᠯᠡᠭᠴᠢ︾ ᠪᠣᠯᠵᠤ᠂ ︽ᠲᠠᠨ ᠳᠤ ᠲᠠᠭᠠᠯᠠᠭᠳᠠᠬᠤ︾ ᠭᠡᠬᠦ ᠠᠯᠳᠠᠨ ᠦᠰᠦᠭᠲᠦ ᠫᠠᠶᠢᠰᠠ ᠶᠢ ᠭᠡᠷᠡᠯᠲᠦᠭᠦᠯᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠬᠤᠷᠠᠯ ᠠᠴᠠ᠂ ᠬᠠᠯᠠᠮᠰᠢᠯ ᠣᠳᠠᠰᠣ 12345 ᠶᠢᠨ ᠡᠭᠦᠷᠭᠡ ᠴᠢᠳᠠᠪᠬᠢ ᠰᠣᠯᠪᠢᠴᠠᠭᠰᠠᠨ ᠪᠠ ᠮᠠᠷᠭᠤᠯᠳᠣᠭᠠᠨ ᠤ ᠠᠰᠠᠭᠤᠳᠠᠯ ᠢ ᠡᠮᠬᠢᠯᠡᠬᠦ ᠨᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠬᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠬᠤᠷᠠᠯ ᠠᠴᠠ᠂ ᠪᠦᠬᠦ ᠲᠣᠭᠤᠷᠢᠭ ᠢᠶᠠᠷ ᠢᠶᠠᠨ ᠨᠢᠭᠡ ᠬᠥᠯᠭᠡ ᠰᠢᠳᠠᠷ᠎ᠠ ᠮᠡᠲᠦ ᠪᠠᠶᠢᠬᠤ ᠤᠬᠠᠮᠰᠠᠷ ᠢ ᠪᠠᠲᠤ ᠪᠤᠢ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠠᠰᠠᠭᠤᠳᠠᠯ ᠢ ᠤᠯᠠᠨ ᠲᠦᠮᠡᠨ ᠤ ᠡᠭᠦᠳᠡᠨ ᠳᠤ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ᠃ ᠤᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠪᠠᠷ ᠭᠠᠷᠳᠠᠴᠠ ᠪᠣᠯᠭᠠᠵᠤ᠂ ᠬᠠᠶᠢᠷ᠎ᠠ ᠰᠡᠳᠬᠢᠯᠭᠡ ᠲᠠᠢ ᠪᠠᠷ ᠴᠠᠬᠢᠯᠭᠠᠨ ᠢᠷᠡᠭᠰᠡᠨ ᠤ ᠲᠠᠷᠠᠭ᠎ᠠ᠂ ᠵᠥᠷᠢᠴᠡᠯ ᠢ ᠰᠡᠳᠬᠢᠯ ᠲᠠᠯᠪᠢᠨ ᠰᠢᠢᠳᠪᠦᠷᠢᠯᠡᠵᠦ᠂ ᠬᠦᠰᠡᠯ ᠱᠠᠭᠠᠷᠳᠠᠯᠭ᠎ᠠ ᠶᠢ ᠬᠦᠴᠦᠯᠡᠨ ᠬᠠᠩᠭᠠᠵᠤ᠂ ︽ᠥᠴᠦᠬᠡᠨ ᠴᠦ ᠵᠠᠢ ᠦᠭᠡᠢ︾ ᠴᠢᠩᠱᠠᠨ ᠤ ᠬᠠᠯᠠᠮᠰᠢᠯ ᠤᠲᠠᠰᠤᠨ ᠤ ᠦᠢᠯᠡᠴᠢᠯᠡᠭᠡᠨ ᠤ ᠲᠦᠷᠦᠯ ᠲᠡᠮᠳᠡᠭ ᠢ ᠬᠦᠴᠦᠯᠡᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠵᠠᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号