ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠮᠦ ᠠᠵᠢᠯ ᠶᠠᠪᠤᠳᠠᠯ ᠤᠨ ᠲᠡᠮᠳᠡᠭᠯᠡᠯ ︵2024 ᠣᠨ ᠤ 8 ᠰᠠᠷ᠎ᠠ ᠶᠢᠨ 1 ᠤ ᠡᠳᠦᠷ — 8 ᠰᠠᠷ᠎ᠠ ᠶᠢᠨ 31 ᠤ ᠡᠳᠦᠷ︶
ᠨᠡᠶᠢᠲᠡᠯᠡᠭᠰᠡᠨ ᠴᠠᠭ᠄
2024/9/26
      8 ᠰᠠᠷ᠎ᠠ ᠶᠢᠨ 1 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠶᠦᠨ ᠰᠢ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 15 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ︽ᠡᠷᠬᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ︾ ᠢ ᠤᠯᠠᠮᠵᠢᠯᠠᠨ ᠰᠤᠷᠤᠯᠴᠠᠵᠤ᠂ ᠲᠤᠭ᠎ᠠ ᠪᠦᠷᠢᠳᠬᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠳᠡᠭᠡᠷ᠎ᠡ ᠬᠠᠭᠠᠰ ᠵᠢᠯ ᠤᠨ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠴᠢᠩᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ ︵ᠲᠥᠰᠦᠯ︶︾ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠪᠠ᠃      8 ᠰᠠᠷ᠎ᠠ ᠶᠢᠨ 12 ᠤ ᠡᠳᠦᠷ᠂ ᠬᠠᠩᠵᠧᠦ  ᠬᠦᠨᠳᠦ ᠶᠢ ᠡᠰᠡᠷᠭᠦᠴᠡᠬᠦ ᠤᠶᠤᠨᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠡᠯᠡ ᠣᠷᠣᠭᠤᠯᠵᠤ ᠪᠦᠲᠦᠭᠡᠨ ᠪᠠᠶᠢᠭᠤᠯᠤᠭᠰᠠᠨ ᠵᠢᠯᠣᠭᠤᠴᠢ ᠦᠭᠡᠢ ᠨᠢᠰᠬᠡᠯ ᠤᠨ ᠡᠵᠡᠩᠨᠡᠯᠲᠡ ᠶᠢᠨ ᠲᠥᠪ ︵ᠤᠮᠠᠷᠠᠲᠤ ᠣᠷᠣᠨ︶ ᠤᠨ ᠲᠥᠷᠥᠯ ᠵᠦᠢᠯ ᠴᠢᠩᠱᠠᠨ ᠲᠣᠭᠤᠷᠢᠭ ᠲᠤ ᠨᠤᠲᠤᠭᠰᠢᠪᠠ᠃ ᠲᠥᠷᠥᠯ ᠵᠦᠢᠯ ᠢ ᠬᠤᠶᠠᠷ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠬᠤ ᠪᠠᠷ ᠲᠥᠯᠥᠪᠯᠡᠵᠦ᠂ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠳᠤ 500 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠵᠢᠱᠢᠵᠦ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠶᠢᠨ ᠵᠢᠯᠣᠭᠤᠳᠬᠤ ᠦᠨᠡᠮᠯᠡᠯ ︵CAAC︶ ᠤᠨ ᠪᠣᠯᠪᠠᠰᠤᠷᠠᠭᠤᠯᠤᠯ ᠤᠨ ᠴᠡᠭ ᠢ ᠨᠡᠭᠡᠭᠡᠨ ᠡᠷᠭᠢᠯᠡᠵᠦ᠂ ᠵᠢᠯᠣᠭᠤᠴᠢ ᠥᠬᠡᠶ ᠨᠢᠰᠬᠡᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠵᠢᠴᠢ ᠵᠢᠯᠣᠭᠤᠳᠬᠤ ᠦᠨᠡᠮᠯᠡᠯ ᠤᠨ ᠪᠣᠯᠪᠠᠰᠤᠷᠠᠭᠤᠯᠤᠯ ᠢ ᠥᠷᠨᠢᠭᠦᠯᠵᠦ᠂ ᠤᠮᠠᠷᠠᠲᠤ ᠣᠷᠣᠨ ᠤ ᠵᠢᠯᠣᠭᠤᠴᠢ ᠥᠬᠡᠶ ᠨᠢᠰᠬᠡᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠦᠢᠯᠡᠴᠢᠯᠡᠭᠡᠨ ᠤ ᠡᠵᠡᠩᠨᠡᠯᠲᠡ ᠶᠢᠨ ᠲᠥᠪ ᠢ ᠪᠠᠶᠢᠭᠤᠯᠤᠨ᠎ᠠ᠃ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠳᠤ 1500 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠵᠢᠱᠢᠵᠦ᠂ ᠵᠢᠯᠣᠭᠤᠴᠢ ᠥᠬᠡᠶ ᠨᠢᠰᠬᠡᠯ ᠵᠢᠴᠢ ᠠᠦ᠋ᠲ᠋ᠣ᠋ ᠨᠢᠰᠬᠡᠯ ᠤᠨ ᠪᠠᠭᠤᠳᠠᠯ ᠤᠨ ᠤᠭᠰᠠᠷᠠᠯᠲᠠ ᠶᠢᠨ ᠦᠢᠯᠡᠳᠪᠦᠷᠢᠯᠡᠯ ᠤᠨ ᠱᠤᠭᠤᠮ ᠢ ᠪᠥᠲᠥᠭᠡᠨ ᠪᠠᠶᠢᠭᠤᠯᠵᠤ᠂ ᠪᠠᠶᠢᠭᠤᠯᠤᠭᠰᠠᠨ ᠤ ᠳᠠᠷᠠᠭ᠎ᠠ ᠵᠢᠯᠣᠭᠤᠴᠢ ᠥᠬᠡᠶ ᠨᠢᠰᠬᠡᠯ ᠵᠢᠴᠢ ᠠᠦ᠋ᠲ᠋ᠣ᠋ ᠨᠢᠰᠬᠡᠯ ᠤᠨ ᠪᠠᠭᠤᠳᠠᠯ ᠤᠨ ᠵᠢᠯ ᠤᠨ ᠭᠠᠷᠤᠯᠲᠠ ᠨᠢ 200 ᠰᠠᠭᠤᠷᠢ ᠠᠴᠠ ᠳᠡᠭᠡᠭᠰᠢ ᠪᠣᠯᠤᠨ᠎ᠠ᠃ ᠲᠣᠰ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠨᠢ ᠪᠤᠭᠤᠲᠤ ᠬᠤᠲᠠ ᠶᠢᠨ ᠳᠣᠤᠷ᠎ᠠ ᠠᠭᠠᠷ ᠤᠨ ᠠᠵᠤ ᠠᠬᠤᠶ ᠶᠢᠨ ︽ᠰᠢᠨ᠎ᠡ ᠤᠷᠤᠯᠳᠤᠭᠠᠨ ᠤ ᠵᠠᠮ︾ ᠳᠤ ᠴᠢᠬᠤᠯᠠ ᠨᠢᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃      8 ᠰᠠᠷ᠎ᠠ ᠶᠢᠨ 14 ᠤ ᠡᠳᠦᠷ᠂ ᠱᠠᠩᠬᠠᠢ ᠵᠢᠶᠧ ᠨᠢᠩ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠺᠣᠮᠫᠠᠨᠢ ᠠᠴᠠ ᠪᠡᠯᠡ ᠣᠷᠣᠭᠤᠯᠤᠨ ᠪᠠᠶᠢᠭᠤᠯᠤᠭᠰᠠᠨ ᠲᠦᠯᠡᠰᠢᠨ ᠳ᠋ᠢᠶᠠᠨ ᡂᠢ ᠶᠢᠨ ᠰᠢᠰᠲ᠋ᠧᠮ ᠪᠣᠯᠤᠨ ᠨᠥᠭᠡᠴᠡᠯᠡᠬᠦ \ᠤᠰᠤᠲᠥ᠋ᠷᠥᠭᠴᠢ ᠰᠣᠯᠢᠬᠤ ᠰᠢᠰᠲ᠋ᠧᠮ ᠤᠨ ᠦᠢᠯᠡᠳᠪᠦᠷᠢᠯᠡᠯ ᠤᠨ ᠲᠦᠷᠦᠯ ᠵᠦᠢᠯ ᠴᠢᠩᠱᠠᠨ ᠲᠣᠭᠤᠷᠢᠭ ᠲᠤ ᠭᠡᠷ᠎ᠡ ᠲᠣᠭᠲᠠᠪᠠ᠃ ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 5000 ᠲᠦᠮᠡᠨ ᠲᠥᠭᠦᠷᠢᠭ ᠪᠠᠶᠢᠵᠤ᠂ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ ᠲᠦᠯᠡᠰᠢ ᠶᠢᠨ ᠳ᠋ᠢᠶᠠᠨ ᡂᠢ ᠶᠢᠨ ᠰᠢᠰᠲ᠋ᠧᠮ ᠤᠨ ᠤᠭᠰᠠᠷᠠᠨ ᠤᠭᠰᠠᠷᠠᠭᠰᠠᠨ 5000 ᠰᠠᠤᠷᠢ ᠢᠵᠢ \ ᠵᠢᠯ ᠤᠨ ᠦᠢᠯᠡᠳᠪᠦᠷᠢᠯᠡᠯ ᠤᠨ ᠱᠤᠭᠤᠮ᠂ ᠬᠠᠳᠠᠭᠠᠯᠠᠬᠤ\ ᠤᠰᠤᠲᠥ᠋ᠷᠥᠭᠴᠢ ᠰᠣᠯᠢᠬᠤ ᠰᠢᠰᠲ᠋ᠧᠮ ᠤᠨ 15000 ᠰᠠᠤᠷᠢ ᠢᠵᠢ \ ᠵᠢᠯ ᠤᠨ ᠦᠢᠯᠡᠳᠪᠦᠷᠢᠯᠡᠯ ᠤᠨ ᠱᠤᠭᠤᠮ ᠵᠢᠴᠢ ᠤᠰᠤᠲᠥ᠋ᠷᠥᠭᠴᠢ ᠳᠤ ᠬᠤᠯᠪᠣᠭᠳᠠᠬᠤ ᠪᠠᠶᠢᠴᠠᠭᠠᠨ ᠬᠡᠮᠵᠢᠬᠦ ᠱᠤᠭᠤᠮ ᠢ ᠪᠠᠭᠲᠠᠭᠠᠨ᠎ᠠ᠃ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ ᠨᠢ ᠪᠠᠷᠤᠭ 15 ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠭᠠᠶᠢᠯᠢ ᠶᠢᠨ ᠣᠷᠣᠯᠭ᠎ᠠ ᠨᠢ ᠪᠠᠷᠤᠭ 1 ᠳ᠋ᠦᠩᠰᠢᠭᠤᠷ ᠲᠥᠭᠦᠷᠢᠭ ᠪᠣᠯᠤᠨ᠎ᠠ᠃ ᠲᠤᠰ ᠠᠵᠤ ᠠᠬᠤᠶᠢᠯᠠᠯ ᠨᠢᠭᠡᠨᠲᠡ ᠴᠢᠩᠱᠠᠨ ᠲᠣᠭᠤᠷᠢᠭ ᠲᠤ ᠺᠣᠮᠫᠠᠨᠢ ᠶᠢᠨ ᠳᠠᠩᠰᠠᠯᠠᠭᠤᠯᠤᠯᠲᠠ ᠶᠢ ᠪᠡᠶᠡᠯᠡᠭᠦᠯᠵᠦ᠂ ᠪᠸᠢ ᠪᠧᠨ ᠪᠦᠯᠦᠭᠯᠡᠯ ᠲᠠᠢ ᠬᠠᠮᠲᠤᠷᠠᠨ ᠦᠢᠯᠡᠳᠪᠦᠷᠢᠯᠡᠭᠰᠡᠨ ᠤᠰᠤᠲᠥ᠋ᠷᠥᠭᠴᠢ ᠰᠣᠯᠢᠬᠤ ᠬᠦᠨᠳᠦ ᠠᠴᠢᠶᠠᠨ ᠤ ᠮᠠᠰᠢᠨ ᠲᠡᠷᠭᠡ ᠲᠤᠷᠰᠢᠨ ᠦᠢᠯᠡᠳᠪᠦᠷᠢᠯᠡᠬᠦ ᠱᠠᠲᠤᠨ ᠳᠤ ᠣᠷᠣᠪᠠ᠃ ᠲᠣᠰ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠨᠢ ᠡᠩ ᠤᠨ ᠤᠰᠤᠲᠥ᠋ᠷᠥᠭᠴᠢ ᠲᠦᠯᠡᠰᠢ ᠶᠢᠨ ᠬᠦᠨᠳᠦ ᠠᠴᠢᠶᠠᠨ ᠤ ᠮᠠᠰᠢᠨ ᠲᠡᠷᠭᠡ ᠪᠠ ᠤᠰᠤᠲᠥ᠋ᠷᠥᠭᠴᠢ ᠨᠡᠮᠡᠬᠦ ᠡᠵᠡᠩᠨᠡᠯᠲᠡ ᠶᠢᠨ ᠵᠠᠭᠪᠤᠷ ᠢ ᠡᠪᠳᠡᠵᠦ᠂ ᠠᠵᠢᠯᠯᠠᠭᠠᠨ ᠤ ᠲᠡᠷᠭᠡ ᠬᠥᠰᠬᠡ ᠶᠢᠨ ᠤᠰᠤᠲᠥ᠋ᠷᠥᠭᠴᠢ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠬᠤ ᠶᠢᠨ ᠲᠥᠯᠥᠭᠡ᠂ ᠤᠰᠤᠲᠥ᠋ᠷᠥᠭᠴᠢ ᠲᠦᠯᠡᠰᠢ ᠶᠢᠨ ᠬᠦᠨᠳᠦ ᠠᠴᠢᠶᠠᠨ ᠤ ᠮᠠᠰᠢᠨ ᠤ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠬᠦ ᠪᠣᠯᠤᠨ᠎ᠠ᠃      8 ᠰᠠᠷ᠎ᠠ ᠶᠢᠨ 30 ᠤ ᠡᠳᠦᠷ᠂ ᠴᠢᠩᠱᠠᠨ ᠲᠣᠭᠤᠷᠢᠭ ᠥᠪᠥᠷ ᠮᠣᠩᠭᠤᠯ ᠤᠨ ᠡᠮ ᠤᠨ ᠬᠠᠶᠢᠷᠴᠠᠭ ᠡᠷᠡᠭᠦᠯ ᠮᠡᠨᠳᠦ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠮᠲᠤ ᠪᠠᠷ ︽ᠬᠢᠲᠠᠳ ᠡᠮ ᠡᠮᠨᠡᠯᠭᠡ ᠶᠢᠨ ᠴᠢᠨᠠᠬᠤ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ︾ ᠢ ᠲᠣᠭᠲᠠᠪᠠ᠃ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 2000 ᠲᠦᠮᠡᠨ ᠲᠥᠭᠦᠷᠢᠭ ᠪᠠᠶᠢᠵᠤ᠂ ᠬᠢᠲᠠᠳ ᠡᠮ ᠤᠨ ᠴᠢᠨᠠᠬᠤ ᠡᠮ ᠢ ᠲᠣᠬᠢᠷᠠᠭᠤᠯᠬᠤ᠂ ᠳᠡᠪᠲᠦᠭᠡᠬᠦ᠂ ᠴᠢᠨᠠᠬᠤ ᠪᠠ ᠪᠢᠲᠡᠭᠦᠮᠵᠢᠯᠡᠨ ᠰᠠᠪᠠᠯᠠᠬᠤ ᠶᠢᠨ ᠤᠶᠤᠨᠴᠢᠯᠠᠭᠰᠠᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ᠂ ᠤᠶᠤᠨᠴᠢᠯᠠᠭᠰᠠᠨ ᠬᠢᠲᠠᠳ ᠡᠮ ᠤᠨ ᠲᠣᠬᠢᠷᠠᠭᠤᠯᠤᠯᠲᠠ ᠵᠢᠴᠢ ᠪᠦᠷᠢᠨ ᠠᠦ᠋ᠲ᠋ᠣ᠋ ᠴᠢᠨᠠᠵᠤ ᠰᠠᠪᠠᠯᠠᠬᠤ ᠲᠥᠬᠦᠭᠡᠷᠦᠮᠵᠢ ᠶᠢ 50 ᠢᠵᠢ᠂ ︽ᠡᠮ ᠤᠨ ᠬᠠᠶᠢᠷᠴᠠᠭ︾ ᠬᠢᠲᠠᠳ ᠡᠮ ᠤᠨ ᠬᠠᠩᠭᠠᠯᠭ᠎ᠠ ᠶᠢᠨ ᠬᠡᠯᠬᠢᠶᠡᠨ ᠤ SAAS ᠲᠠᠪᠴᠠᠩ ᠤᠨ ᠵᠥᠭᠡᠯᠡᠨ ᠲᠣᠨᠤᠭ ᠨᠢᠭᠡ ᠢᠵᠢ ᠬᠤᠳᠠᠯᠳᠤᠨ ᠠᠪᠴᠤ᠂ 900 ᠵᠦᠢᠯ ᠤᠨ ᠬᠢᠲᠠᠳ ᠡᠮ ᠤᠨ ᠴᠢᠨᠠᠬᠤ ᠡᠮ ᠢ ᠲᠤᠬᠢᠷᠠᠭᠤᠯᠤᠨ ᠬᠠᠳᠠᠭᠠᠯᠠᠬᠤ ᠭᠤᠷᠪᠠᠨ ᠲᠠᠯ᠎ᠠ ᠶᠢᠨ ᠬᠥᠮᠥᠷᠭᠡ ᠶᠢ ᠪᠠᠶᠢᠭᠤᠯᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠯ ᠤᠨ ᠦᠢᠯᠡᠳᠬᠦᠨ ᠤ ᠥᠷᠲᠡᠭ ᠨᠢ ᠪᠠᠷᠤᠭ 1.5 ᠳ᠋ᠦᠩᠰᠢᠭᠤᠷ ᠲᠥᠭᠦᠷᠢᠭ ᠪᠣᠯᠤᠨ᠎ᠠ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号