ᠳ᠋ᠢᠩ ᠺᠠᠶ ︽ᠳᠤᠯᠠᠭᠠᠨ ᠢᠨᠵᠧᠨᠧᠷᠢᠩ︾ ᠪᠣᠯᠤᠨ ᠰᠠᠭᠤᠭᠠᠯᠢ ᠬᠠᠭᠤᠴᠢᠨ ᠲᠣᠭᠤᠷᠢᠭ ᠢ ᠥᠭᠡᠷᠡᠴᠢᠯᠡᠬᠦ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/9/27
      9 ᠰᠠᠷ᠎ᠠ ᠶᠢᠨ 25 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠬᠤᠷᠢᠶᠠᠨ ᠤ ᠱᠦᠵᠢ ᠳ᠋ᠢᠩ ᠺᠠᠶ ︽ᠳᠤᠯᠠᠭᠠᠨ ᠢᠨᠵᠧᠨᠧᠷᠢᠩ︾ ᠪᠣᠯᠤᠨ ᠰᠠᠭᠤᠭᠠᠯᠢ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠲᠣᠭᠤᠷᠢᠭ ᠤᠨ ᠤᠳᠤᠷᠢᠳᠤᠯᠭ᠎ᠠ ᠵᠠᠩ ᠶᠢᠩ ᠵᠢᠶᠧ ᠵᠢᠴᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠮᠦᠩᠬᠡᠵᠢᠯ ᠵᠠᠮ ᠤᠨ ᠵᠡᠭᠡᠯᠢ ᠭᠤᠳᠤᠮᠵᠢ᠂ ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ᠂ ᠰᠢᠨ ᠭᠦᠩ ᠦᠢᠯᠡᠰ ᠪᠣᠰᠬᠠᠬᠤ ᠬᠥᠭᠵᠢᠯᠲᠡ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠳ᠋ᠢᠩ ᠺᠠᠢ ᠨᠠᠷ ᠤᠷᠢᠳ ᠬᠤᠵᠢᠳ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠶᠠᠩ ᠭᠤᠸᠠᠩ ᠶᠠ ᠵᠢᠦᠢ᠂ ᠢ ᠺᠠᠩ ᠶᠤᠸᠠᠨ᠂ ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ ᠶᠢᠨ ᠶᠢᠨ ᠯᠢᠨ ᠬᠤᠸᠠ ᠶᠤᠸᠠᠨ ᠵᠡᠷᠭᠡ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠦᠷᠦᠯ ᠵᠦᠢᠯ ᠤᠨ ᠲᠥᠯᠥᠪᠵᠢᠭᠦᠯᠭᠡ᠂ ᠢᠨᠵᠧᠨᠧᠷᠢᠩ ᠤᠨ ᠠᠬᠢᠴᠠ ᠵᠡᠷᠭᠡ ᠶᠢ ᠨᠠᠷᠢᠨ ᠣᠶᠢᠯᠠᠭᠠᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠲᠤᠬᠠᠢ ᠶᠢᠨ ᠲᠠᠯᠠᠪᠠᠢ ᠳᠤ ᠠᠷᠭ᠎ᠠ ᠬᠡᠮᠵᠢᠶ᠎ᠡ ᠶᠢ ᠰᠤᠳᠤᠯᠵᠤ᠂ ᠰᠢᠢᠳᠪᠦᠷᠢᠯᠡᠬᠦ ᠶᠢ ᠠᠬᠢᠭᠤᠯᠪᠠ᠃      ᠳ᠋ᠢᠩ ᠺᠠᠶ᠂ ︽ᠳᠤᠯᠠᠭᠠᠨ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠣᠭᠲᠠᠭᠠᠭᠰᠠᠨ ︽ᠵᠢᠷᠭᠤᠭᠠᠨ ᠢᠨᠵᠧᠨᠧᠷᠢᠩ︾ ᠤᠨ ᠨᠢᠭᠡ ᠮᠥᠨ᠂ ᠲᠦᠭ ᠲᠦᠮᠡᠨ ᠠᠶᠢᠯ ᠡᠷᠦᠬᠡ ᠠᠮᠤᠷ ᠲᠠᠶᠢᠪᠤᠩ ᠠᠵᠤ ᠲᠦᠷᠦᠭᠦ ᠪᠠ ᠠᠮᠤᠷ ᠲᠦᠪᠰᠢᠨ ᠠᠶᠤᠯ ᠲᠦᠭᠰᠢᠭᠦᠷᠢ ᠬᠠᠯᠠᠭᠤᠨ ᠳᠤᠯᠠᠭᠠᠨ ᠲᠠᠢ ᠬᠤᠯᠪᠣᠭᠳᠠᠬᠤ ᠪᠣᠯᠬᠤᠷ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ᠃ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠠᠵᠢᠯ ᠤᠨ ᠲᠡᠰ ᠳᠠᠷᠠᠭᠠᠯᠠᠯ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠪᠦᠲᠦᠮᠵᠢᠲᠡᠢ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠵᠦ᠂ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠳᠠᠭᠤᠰᠬᠠᠵᠤ᠂ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠤᠯᠠᠨ ᠲᠦᠮᠡᠨ ᠳᠤ ᠦᠨᠡᠨ ᠪᠣᠳᠠᠲᠠᠢ ᠬᠤᠪᠢᠷᠠᠯᠲᠠ ᠶᠢ ᠮᠡᠳᠡᠷᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠬᠠᠮᠠᠭᠠᠯᠠᠯᠲᠠ᠂ ᠬᠡᠮᠵᠢᠨ ᠪᠠᠶᠢᠴᠠᠭᠠᠨ ᠵᠠᠰᠠᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠠᠵᠢᠯ ᠢ ᠴᠢᠩᠭᠠᠳᠬᠠᠵᠤ᠂ ᠡᠪᠦᠯ ᠤᠨ ᠤᠯᠠᠷᠢᠯ ᠤᠨ ᠳᠤᠯᠠᠭᠠᠯᠠᠭ᠎ᠠ ᠬᠠᠩᠭᠠᠬᠤ ᠠᠵᠢᠯ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠰᠠᠭᠤᠭᠠᠯᠢ ᠠᠷᠠᠳ ᠤᠯᠠᠨ ᠳᠤ ᠴᠢᠳᠠᠮᠵᠢ ᠲᠡᠭᠦᠯᠳᠡᠷ᠂ ᠣᠷᠴᠢᠨ ᠲᠣᠭᠤᠷᠢᠨ ᠴᠡᠪᠡᠷ ᠴᠡᠮᠴᠡᠭᠡᠷ᠂ ᠠᠮᠤᠷ ᠲᠦᠪᠰᠢᠨ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠬᠤ ᠪᠠᠷ ᠴᠢᠷᠮᠠᠶᠢᠵᠤ᠂ ᠦᠨᠡᠨᠬᠦ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠵᠦ᠂ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠪᠣᠯᠤᠨ ᠵᠣᠯ ᠵᠢᠷᠭᠠᠯᠲᠤ ᠲᠦᠷᠦᠭᠳᠡᠯ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号