ᠴᠢᠩᠱᠠᠨ ᠲᠣᠭᠤᠷᠢᠭ ᠤᠨ ᠬᠡᠷᠡᠯ ᠴᠡᠨᠡᠭ ᠤᠨ ᠲᠣᠨᠣᠭᠯᠠᠯ ᠤᠨ ᠠᠵᠤ ᠦᠢᠯᠡᠰ ᠤᠨ ᠪᠦᠯᠦᠭᠵᠢᠯ ᠨᠢ 2024 ᠣᠨ ᠤ ᠤᠯᠤᠰ ᠤᠨ ᠲᠠᠰ ᠤᠨ ᠳᠤᠮᠳᠠ ᠵᠢᠵᠢᠭ ᠠᠵᠤ ᠠᠬᠤᠶᠢᠯᠠᠯ ᠤᠨ ᠤᠨᠴᠠᠯᠢᠬᠳᠤ ᠠᠵᠤ ᠦᠢᠯᠡᠰ ᠤᠨ ᠰᠦᠷᠦᠭᠵᠢᠯ ᠤᠨ ᠨᠡᠷᠡᠰ ᠲᠤ ᠰᠣᠩᠭᠤᠭᠳᠠᠪᠠ
ᠨᠡᠶᠢᠲᠡᠯᠡᠭᠰᠡᠨ ᠴᠠᠭ᠄
2024/9/25
      ᠣᠶᠢᠷ᠎ᠠ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ 2024 ᠣᠨ ᠤ ᠳᠤᠮᠳᠠ ᠪᠠᠭ᠎ᠠ ᠠᠵᠤ ᠠᠬᠤᠶᠢᠯᠠᠯ ᠤᠨ ᠤᠨᠴᠠᠯᠢᠭᠳᠤ ᠠᠵᠤ ᠦᠢᠯᠡᠰ ᠤᠨ ᠪᠦᠯᠦᠭᠵᠢᠯ ᠤᠨ ᠨᠡᠷᠡᠰ ᠢ ᠨᠡᠶᠢᠲᠡᠯᠡᠵᠦ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠬᠡᠷᠡᠯ ᠴᠡᠨᠡᠭ ᠤᠨ ᠲᠣᠨᠣᠭᠯᠠᠯ ᠤᠨ ᠠᠵᠤ ᠦᠢᠯᠡᠰ ᠤᠨ ᠪᠦᠯᠦᠭᠵᠢᠯ ᠢ ᠥᠪᠥᠷ ᠮᠣᠩᠭᠤᠯ ᠤᠨ ᠴᠣᠷ ᠤᠨ ᠭᠠᠭᠴᠠ ᠠᠵᠤ ᠦᠢᠯᠡᠰ ᠤᠨ ᠪᠥᠭᠡᠮᠨᠡᠷᠡᠯ ᠤᠨ ᠨᠡᠷᠡᠰ ᠤᠨ ᠵᠢᠭᠰᠠᠭᠠᠯᠲᠠ ᠪᠣᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠳᠤ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠨᠢ ᠬᠡᠷᠡᠯ ᠴᠡᠨᠡᠭ ᠤᠨ ᠠᠵᠤ ᠦᠢᠯᠡᠰ ᠢ ᠭᠤᠤᠯᠳᠠᠯᠭ᠎ᠠ ᠲᠠᠢ ᠬᠥᠭᠵᠢᠯᠲᠡ ᠶᠢᠨ ᠴᠢᠭᠯᠡᠯ ᠤᠨ ᠨᠢᠭᠡ ᠪᠣᠯᠭᠠᠵᠤ᠂ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠡᠷᠡᠯ ᠴᠡᠨᠡᠭ ᠤᠨ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠬᠦ ᠪᠠ ᠲᠠᠰ ᠳᠡᠪᠰᠢᠭᠦᠯᠬᠦ ᠶᠢ ᠶᠡᠭᠡ ᠪᠠᠷ ᠳᠥᠯᠭᠢᠨ ᠠᠬᠢᠭᠤᠯᠪᠠ᠃ ᠴᠢᠩᠱᠠᠨ ᠲᠣᠭᠤᠷᠢᠭ ᠤᠨ ᠭᠡᠷᠡᠯ ᠴᠡᠨᠡᠭ ᠤᠨ ᠠᠵᠤ ᠦᠢᠯᠡᠰ ᠤᠨ ᠦᠢᠯᠡᠳᠪᠦᠷᠢᠯᠡᠯ ᠤᠨ ᠬᠡᠪᠴᠢᠶ᠎ᠡ᠂ ᠮᠡᠷᠭᠡᠵᠢᠯ ᠤᠨ ᠰᠢᠨ᠎ᠡ ᠡᠭᠦᠳᠦᠯᠲᠡ᠂ ᠵᠠᠬ᠎ᠠ ᠳᠡᠯᠭᠡᠭᠦᠷ ᠤᠨ ᠨᠡᠭᠡᠭᠡᠯᠲᠡ ᠵᠡᠷᠭᠡ ᠲᠠᠯ᠎ᠠ ᠪᠠᠷ ᠴᠥᠮ ᠢᠯᠡᠳᠲᠡ ᠦᠷ᠎ᠡ ᠪᠦᠲᠦᠮᠵᠢ ᠣᠯᠪᠠ᠃      ᠨᠢᠭᠡ ᠳᠤ ᠦᠢᠯᠡᠳᠪᠦᠷᠢᠯᠡᠯ ᠤᠨ ᠴᠢᠳᠠᠪᠤᠷᠢ ᠶᠢᠨ ᠬᠡᠪᠴᠢᠶ᠎ᠡ ᠲᠠᠰᠤᠷᠠᠯᠲᠠ ᠦᠭᠡᠢ ᠥᠷᠭᠡᠳᠪᠡ᠃ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠣᠲᠣ ᠬᠤᠩ ᠶᠤᠸᠠᠨ ᠰᠢᠨ᠎ᠡ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ᠂ ᠪᠤᠭᠤᠲᠤ ᠶᠢᠨ ᠵᠢᠩ ᠤᠣ ᠨᠡᠷᠡᠨ ᠤ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠣᠨ ᠪᠤᠭᠤᠲᠤ ᠶᠢᠨ ᠠᠲ᠋ᠧᠰ ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 3 ᠭᠡᠷᠡᠯ ᠴᠡᠨᠡᠭ ᠤᠨ ᠠᠵᠤ ᠦᠢᠯᠡᠰ ᠤᠨ ᠲᠣᠯᠣᠭᠠᠶᠢᠯᠠᠭᠴᠢ ᠠᠵᠤ ᠠᠬᠤᠶᠢᠯᠠᠯ ᠪᠣᠯᠣᠨ᠎ᠠ᠂ ᠣᠳᠣᠬᠠᠨ ᠳᠤ 3 ᠺᠣᠮᠫᠠᠨᠢ ᠶᠢᠨ 11 ᠴᠠᠬᠢᠭᠤᠷ ᠤᠨ ᠲᠦᠷᠦᠯ ᠵᠦᠢᠯ ᠢ ᠨᠢᠭᠡᠨᠲᠡ ᠠᠰᠢᠭᠯᠠᠯᠲᠠ ᠳᠤ ᠣᠷᠣᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 241 ᠳ᠋ᠦᠩᠰᠢᠭᠤᠷ ᠲᠥᠭᠦᠷᠢᠭ ᠲᠤ ᠬᠦᠷᠴᠦ᠂ 71 GW ᠶᠢᠨ ᠲᠠᠩ ᠲᠠᠯᠠᠰᠲᠤ ᠴᠠᠬᠢᠭᠤᠷ ᠤᠨ ᠰᠢᠳᠠᠮ᠂ 2GW ᠣᠯᠠᠨ ᠲᠠᠯᠠᠰᠲᠤ ᠴᠢᠳᠬᠤᠮᠠᠯ ᠴᠢᠳᠬᠤᠬᠤ᠂ 45GW ᠶᠢᠨ ᠲᠣᠨᠤᠭ ᠤᠨ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠵᠦ᠂ 2023 ᠣᠨ ᠳᠤ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠭᠡᠷᠡᠯ ᠴᠡᠨᠡᠭ ᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠪᠣᠳᠠᠲᠠᠢ ᠪᠠᠶᠢᠭᠤᠯᠤᠨ᠎ᠠ᠃ ᠢᠵᠢ ᠪᠦᠷᠢᠳᠦᠭᠦᠯᠬᠦ ᠠᠵᠤ ᠦᠢᠯᠡᠰ ᠤᠨ ᠲᠠᠯ᠎ᠠ ᠪᠠᠷ᠂ ᠤᠯᠤᠰ ᠤᠨ ᠠᠷᠠᠯᠵᠢᠶᠠᠨ ᠤ ᠴᠠᠬᠢᠭᠤᠷ ᠤᠨ ᠦᠢᠯᠡᠰ᠂ ᠪᠠᠢ ᠲᠧ᠂ ᠵᠦᠸᠧ ᠢᠦᠢ ᠰᠢᠨᠵᠢᠯᠡᠬᠦ ᠤᠬᠠᠭᠠᠨ ᠮᠡᠷᠭᠡᠵᠢᠯ ᠵᠡᠷᠭᠡ 11 ᠠᠵᠤ ᠠᠬᠤᠶᠢᠯᠠᠯ  ᠨᠢᠭᠡᠨᠲᠡ ᠳᠡᠭᠡᠳᠦ ᠬᠢᠵᠠᠭᠠᠷ ᠲᠠᠢ ᠪᠤᠯᠵᠦ᠂ 13 ᠢᠵᠢ ᠪᠦᠷᠢᠳᠦᠭᠦᠯᠬᠦ ᠲᠦᠷᠦᠯ ᠵᠦᠢᠯ ᠢ ᠨᠢᠭᠡᠨᠲᠡ ᠠᠰᠢᠭᠯᠠᠯᠲᠠ ᠳᠤ ᠣᠷᠣᠭᠤᠯᠵᠤ᠂ ᠵᠢᠯ ᠳᠤ 5.4 ᠲᠦᠮᠡᠨ ᠲᠣᠨ ᠴᠠᠬᠢᠭᠤᠷ ᠤᠨ ᠨᠤᠨᠳᠠᠭ᠂ 2330 ᠲᠣᠨ ᠨᠡᠭᠦᠷᠡᠰᠦᠲᠥ᠋ᠷᠥᠭᠴᠢ ᠶᠢᠨ ᠬᠠᠶᠢᠯᠣᠭᠤᠷ᠂ 15 ᠲᠦᠮᠡᠨ ᠥᠭᠡᠬᠦᠨ ᠴᠢᠯᠠᠭᠤᠨ ᠬᠠᠶᠢᠯᠣᠭᠤᠷ ᠪᠠ 2000 ᠢᠵᠢ ᠪᠠᠯ ᠴᠢᠯᠠᠭᠤᠨ ᠤ ᠪᠦᠲᠦᠭᠡᠭᠳᠡᠬᠦᠨ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠵᠦ᠂ ᠳᠡᠭᠡᠳᠦ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ ᠲᠤᠰ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠪᠡᠶᠡᠯᠡᠭᠦᠯᠪᠡ᠃      ᠬᠤᠶᠠᠷ ᠲᠤ᠂ ᠭᠤᠣᠯᠳᠠᠯᠭ᠎ᠠ ᠲᠠᠢ ᠲᠦᠷᠦᠯ ᠵᠦᠢᠯ ᠢ ᠨᠠᠶᠢᠳᠠᠪᠤᠷᠢᠵᠢᠭᠤᠯᠤᠭᠰᠠᠨ ᠢᠶᠠᠷ ᠢᠯᠡᠳᠲᠡ ᠦᠷ᠎ᠡ ᠪᠦᠲᠦᠮᠵᠢ ᠤᠯᠪᠠ᠃ ᠣᠳᠣᠬᠠᠨ ᠳᠤ᠂ ᠬᠤᠩ ᠶᠤᠸᠠᠨ 3 ᠲᠦᠷᠦᠯ ᠵᠦᠢᠯ ᠢ ᠪᠠᠶᠢᠭᠤᠯᠵᠤ ᠪᠠᠶᠢᠨ᠎ᠠ᠂ ᠶᠡᠷᠦᠩᠬᠡᠢ ᠪᠡᠯᠡ ᠣᠷᠣᠭᠤᠯᠤᠯᠲᠠ ᠨᠢ 241 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦᠨ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ 40GW ᠶᠢᠨ ᠳᠠᠩ ᠲᠠᠯᠠᠰᠲᠦ᠂ 20GW ᠶᠢᠨ ᠬᠡᠷᠴᠢᠮᠡᠯ᠂ 16GW ᠶᠢᠨ ᠥᠨᠳᠥᠷ ᠪᠦᠲᠦᠮᠵᠢᠲᠡᠶ ᠨᠡᠷᠡᠨ ᠤ ᠡᠨᠧᠷᠭᠢ ᠶᠢᠨ ᠳ᠋ᠢᠶᠠᠨ ᡂᠢ ᠶᠢᠨ ᠢᠯᠲᠠᠰᠤ᠂ 5GW ᠶᠢᠨ ᠥᠨᠳᠥᠷ ᠪᠦᠲᠦᠮᠵᠢᠲᠡᠶ ᠨᠡᠷᠡᠨ ᠤ ᠡᠨᠧᠷᠭᠢ ᠶᠢᠨ ᠲᠤᠨᠤᠬᠯᠠᠯ ᠤᠨ ᠦᠢᠯᠡᠳᠪᠦᠷᠢᠯᠡᠬᠦ ᠴᠢᠳᠠᠪᠤᠷᠢ ᠶᠢ ᠨᠡᠮᠡᠭᠳᠡᠭᠦᠯᠵᠦ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ ᠢ 500 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ ᠵᠢᠯ ᠤᠨ ᠭᠠᠶᠢᠯᠢ ᠲᠠᠲᠠᠪᠤᠷᠢ ᠶᠢ 18 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠣᠯᠤᠨ᠎ᠠ᠃ ᠢᠵᠢ ᠪᠦᠷᠢᠳᠦᠭᠦᠯᠬᠦ ᠠᠵᠤ ᠦᠢᠯᠡᠰ ᠤᠨ ᠲᠠᠯ᠎ᠠ ᠪᠠᠷ᠂ ᠠᠢ ᠰᠢ ᠮᠠ ᠬᠡᠷᠡᠯ ᠴᠡᠨᠡᠭ ᠤᠨ ᠠᠵᠤ ᠦᠢᠯᠡᠰ ᠤᠨ ᠠᠵᠤ ᠦᠢᠯᠡᠳᠪᠦᠷᠢ ᠶᠢᠨ ᠬᠥᠷᠥᠭᠡᠬᠦ ᠲᠥᠬᠦᠭᠡᠷᠦᠮᠵᠢ᠂ ᠢ ᠺᠧ ᠠᠷᠭᠤᠨ ᠡᠭᠡᠭᠦᠯᠦᠨ ᠬᠤᠷᠢᠶᠠᠬᠤ ᠪᠠ ᠵᠣᠷᠭᠤᠯᠳᠠ ᠶᠢᠨ ᠰᠢᠩᠭᠡᠨ᠂ ᠤᠣ ᠵᠢᠩ ᠬᠠᠭᠠᠰ ᠳᠠᠮᠵᠢᠭᠤᠯᠤᠭᠴᠢ ᠶᠢᠨ ᠲᠠᠩ ᠲᠠᠯᠠᠰᠲᠤ ᠴᠠᠬᠢᠭᠤᠷ ᠰᠢᠳᠠᠮ ᠵᠢᠴᠢ ᠴᠠᠬᠢᠭᠤᠷ ᠤᠨ ᠢᠯᠲᠠᠰᠤ᠂ ᠪᠥᠭᠡᠭᠡᠨᠡᠷᠡᠯ ᠰᠢᠨ᠎ᠡ ᠬᠡᠷᠡᠯ ᠴᠡᠨᠡᠭ ᠤᠨ ᠠᠵᠤ ᠦᠢᠯᠡᠰ ᠤᠨ ᠳᠡᠭᠡᠳᠦ ᠴᠡᠪᠡᠷ ᠲᠡᠮᠦᠷᠯᠢᠭ ᠴᠠᠬᠢᠭᠤᠷ ᠦᠢᠯᠡᠳᠬᠦ᠂ ᠵᠥᠩ ᠰᠢᠨ ᠴᠧᠩ ᠬᠤᠪᠣᠷ ᠰᠢᠷᠣᠶ ᠶᠢᠨ ᠬᠡᠷᠡᠯ ᠴᠡᠨᠡᠭ ᠤᠨ ᠤᠷᠢᠳᠴᠢᠯᠠᠨ ᠦᠢᠯᠡᠳᠬᠦ ᠪᠠᠭᠠᠨ᠎ᠠ ᠪᠠ ᠮᠥᠷᠳᠡᠬᠦ ᠬᠡᠷᠡᠯ ᠴᠡᠨᠡᠭ ᠤᠨ ᠲᠤᠯᠭᠠᠭᠤᠷᠢ ᠵᠡᠷᠭᠡ ᠲᠥᠷᠥᠯ ᠵᠦᠢᠯ ᠢ ᠶᠠᠭ ᠪᠥᠲᠥᠭᠡᠨ ᠪᠠᠶᠢᠭᠤᠯᠵᠤ ᠪᠠᠶᠢᠨ᠎ᠠ᠂ ᠵᠢᠱᠢᠯᠲᠡ ᠪᠠᠷ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ᠃ ᠡᠭᠦᠨ ᠠᠴᠠ ᠭᠠᠳᠠᠨ᠎ᠠ᠂ ᠱᠢ ᠶᠢᠩ ᠰᠢᠨ᠎ᠡ ᠮᠠᠲ᠋ᠧᠷᠢᠶᠠᠯ ᠥᠭᠡᠬᠦᠨ ᠴᠢᠯᠠᠭᠤᠨ ᠬᠠᠶᠢᠯᠣᠭᠤᠷ᠂ ᠪᠥᠭᠡᠭᠡᠨᠡᠷᠡᠯ ᠤᠨ ᠰᠢᠨ ᠰᠢᠨ ᠴᠡᠪᠡᠷ ᠲᠡᠮᠦᠷᠯᠢᠭ ᠴᠠᠬᠢᠭᠤᠷ ᠦᠢᠯᠡᠳᠬᠦ᠂ ᠯᠦ ᠪᠠᠨ ᠤᠭᠰᠠᠷᠠᠮᠠᠯ ᠮᠠᠶ᠋ᠢᠭ ᠤᠨ ᠵᠢᠯ ᠳᠤ 15 ᠲᠦᠮᠡᠨ ᠲᠣᠨ ᠬᠡᠷᠡᠯ ᠴᠡᠨᠡᠭ ᠤᠨ C ᠬᠡᠯᠪᠡᠷᠢ ᠶᠢᠨ ᠲᠤᠯᠬᠤ ᠵᠢᠶᠠᠰᠠ ᠪᠠ U ᠬᠡᠯᠪᠡᠷᠢ ᠶᠢᠨ ᠲᠤᠯᠭᠠᠭᠤᠷᠢ᠂ ᠰᠢᠩ ᠢᠦᠶ ᠳ᠋ᠡ ᠵᠢᠯ ᠳᠤ 10 ᠲᠦᠮᠡᠨ ᠲᠣᠨ ᠬᠡᠷᠡᠯ ᠴᠡᠨᠡᠭ ᠤᠨ ᠲᠤᠯᠭᠠᠭᠤᠷᠢ᠂ ᠲᠡᠮᠦᠷᠯᠢᠭ ᠴᠠᠬᠢᠭᠤᠷ᠂ ᠬᠡᠷᠡᠯ ᠴᠡᠨᠡᠭ ᠤᠨ ᠲᠤᠯᠭᠠᠭᠤᠷᠢ᠂ ᠬᠦᠷᠢᠶ᠎ᠡ ᠴᠠᠷᠠᠭ᠎ᠠ ᠳᠤ ᠴᠦ ᠴᠥᠮ ᠪᠠᠶᠢᠭᠤᠯᠵᠤ ᠪᠠᠶᠢᠭ᠎ᠠ ᠲᠥᠷᠥᠯ ᠵᠦᠢᠯ ᠪᠠᠶᠢᠵᠤ᠂ ᠲᠠᠯᠠᠰᠲᠤ ᠴᠠᠬᠢᠭᠤᠷ ᠬᠡᠷᠡᠯ ᠴᠡᠨᠡᠭ ᠤᠨ ᠢᠵᠢ ᠪᠥᠷᠢᠳᠦᠭᠦᠯᠬᠦ ᠠᠵᠤ ᠦᠢᠯᠡᠰ ᠲᠠᠰᠤᠷᠠᠯᠲᠠ ᠥᠬᠡᠶ ᠲᠥᠪᠯᠡᠷᠡᠵᠦ ᠪᠠᠶᠢᠪᠠ᠃          ᠭᠤᠷᠪᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠲᠦᠪᠰᠢᠨ ᠠᠯᠬᠤᠮ ᠠᠯᠬᠤᠮ ᠢᠶᠠᠷ ᠳᠡᠭᠡᠭᠰᠢᠯᠡᠪᠡ᠃ ᠨᠢᠭᠡ ᠳᠤ ᠮᠡᠷᠭᠡᠵᠢᠯ ᠤᠨ ᠰᠤᠳᠤᠯᠤᠨ ᠨᠡᠭᠡᠭᠡᠯᠲᠡ ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ᠃ 2022 ᠣᠨ ᠳᠤ᠂ ᠴᠢᠩᠱᠠᠨ ᠲᠣᠭᠤᠷᠢᠭ ᠤᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D ᠮᠡᠷᠭᠡᠵᠢᠯ︶ ᠵᠠᠷᠤᠳᠠᠯ 22.4 ᠳ᠋ᠦᠩᠰᠢᠭᠤᠷ ᠲᠥᠭᠦᠷᠢᠭ᠂ ᠪᠡᠯᠡ ᠣᠷᠣᠭᠤᠯᠤᠯᠲᠠ ᠶᠢᠨ ᠬᠦᠴᠦᠯᠡᠴᠡ 2.96%᠂ ᠪᠦᠬᠦ ᠬᠤᠲᠠ ᠪᠣᠯᠤᠨ ᠪᠦᠬᠦ ᠣᠷᠣᠨ ᠤ ᠬᠢᠷᠢ ᠲᠦᠪᠰᠢᠨ ᠠᠴᠠ ᠥᠨᠳᠥᠷ ᠪᠣᠯᠪᠠ᠃ ᠬᠤᠩ ᠶᠤᠸᠠᠨ ︽ᠰᠣᠷᠢᠨᠵᠢᠨ ᠥᠬᠡᠶ ᠲᠠᠯᠠᠪᠠᠶ ᠶᠢᠨ ᠲᠣᠮᠣ ᠳ᠋ᠢᠶᠠᠮᠧᠲᠷ ︵12︶ ᠬᠠᠭᠠᠰ ᠳᠠᠮᠵᠢᠭᠤᠯᠤᠭᠴᠢ ᠶᠢᠨ ᠲᠠᠩ ᠲᠠᠯᠠᠰᠲᠤ ᠴᠠᠬᠢᠭᠤᠷ ᠤᠨ ᠰᠤᠳᠤᠯᠤᠨ ᠨᠡᠭᠡᠭᠡᠬᠦ︾ ᠲᠥᠷᠥᠯ ᠵᠦᠢᠯ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ︽ᠲᠤᠩᠬᠠᠭ ᠨᠡᠶᠢᠲᠡᠯᠡᠨ ᠮᠠᠩᠯᠠᠶᠢᠯᠠᠭᠤᠯᠬᠤ︾ ᠨᠡᠷᠡᠰ ᠤᠨ ᠵᠢᠭᠰᠠᠭᠠᠯᠲᠠ ᠳᠤ ᠤᠷᠤᠪᠠ︔ 2024 ᠣᠨ ᠳᠤ᠂ ᠵᠢᠩ ᠤᠣ ᠨᠡᠷᠡᠨ ᠤ ᠡᠨᠧᠷᠭᠢ ᠥᠪᠡᠷᠲᠡᠭᠡᠨ ᠵᠠᠰᠠᠬᠤ ᠣᠷᠣᠨ ᠤ ᠲᠤᠤᠷ᠎ᠠ ᠨᠡᠭᠦᠷᠡᠰᠦᠲᠥ᠋ᠷᠥᠭᠴᠢᠲᠤ ᠡᠨᠧᠷᠭᠢ ᠶᠢᠨ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠷᠥᠯ ᠵᠦᠢᠯ ᠢ ᠠᠮᠵᠢᠯᠲᠠ ᠲᠠᠢ ᠨᠡᠶᠢᠲᠡᠯᠡᠵᠦ᠂ ᠬᠤᠩ ᠶᠤᠸᠠᠨ ᠶᠠᠭ ᠥᠷᠨᠢᠭᠦᠯᠵᠦ ᠪᠠᠶᠢᠭ᠎ᠠ ︽ᠳᠥᠷᠪᠡᠳᠦᠭᠡᠷ ᠦᠶ᠎ᠡ ︵4D︶ ᠶᠢᠨ ᠨᠡᠷᠡᠨ ᠤ ᠡᠨᠧᠷᠭᠢ ᠶᠢᠨ ᠰᠢᠭᠤᠳ ᠲᠠᠩ ᠲᠠᠯᠠᠰᠲᠤ ᠴᠠᠬᠢᠭᠤᠷ ᠤᠨ ᠦᠢᠯᠡᠳᠪᠦᠷᠢᠯᠡᠯ ᠤᠨ ᠲᠥᠬᠦᠭᠡᠷᠦᠮᠵᠢ ᠵᠢᠴᠢ ᠭᠠᠷ ᠤᠷᠠᠯᠠᠯ ᠤᠨ ᠰᠤᠳᠤᠯᠭᠠᠨ ᠤ ᠲᠥᠷᠥᠯ ᠵᠦᠢᠯ︾ ᠨᠢ ᠣᠳᠣᠬᠠᠨ ᠤ ᠲᠠᠩ ᠲᠠᠯᠠᠰᠲᠤ ᠠᠵᠢᠯ ᠲᠥᠷᠥᠯ ᠤᠨ ᠺᠠᠷᠲ ᠤᠨ ᠠᠰᠠᠭᠤᠳᠠᠯ ᠢ ᠰᠢᠪᠲᠤᠯᠵᠤ᠂ ᠨᠡᠷᠡᠨ ᠤ ᠡᠨᠧᠷᠭᠢ ᠶᠢᠨ ᠲᠠᠩ ᠲᠠᠯᠠᠰᠲᠤ ᠴᠠᠬᠢᠭᠤᠷ ᠤᠨ ᠦᠢᠯᠡᠳᠪᠦᠷᠢᠯᠡᠯ ᠤᠨ ᠥᠪᠡᠷ ᠤᠨ ᠥᠷᠲᠡᠭ ᠢ ᠶᠡᠭᠡ ᠪᠠᠷ ᠪᠠᠭᠤᠷᠠᠭᠤᠯᠬᠤ ᠪᠣᠯᠤᠨ᠎ᠠ᠃ ᠬᠤᠶᠠᠷ ᠲᠤ᠂ ᠰᠢᠨ᠎ᠡ ᠶᠢ ᠡᠭᠦᠳᠬᠦ ᠲᠠᠪᠴᠠᠩ ᠢ ᠲᠦᠷᠭᠡᠳᠬᠡᠨ ᠨᠠᠶᠢᠳᠠᠪᠤᠷᠢᠵᠢᠭᠤᠯᠪᠠ᠃ ︽ᠬᠤᠩ ᠶᠤᠸᠠᠨ ᠰᠢᠨ᠎ᠡ ᠮᠠᠲ᠋ᠧᠷᠢᠶᠠᠯ ᠤᠨ ᠲᠠᠩ ᠲᠠᠯᠠᠰᠲᠤ ᠴᠠᠬᠢᠭᠤᠷ ᠤᠨ ᠮᠠᠲ᠋ᠧᠷᠢᠶᠠᠯ ᠢ ᠰᠤᠳᠤᠯᠤᠨ ᠨᠡᠭᠡᠭᠡᠬᠦ ᠲᠥᠪ︾ ᠪᠠ ︽ᠪᠤᠭᠤᠲᠤ ᠶᠢᠨ ᠵᠢᠩ ᠤᠣ ᠲᠠᠩ ᠲᠠᠯᠠᠰᠲᠤ ᠴᠠᠬᠢᠭᠤᠷ ᠤᠨ ᠮᠠᠲ᠋ᠧᠷᠢᠶᠠᠯ ᠢ ᠰᠤᠳᠤᠯᠤᠨ ᠨᠡᠭᠡᠭᠡᠬᠦ ᠲᠥᠪ︾ ᠨᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠠᠰ ᠤᠨ ᠰᠤᠳᠤᠯᠤᠨ ᠨᠡᠭᠡᠭᠡᠬᠦ ᠲᠥᠪ ᠢᠶᠠᠷ ᠦᠨᠡᠯᠡᠭᠳᠡᠵᠦ᠂ ᠣᠳᠣᠬᠠᠨ ᠳᠤ ᠠᠵᠤ ᠠᠬᠤᠶᠢᠯᠠᠯ ᠶᠠᠭ ᠰᠢᠨᠵᠢᠯᠡᠬᠦ ᠤᠬᠠᠭᠠᠨ ᠤ ᠰᠤᠳᠤᠯᠭᠠᠨ ᠪᠠ ᠬᠡᠷᠡᠭᠯᠡᠯᠲᠡ ᠶᠢ ᠨᠢᠭᠡ ᠴᠣᠭᠴᠠᠵᠢᠭᠤᠯᠤᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠲᠠᠯᠠᠪᠤᠷ ᠭᠠᠵᠠᠷ ᠢ ᠢᠳᠡᠪᠬᠢᠲᠡᠶ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠳᠥᠯᠭᠢᠨ ᠠᠬᠢᠭᠤᠯᠵᠤ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠵᠦ ᠪᠠᠶᠢᠨ᠎ᠠ᠃ ᠭᠤᠷᠪᠠ ᠳᠤ᠂ ᠮᠡᠷᠭᠡᠵᠢᠯ ᠤᠨ ᠤᠷ᠎ᠠ ᠮᠡᠷᠭᠡᠰᠢᠯ ᠲᠠᠰᠤᠷᠠᠯᠲᠠ ᠦᠭᠡᠢ ᠳᠡᠭᠡᠭᠰᠢᠯᠡᠪᠡ᠃ ᠣᠳᠣᠬᠠᠨ ᠳᠤ ᠴᠠᠬᠢᠭᠤᠷ ᠤᠨ ᠢᠯᠲᠠᠰᠤ ᠪᠠ ᠳ᠋ᠢᠶᠠᠨ ᡂᠢ ᠶᠢᠨ ᠢᠯᠲᠠᠰᠤ ᠵᠡᠷᠭᠡ ᠵᠠᠩᠭᠢᠯᠠᠭ᠎ᠠ ᠳᠤ ᠲᠣᠮᠣ ᠬᠡᠮᠵᠢᠶ᠎ᠡ ᠲᠠᠢ᠂ ᠨᠢᠮᠭᠡᠨ ᠢᠯᠲᠠᠰᠤ᠂ N ᠬᠡᠯᠪᠡᠷᠢᠵᠢᠬᠦ ᠲᠡᠰᠢ ᠬᠥᠭᠵᠢᠬᠦ ᠬᠠᠨᠳᠤᠰᠢ ᠭᠠᠷᠴᠤ ᠪᠠᠶᠢᠨ᠎ᠠ᠃ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢᠨ ᠬᠠᠨᠳᠤᠰᠢ ᠶᠢᠨ ᠬᠤᠪᠢᠷᠠᠯᠲᠠ ᠳᠤ ᠵᠣᠬᠢᠴᠠᠭᠤᠯᠬᠤ ᠶᠢᠨ ᠲᠥᠯᠥᠭᠡ᠂ ᠠᠲ᠋ᠧᠰ᠂ ᠬᠤᠩ ᠶᠤᠸᠠᠨ ᠵᠡᠷᠭᠡ ᠠᠵᠤ ᠠᠬᠤᠶᠢᠯᠠᠯ ᠤᠳ ᠶᠠᠭ ᠰᠠᠶᠢᠬᠠᠨ ︽ᠲᠣᠭᠠᠴᠢᠯᠠᠭᠰᠠᠨ ᠬᠢᠮᠢ ᠶᠢᠨ ᠠᠵᠤ ᠦᠢᠯᠡᠳᠪᠦᠷᠢ︾ ᠶᠢ ᠲᠦᠷᠭᠡᠪᠴᠢᠯᠡᠨ ᠪᠠᠶᠢᠭᠤᠯᠵᠤ ᠪᠠᠶᠢᠨ᠎ᠠ᠂ ᠡᠭᠦᠨ ᠳᠤ ᠬᠤᠩ ᠶᠤᠸᠠᠨ ᠴᠠᠬᠢᠭᠤᠷ ᠤᠨ ᠢᠯᠲᠠᠰᠤ ᠠᠴᠠ ᠢᠯᠭᠠᠨ ᠰᠣᠩᠭᠤᠬᠤ ᠬᠦᠷᠲᠡᠯᠡᠬᠢ ᠪᠦᠷᠢᠨ ᠠᠦ᠋ᠲ᠋ᠣᠴᠢᠯᠠᠬᠤ ᠶᠢ ᠪᠡᠶᠡᠯᠡᠭᠦᠯᠵᠦ᠂ ᠲᠣᠭᠠᠴᠢᠯᠠᠭᠰᠠᠨ ᠲᠡᠰ ᠳᠡᠪᠰᠢᠬᠦ ᠶᠢ ᠠᠩᠬ᠎ᠠ ᠠᠯᠬᠤᠮ ᠪᠡᠶᠡᠯᠡᠭᠦᠯᠵᠦ ᠪᠠᠶᠢᠨ᠎ᠠ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号