ᠴᠢᠩᠱᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ 2024 ᠣᠨ ᠤ ᠭᠤᠷᠪᠠᠳᠤᠭᠠᠷ ᠤᠳᠠᠭᠠᠨ ᠤ ᠣᠷᠳᠣ ᠴᠠᠭᠠᠨ ᠬᠡᠷᠡᠮ ᠤᠨ ᠬᠠᠮᠠᠭᠠᠯᠠᠭᠴᠢ ᠶᠢᠨ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/27
      9 ᠰᠠᠷ᠎ᠠ ᠶᠢᠨ 26 ᠤ ᠡᠳᠦᠷ᠂ ᠴᠢᠩᠱᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ 2024 ᠣᠨ ᠤ ᠭᠤᠷᠪᠠᠳᠤᠭᠠᠷ ᠤᠳᠠᠭᠠᠨ ᠤ ᠣᠷᠳᠣ ᠴᠠᠭᠠᠨ ᠬᠡᠷᠡᠮ ᠤᠨ ᠬᠠᠮᠠᠭᠠᠯᠠᠭᠴᠢ ᠶᠢᠨ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃ ᠲᠣᠰ ᠤᠳᠠᠭᠠᠨ ᠤ ᠪᠣᠯᠪᠠᠰᠤᠷᠠᠯ ᠤᠨ ᠬᠤᠷᠠᠯ ᠢ ᠴᠢᠩᠱᠠᠨ ᠲᠣᠭᠤᠷᠢᠭ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠡᠷᠬᠢᠯᠡᠭᠴᠢ ᠯᠢ ᠯᠢ ᠲᠢᠩ ᠡᠷᠭᠢᠯᠡᠵᠦ᠂ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠠᠮᠠᠭᠠᠯᠠᠭᠴᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠠᠮᠠᠭᠠᠯᠠᠬᠤ ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ ᠶᠤᠮ᠃      ᠬᠤᠷᠠᠯ ᠳᠡᠭᠡᠷ᠎ᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ᠢ ᠤᠯᠠᠮᠵᠢᠯᠠᠵᠤ᠂ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠲᠦᠢᠯ ᠤᠨ ᠴᠢᠬᠤᠯᠠ ᠴᠢᠨᠠᠷ ᠢ ᠲᠣᠳᠣᠷᠬᠠᠶ ᠴᠢᠬᠤᠯᠠᠴᠢᠯᠠᠨ᠂ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠬᠢᠭᠡᠳ ᠵᠢᠯᠣᠭᠤᠳᠬᠤ ᠰᠠᠨᠠᠯ ᠢ ᠬᠤᠷᠠᠯ ᠳᠤ ᠣᠷᠣᠯᠴᠠᠭᠰᠠᠨ ᠬᠠᠮᠠᠭᠠᠯᠠᠭᠴᠢ ᠨᠢᠭᠡᠪᠦᠷᠢ ᠳᠤ ᠣᠨᠣᠪᠴᠢᠲᠠᠶ ᠤᠯᠠᠮᠵᠢᠯᠠᠵᠤ᠂ ᠲᠠᠷᠠᠭᠠᠴᠢ ᠶᠢᠨ ᠠᠵᠢᠯ ᠳᠤ ᠬᠦᠴᠦᠲᠡᠶ ᠦᠨᠳᠦᠰᠦᠯᠡᠯ ᠬᠠᠩᠭᠠᠭᠰᠠᠨ ᠪᠠᠶᠢᠨ᠎ᠠ᠃      ᠬᠤᠷᠠᠯ ᠨᠢ ᠠᠵᠢᠯ ᠤᠨ ᠰᠤᠳᠤᠯᠤᠨ ᠶᠠᠷᠢᠯᠴᠠᠬᠤ ᠭᠤᠭᠴᠤᠭ᠎ᠠ ᠳᠤ ᠣᠷᠣᠵᠤ᠂ ᠤᠷᠳᠤ ᠴᠠᠭᠠᠨ ᠬᠡᠷᠡᠮ ᠤᠨ ᠬᠠᠮᠠᠭᠠᠯᠠᠭᠴᠢᠳ ᠥᠪᠡᠷ ᠥᠪᠡᠷ ᠤᠨ ᠠᠵᠢᠯ ᠤᠨ ᠠᠬᠢᠴᠠ ᠶᠢᠨ ᠪᠠᠶᠢᠳᠠᠯ ᠢᠶᠠᠨ ᠢᠳᠡᠪᠬᠢᠲᠡᠢ ᠬᠠᠷᠢᠭᠤ ᠮᠡᠳᠡᠭᠦᠯᠵᠦ᠂ ᠤᠷᠳᠤ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠤᠨ ᠳᠤᠮᠳᠠ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠪᠠᠨ ᠥᠴᠦᠬᠡᠨ ᠴᠦ ᠬᠠᠳᠠᠭᠠᠯᠠᠬᠤ ᠭᠠᠵᠠᠷ ᠦᠭᠡᠢ ᠪᠠᠶᠢᠬᠤ ᠶᠢᠨ ᠬᠠᠮᠲᠤ ᠲᠤᠯᠭᠠᠷᠠᠵᠤ ᠪᠠᠶᠢᠭ᠎ᠠ ᠠᠰᠠᠭᠤᠳᠠᠯ ᠢᠶᠠᠨ ᠦᠨᠡᠨᠴᠢ ᠪᠠᠷ ᠰᠣᠯᠢᠯᠴᠠᠵᠠᠢ᠃ ᠤᠯᠠᠨ ᠢᠶᠠᠷ ᠢᠶᠠᠨ ᠬᠠᠮᠠᠭᠠᠯᠠᠬᠤ ᠠᠵᠢᠯ ᠢ ᠬᠡᠷᠬᠢᠨ ᠨᠡᠩ ᠥᠨᠳᠥᠷ ᠪᠦᠲᠦᠮᠵᠢᠲᠡᠶ ᠪᠠᠷ ᠥᠷᠨᠢᠭᠦᠯᠬᠦ ᠶᠢᠨ ᠲᠣᠭᠤᠷᠢᠨ ᠳᠤ ᠭᠦᠨᠵᠡᠭᠡᠢ ᠬᠥᠭᠵᠢᠶᠡᠨᠲᠡᠢ ᠶᠠᠷᠢᠯᠴᠠᠵᠤ᠂ ᠡᠯ᠎ᠡ ᠵᠦᠢᠯ ᠤᠨ ᠦᠵᠡᠯᠲᠡ ᠠᠳᠡ ᠴᠤᠭᠯᠠᠷᠠᠨ ᠮᠥᠷᠭᠦᠯᠳᠦᠵᠦ᠂ ᠰᠢᠨ᠎ᠡ ᠶᠢ ᠡᠭᠦᠳᠬᠦ ᠠᠵᠢᠯ ᠤᠨ ᠰᠡᠳᠬᠢᠴᠡ ᠶᠢ ᠬᠥᠭᠵᠢᠭᠡᠵᠡᠢ᠃      ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠨᠢ ᠴᠢᠬᠤᠯᠠ ᠠᠴᠢ ᠬᠤᠯᠪᠣᠭᠳᠠᠯ ᠲᠠᠢ ᠶᠤᠮ᠃ ᠲᠡᠷᠡ ᠨᠢ ᠬᠠᠮᠠᠭᠠᠯᠠᠭᠴᠢ ᠶᠢᠨ ᠤᠷᠲᠤ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠤᠨ ᠲᠤᠬᠠᠶ ᠭᠦᠨᠵᠡᠭᠡᠶ ᠲᠠᠨᠢᠯᠲᠠ ᠶᠢ ᠢᠯᠡᠳᠲᠡ ᠴᠢᠩᠭᠠᠳᠬᠠᠵᠤ᠂ ᠲᠡᠳᠡᠨ ᠤ ᠡᠭᠦᠷᠭᠡᠯᠡᠵᠦ ᠪᠦᠬᠦᠢ ᠳᠠᠷᠬᠠᠨ ᠡᠭᠦᠷᠭᠡ ᠪᠠᠨ ᠤᠯᠠᠮ ᠲᠣᠳᠣᠷᠬᠠᠶ ᠪᠣᠯᠭᠠᠭᠰᠠᠨ ᠮᠥᠷᠲᠡᠭᠡᠨ ᠬᠠᠮᠠᠭᠠᠯᠠᠭᠴᠢ ᠶᠢᠨ ᠬᠤᠭᠤᠷᠣᠨᠳᠣᠬᠢ ᠰᠣᠯᠢᠯᠴᠠᠭ᠎ᠠ ᠪᠠ ᠬᠠᠮᠵᠢᠯᠴᠠᠭ᠎ᠠ ᠶᠢ ᠬᠦᠴᠦᠲᠡᠶ ᠠᠬᠢᠭᠤᠯᠤᠭᠰᠠᠨ ᠪᠠᠶᠢᠨ᠎ᠠ᠃ ᠭᠦᠨᠵᠡᠭᠡᠶ ᠰᠤᠷᠤᠯᠴᠠᠬᠤ ᠪᠠ ᠰᠤᠳᠤᠯᠤᠨ ᠶᠠᠷᠢᠯᠴᠠᠬᠤ ᠪᠠᠷ ᠳᠠᠮᠵᠢᠭᠤᠯᠤᠨ᠂ ᠬᠠᠮᠠᠭᠠᠯᠠᠭᠴᠢᠳ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠤᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠵᠣ᠂ ᠬᠤᠶᠢᠰᠢᠳᠠ ᠶᠢᠨ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃      ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠡᠷᠡᠰ ᠪᠠᠲᠤ ᠵᠣᠷᠢᠭ ᠢᠶᠠᠨ ᠭᠦᠢᠴᠡᠳ ᠢᠯᠡᠷᠡᠭᠦᠯᠪᠡ᠃ ᠪᠢᠳᠠ ᠬᠡᠬᠦᠳᠡᠭ ᠳᠦᠭᠦᠷᠡᠩ ᠬᠦᠰᠡᠯ ᠡᠷᠡᠮᠡᠯᠵᠡᠯ᠂ ᠢᠷᠡᠭᠡᠳᠦᠢ ᠶᠢᠨ ᠠᠵᠢᠯ ᠤᠨ ᠳᠤᠮᠳᠠ ᠨᠡᠩ ᠤᠯᠠᠨ ᠢᠳᠡᠪᠬᠢᠲᠡᠢ ᠦᠷ᠎ᠡ ᠪᠦᠲᠦᠭᠡᠯ ᠢ ᠭᠡᠷᠡᠴᠢᠯᠡᠵᠦ᠂ ᠮᠠᠨ ᠤ ᠤᠷᠳᠤ ᠴᠠᠭᠠᠨ  ᠬᠡᠷᠡᠮ ᠢ ᠬᠠᠮᠲᠤ ᠪᠠᠷ ᠰᠠᠶᠢᠲᠤᠷ ᠰᠠᠬᠢᠨ ᠬᠠᠮᠠᠭᠠᠯᠠᠵᠤ ᠴᠢᠳᠠᠨ᠎ᠠ᠃      ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠴᠢᠩᠱᠠᠨ ᠲᠣᠭᠤᠷᠢᠭ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠥᠪ ᠨᠢ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠢ ᠵᠢᠯᠣᠭᠤᠳᠬᠤ ᠪᠠ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠳᠣ ᠴᠠᠭᠠᠨ ᠬᠡᠷᠡᠮ ᠤᠨ ᠡᠨᠡ ᠬᠦ ᠳᠤᠮᠳᠠᠳᠤ ᠶᠢᠨ ᠦᠨᠳᠦᠰᠦᠲᠡᠨ ᠤ ᠬᠤᠪᠣᠷ ᠨᠠᠨᠳᠢᠨ ᠰᠣᠶᠣᠯ ᠤᠨ ᠥᠪ ᠢ ᠨᠠᠩ ᠪᠦᠷᠢᠨ ᠲᠡᠭᠦᠯᠳᠡᠷ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠳᠤ ᠬᠠᠮᠲᠤ ᠪᠠᠷ ᠣᠷᠣᠯᠴᠠᠵᠤ᠂ ᠪᠥᠬᠦ ᠨᠡᠶᠢᠭᠡᠮ ᠤᠨ ᠬᠦᠴᠦᠨ ᠢ ᠨᠢᠭᠲᠠᠷᠠᠭᠤᠯᠤᠨ᠂ ᠣᠷᠳᠣ ᠴᠠᠭᠠᠨ ᠬᠡᠷᠡᠮ ᠢ ᠰᠠᠬᠢᠨ ᠬᠠᠮᠠᠭᠠᠯᠠᠬᠤ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠬᠦ ᠶᠢ ᠬᠠᠯᠠᠭᠤᠨ ᠢᠶᠠᠷ ᠤᠷᠢᠶᠠᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号