ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠪᠣᠯ ᠤᠯᠤᠰ ᠤᠨ | ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠠᠭᠤᠯᠭ᠎ᠠ | ᠮᠥᠨ᠃ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ᠂ | ᠨᠠᠮ ᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢ | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠲᠠᠢ ᠭᠦᠨᠵᠡᠭᠡᠢ ᠠᠭᠤᠰᠤᠯᠴᠠᠭᠤᠯᠵᠤ᠂ ᠴᠢᠩᠱᠠᠨ ᠲᠣᠭᠤᠷᠢᠭ ᠤᠨ | ᠠᠮᠤᠷ ᠲᠣᠭᠲᠠᠭᠤᠨ ᠡᠶ᠎ᠡ ᠵᠣᠬᠢᠴᠠᠩᠭᠤᠢ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠳᠤ ᠬᠦᠴᠦᠨ | ᠴᠢᠳᠠᠯ ᠢᠶᠠᠨ ᠡᠷᠭᠦᠨ᠎ᠡ᠃ | ᠨᠢᠭᠡ ᠳᠤ᠂ ᠤᠬᠠᠭᠤᠯᠭ᠎ᠠ ᠪᠠᠨ ᠴᠢᠩᠭᠠᠳᠬᠠᠵᠤ᠂ ︽ᠬᠠᠤᠯᠢ ᠪᠠᠷ ᠵᠠᠰᠠᠬᠤ ᠰᠤᠷᠲᠠᠯ︾ ᠢ ᠪᠣᠶ ᠪᠣᠯᠭᠠᠪᠠ᠃ | ︽ᠬᠠᠤᠯᠢ ᠴᠠᠭᠠᠵᠠ ᠶᠢ ᠳᠣᠯᠤᠭ᠎ᠠ ᠳᠤ ᠣᠷᠣᠭᠤᠯᠬᠤ︾᠂ ︽ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ | ᠰᠠᠷ᠎ᠠ︾᠂ ︽ᠦᠨᠳᠦᠰᠦᠨ ᠬᠠᠤᠯᠢ ᠶᠢᠨ ᠤᠬᠠᠭᠤᠯᠤᠭᠴᠢ︾᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ | ᠦᠢᠯᠡᠴᠢᠯᠡᠭᠡᠨ ᠤ ᠠᠵᠢᠯᠲᠠᠨ᠂ ᠠᠷᠠᠳ ᠤᠨ ᠡᠶᠡᠳᠡᠭᠦᠯᠦᠭᠴᠢ ᠵᠡᠷᠭᠡ ᠤᠬᠠᠭᠤᠯᠭ᠎ᠠ ᠶᠢᠨ ᠬᠦᠴᠦᠨ ᠢ ᠵᠣᠬᠢᠶᠠᠨ | ᠪᠠᠶᠢᠭᠤᠯᠤᠨ ᠴᠡᠷᠢᠭ ᠠᠩᠭᠢ᠂ ᠨᠡᠶᠢᠭᠡᠮ ᠲᠣᠭᠤᠷᠢᠭ᠂ ᠠᠵᠤ ᠠᠬᠤᠶᠢᠯᠠᠯ᠂ ᠰᠤᠷᠭᠠᠭᠤᠯᠢ ᠳᠤ ᠭᠦᠨᠵᠡᠭᠡᠶᠢᠷᠡᠨ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠢᠳᠡᠪᠬᠢᠲᠡᠶ ᠥᠷᠨᠢᠭᠦᠯᠪᠡ᠃ ᠣᠲᠣ | ᠪᠣᠯᠲᠠᠯ᠎ᠠ᠂ ︽ᠢᠷᠭᠡᠨ ᠤ ᠬᠠᠤᠯᠢ ᠶᠢᠨ ᠪᠢᠴᠢᠭ︾ ᠢ ᠰᠤᠷᠤᠯᠴᠠᠨ ᠤᠬᠠᠭᠤᠯᠬᠤ ᠠᠵᠢᠯᠯᠠᠭ᠎ᠠ ᠶᠢ 50 ᠭᠠᠷᠤᠶ ᠲᠠᠯᠠᠪᠤᠷ | ᠤᠳᠠᠭ᠎ᠠ ᠥᠷᠨᠢᠭᠦᠯᠵᠦ᠂ ᠰᠤᠷᠭᠠᠨ ᠬᠥᠮᠦᠵᠢᠯ ᠭᠥᠷᠳᠡᠭᠰᠡᠨ ᠺᠠᠳ᠋ᠷ ᠠᠵᠢᠯᠲᠠᠨ ᠠᠵᠢᠯᠴᠢᠨ 3 ᠲᠦᠮᠡ ᠭᠠᠷᠤᠶ ᠬᠥᠮᠦᠨ | ᠤᠳᠠᠭ᠎ᠠ ᠳᠤ ᠬᠦᠷᠴᠡᠶ︔ ︽ᠬᠠᠤᠯᠢ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠵᠦ ᠬᠠᠤᠯᠢ ᠪᠠᠷ ᠵᠠᠰᠠᠵᠤ ᠦᠰᠦᠨ | ᠪᠤᠶᠢᠵᠢᠯᠲᠠ ᠪᠠᠨ ᠬᠠᠮᠠᠭᠠᠯᠠᠬᠤ︾ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ 10 ᠲᠠᠯᠠᠪᠤᠷ | ᠥᠷᠨᠢᠭᠦᠯᠵᠦ᠂ ᠰᠤᠷᠭᠠᠨ ᠬᠥᠮᠦᠵᠢᠯ ᠭᠥᠷᠳᠡᠭᠰᠡᠨ ᠪᠠᠭᠰᠢ ᠰᠣᠷᠣᠭᠴᠢ ᠲᠦᠮᠡ ᠰᠢᠬᠠᠮ ᠬᠥᠮᠦᠨ ᠪᠠᠶᠢᠵᠤ᠂ | ᠤᠬᠠᠭᠤᠯᠭ᠎ᠠ ᠶᠢᠨ ᠮᠠᠲ᠋ᠧᠷᠢᠶᠠᠯ ᠢ 2 ᠲᠦᠮᠡ ᠭᠠᠷᠤᠶ ᠬᠤᠪᠢ ᠲᠠᠷᠬᠠᠭᠠᠪᠠ︔ ᠣᠶᠤᠨᠴᠢ ᠡᠵᠡᠮᠰᠢᠯ ᠤᠨ ᠨᠢᠭᠡ | ᠴᠣᠭᠴᠠᠲᠤ ᠮᠠᠰᠢᠨ ᠢᠶᠠᠷ ᠤᠬᠠᠭᠤᠯᠭ᠎ᠠ ᠶᠢᠨ ᠤᠷᠢᠶ᠎ᠠ ᠯᠣᠽᠦ᠋ᠩ ᠢ ᠬᠡᠳᠦᠨ ᠵᠠᠭᠤᠨ ᠴᠠᠭ ᠠᠴᠠ ᠳᠡᠭᠡᠭᠰᠢ | ᠨᠡᠪᠲᠡᠷᠡᠭᠦᠯᠵᠦ᠂ ᠪᠦᠬᠦ ᠨᠡᠶᠢᠭᠡᠮ ᠤᠨ ᠮᠡᠳᠡᠬᠦ ᠬᠡᠮᠵᠢᠶ᠎ᠡ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠠᠷᠠᠳ ᠤᠯᠠᠨ ᠤ | ᠬᠠᠤᠯᠢ ᠴᠠᠭᠠᠵᠠ ᠶᠢᠨ ᠵᠡᠪᠰᠡᠭ ᠢᠶᠠᠷ ᠡᠷᠬᠡ ᠠᠰᠢᠭ ᠢᠶᠠᠨ ᠬᠠᠮᠠᠭᠠᠯᠠᠬᠤ ᠢᠲᠡᠭᠡᠯ ᠪᠠ ᠴᠢᠳᠠᠪᠤᠷᠢ ᠶᠢ ᠨᠡᠮᠡᠭᠳᠡᠭᠦᠯᠪᠡ᠃ | ᠬᠤᠶᠠᠷ ᠲᠤ᠂ ᠨᠠᠷᠢᠨ ᠨᠢᠮᠪᠠᠶ ᠵᠢᠭᠰᠠᠭᠠᠨ ᠪᠠᠶᠢᠴᠠᠭᠠᠵᠤ᠂ ︽ᠠᠮᠤᠷ ᠲᠦᠪᠰᠢᠨ ᠤ ᠬᠡᠷᠡᠮ︾ ᠢ ᠪᠠᠲᠤ ᠴᠣᠭᠴᠠᠯᠠᠪᠠ᠃ | ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠦᠰ ᠢ ᠲᠥᠪᠬᠢᠨᠡᠭᠦᠯᠵᠦ ᠬᠠᠪᠰᠤᠷᠤᠨ ᠰᠤᠷᠭᠠᠬᠤ | ᠠᠵᠢᠯ ᠢ ᠴᠢᠩᠭᠠᠷᠠᠭᠤᠯᠵᠤ᠂ ᠦᠨᠳᠦᠰᠦᠨ ᠱᠠᠲᠤᠨ ᠤ ᠠᠮᠤᠷ ᠲᠦᠪᠰᠢᠨ ᠲᠣᠭᠲᠠᠭᠤᠨ ᠤ ᠲᠣᠣᠷ ᠢ ᠪᠠᠲᠤ ᠪᠠᠬᠢ | ᠪᠠᠶᠢᠭᠤᠯᠤᠨ᠎ᠠ᠃ ᠰᠢᠰᠲ᠋ᠧᠮ ᠲᠠᠢ ᠬᠠᠷᠭᠤᠭᠤᠯᠤᠨ ᠪᠠᠶᠢᠴᠠᠭᠠᠬᠤ᠂ ᠤᠲᠠᠰᠤ ᠪᠠᠷ ᠭᠢᠨᠳᠠᠨ ᠢ ᠨᠡᠪᠲᠡᠷᠡᠯᠴᠡᠬᠦ᠂ ᠲᠤᠬᠠᠶ ᠶᠢᠨ | ᠭᠠᠵᠠᠷ ᠲᠤᠨᠢ ᠵᠢᠭᠰᠠᠭᠠᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠣᠯᠭᠠᠭᠤᠯᠬᠤ᠂ ᠲᠥᠪᠬᠢᠨᠡᠭᠦᠯᠬᠦ᠂ | ᠬᠠᠪᠰᠤᠷᠤᠨ ᠰᠤᠷᠭᠠᠬᠤ ᠵᠡᠷᠭᠡ ᠠᠵᠢᠯ ᠢ ᠪᠦᠲᠦᠮᠵᠢᠲᠡᠶ ᠥᠷᠨᠢᠭᠦᠯᠬᠦ ᠶᠢ ᠦᠨᠡᠨ ᠬᠦ ᠪᠠᠲᠤᠯᠠᠵᠤ᠂ ᠣᠲᠣ ᠪᠣᠯᠲᠠᠯ᠎ᠠ | ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ 69 ᠬᠥᠮᠦᠨ ᠢ ᠵᠣᠯᠭᠠᠭᠤᠯᠵᠤ᠂ ᠵᠣᠯᠭᠠᠭᠤᠯᠬᠤ | ᠨᠣᠷᠮ᠎ᠠ 100% ᠳᠤ ᠬᠦᠷᠴᠦ᠂ ᠬᠠᠪᠰᠤᠷᠤᠨ ᠰᠤᠷᠭᠠᠬᠤ ᠨᠣᠷᠮ᠎ᠠ 100% ᠳᠤ ᠬᠦᠷᠴᠦ᠂ ᠲᠥᠪᠬᠢᠨᠡᠭᠦᠯᠬᠦ ᠨᠣᠷᠮ᠎ᠠ | 100% ᠳᠤ ᠬᠦᠷᠴᠦ᠂ ᠳᠠᠬᠢᠨ ᠶᠠᠯ᠎ᠠ ᠬᠢᠬᠦ ᠨᠣᠷᠮ᠎ᠠ 0% ᠃ ᠡᠭᠦᠨ ᠠᠴᠠ ᠭᠠᠳᠠᠨ᠎ᠠ᠂ ᠡᠷᠦᠬᠡ ᠠᠮᠠ ᠶᠢᠨ ᠪᠠᠶᠢᠭ᠎ᠠ | ᠭᠠᠵᠠᠷ ᠪᠠ ᠰᠠᠭᠤᠭ᠎ᠠ ᠭᠠᠵᠠᠷ ᠤᠨ ᠠᠳᠠᠯᠢ ᠪᠤᠰᠤ ᠬᠥᠮᠦᠰ ᠲᠤ ᠴᠥᠮ ︽ᠬᠤᠶᠠᠷ ᠢ ᠵᠢᠭᠰᠠᠭᠠᠨ ᠬᠠᠮᠢᠶᠠᠷᠬᠤ︾ ᠶᠢ | ᠬᠡᠷᠡᠭᠵᠢᠭᠦᠯᠪᠡ︔ ᠲᠣᠭᠤᠷᠢᠭ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ᠤ ᠰᠠᠭᠤᠭᠠᠯᠢ ᠠᠷᠠᠳ ︵ᠨᠡᠶᠢᠭᠡᠮ | ᠲᠣᠭᠤᠷᠢᠭ︶ ᠤᠨ ︽ᠭᠤᠷᠪᠠᠨ ᠱᠠᠲᠤ ᠪᠠᠷ ᠬᠤᠯᠪᠣᠭᠠᠯᠠᠨ ᠬᠥᠳᠡᠯᠦᠯᠴᠡᠬᠦ︾ ᠶᠢ ᠪᠠᠷᠢᠮᠲᠠᠯᠠᠵᠤ᠂ ᠬᠠᠷ᠎ᠠ ᠪᠦᠯᠦᠭᠲᠡᠨ | ᠬᠠᠷᠭᠢᠰ ᠬᠦᠴᠦᠨ ᠳᠤ ᠨᠡᠪᠴᠢᠯᠲᠡ ᠬᠢᠬᠦ ᠪᠠ ᠠᠰᠢᠭᠯᠠᠬᠤ ᠶᠢ ᠰᠡᠷᠭᠡᠶᠢᠯᠡᠵᠦ᠂ ᠨᠡᠶᠢᠭᠡᠮ ᠤᠨ ᠡᠶ᠎ᠡ ᠵᠣᠬᠢᠴᠠᠯ ᠪᠠ | ᠲᠣᠭᠲᠠᠭᠤᠨ ᠪᠠᠶᠢᠳᠠᠯ ᠢ ᠬᠦᠴᠦᠲᠡᠶ ᠬᠠᠮᠠᠭᠠᠯᠠᠪᠠ᠃ | ᠭᠤᠷᠪᠠ ᠳᠤ᠂ ᠬᠠᠷᠠᠯᠲᠠ ᠲᠠᠢ ᠪᠠᠷ ᠬᠦᠴᠦᠯᠡᠵᠦ᠂ ︽ᠤᠷᠢᠳᠴᠢᠯᠠᠨ ᠰᠡᠷᠭᠡᠶᠢᠯᠡᠬᠦ ᠵᠡᠭᠦᠦ︾ ᠶᠢ ᠰᠠᠶᠢᠲᠤᠷ ᠬᠢᠪᠡ᠃ | ᠠᠷᠠᠳ ᠤᠨ ᠳᠤᠮᠳᠠᠬᠢ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠢ ᠡᠶᠡᠳᠡᠭᠦᠯᠬᠦ ᠦᠢᠯᠡᠳᠦᠯ ᠢ ᠭᠦᠢᠴᠡᠳ | ᠪᠠᠳᠠᠷᠠᠭᠤᠯᠵᠤ᠂ ᠠᠳᠠᠯ ᠠᠬᠤᠶ ᠶᠢᠨ ᠵᠢᠭᠤᠷᠠᠯᠳᠤᠭᠠᠨ᠂ ᠥᠷᠢ ᠥᠭᠴᠡᠭᠡᠨ ᠤ ᠮᠠᠷᠭᠤᠯᠳᠤᠭᠠᠨ᠂ ᠬᠥᠷᠰᠢ ᠵᠡᠷᠭᠡᠯᠡᠳᠡᠭᠡ᠂ | ᠭᠠᠵᠠᠷ ᠰᠢᠷᠣᠶ ᠵᠡᠷᠭᠡ ᠵᠢᠭᠤᠷᠠᠯᠳᠤᠭᠠᠨ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠨ᠎ᠠ᠃ ᠬᠠᠮᠲᠤᠷᠠᠭᠰᠠᠨ ᠬᠤᠷᠠᠯ ᠤᠨ | ᠳᠦᠷᠢᠮ ᠢ ᠪᠠᠶᠢᠭᠤᠯᠵᠤ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ | ᠡᠶᠡᠳᠡᠭᠦᠯᠭᠡ ᠶᠢᠨ ᠠᠵᠢᠯᠲᠠᠨ ᠯᠤᠭ᠎ᠠ ᠡᠶᠡᠳᠡᠭᠦᠯᠭᠡ ᠶᠢᠨ ᠲᠤᠷᠰᠢᠯᠭ᠎ᠠ ᠪᠠᠨ ᠲᠣᠭᠲᠠᠮᠠᠯ ᠬᠤᠭᠤᠴᠠᠭ᠎ᠠ ᠲᠠᠢ ᠪᠠᠷ | ᠰᠣᠯᠢᠯᠴᠠᠵᠤ᠂ ᠠᠵᠢᠯ ᠢᠶᠠᠨ ᠵᠠᠪᠰᠠᠷ ᠦᠭᠡᠶ ᠵᠣᠯᠭᠠᠭᠤᠯᠬᠤ ᠶᠢ ᠪᠡᠶᠡᠯᠡᠭᠦᠯᠦᠨ᠎ᠡ᠃ ᠵᠥᠷᠢᠴᠡᠯ ᠵᠢᠭᠤᠷᠠᠯᠳᠤᠭᠠᠨ ᠢ ᠣᠯᠠᠨ | ᠡᠰᠢᠵᠢᠭᠦᠯᠦᠨ ᠰᠢᠢᠳᠪᠦᠷᠢᠯᠡᠬᠦ ᠵᠠᠭᠪᠤᠷ ᠢ ᠭᠠᠷᠭᠠᠵᠤ᠂ ︽ᠨᠢᠭᠡ ᠥᠷᠲᠡᠭᠡᠨ ᠤ ᠮᠠᠶ᠋ᠢᠭ︾ ᠤᠨ ᠵᠥᠷᠢᠴᠡᠯ | ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠥᠪ᠂ ︽ᠤᠳᠠᠭᠠᠨ ᠲᠣᠬᠢᠷᠠᠭᠤᠯᠬᠤ ᠵᠣᠷᠭᠠᠨ︾ ᠤ | ᠡᠶᠡᠳᠡᠭᠦᠯᠬᠦ ᠲᠠᠰᠤᠭ ᠵᠡᠷᠭᠡ ᠨᠡᠯᠢᠶᠡᠳ ᠣᠨᠴᠠᠯᠢᠭ ᠲᠠᠢ ᠪᠥᠭᠡᠳ ᠦᠷ᠎ᠡ ᠪᠦᠲᠦᠮᠵᠢᠲᠡᠶ ᠵᠥᠷᠢᠴᠡᠯ ᠵᠢᠭᠤᠷᠠᠯᠳᠤᠭᠠᠨ ᠢ | ᠰᠢᠢᠳᠪᠦᠷᠢᠯᠡᠬᠦ ᠲᠠᠪᠴᠠᠩ ᠢ ᠬᠡᠷᠡᠭᠯᠡᠨ᠂ ᠬᠥᠳᠡᠯᠮᠦᠷᠢ ᠶᠢᠨ ᠮᠠᠷᠭᠤᠯᠳᠤᠭᠠᠨ᠂ ᠤᠷᠤᠭ ᠬᠡᠷ ᠪᠦᠯᠢ᠂ ᠵᠠᠮ ᠬᠠᠷᠢᠯᠴᠠᠭᠠᠨ ᠤ | ᠡ᠊ᠨᠳᠡᠯ᠂ ᠭᠡᠷ᠎ᠡ ᠶᠢᠨ ᠵᠢᠭᠤᠷᠠᠯᠳᠤᠭᠠᠨ ᠵᠡᠷᠭᠡ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ | ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠨᠡᠶᠢᠲᠡ 5521 ᠵᠥᠷᠢᠴᠡᠯ | ᠵᠢᠭᠤᠷᠠᠯᠳᠤᠭᠠᠨ ᠢ ᠡᠶᠡᠳᠡᠭᠦᠯᠵᠦ᠂ 5344 ᠬᠡᠷᠡᠭ ᠢ ᠡᠶᠡᠳᠡᠭᠦᠯᠦᠭᠡᠳ ᠠᠮᠵᠢᠯᠲᠠ ᠣᠯᠤᠭᠰᠠᠨ ᠨᠣᠷᠮ᠎ᠠ 96. | 79% ᠳᠤ ᠬᠦᠷᠴᠦ᠂ ᠬᠤᠯᠪᠣᠭᠳᠠᠭᠰᠠᠨ ᠵᠣᠭᠤᠰ ᠤᠨ ᠲᠤᠭ᠎ᠠ 1716 ᠲᠦᠮᠡᠨ ᠲᠥᠭᠦᠷᠢᠭ ᠲᠤ ᠬᠦᠷᠴᠦ᠂ | ᠠᠯᠪᠠᠨ ᠠᠴᠠ ᠡᠶᠡᠳᠡᠭᠦᠯᠬᠦ ᠵᠢᠭᠤᠷᠠᠯᠳᠤᠭᠠᠨ ᠢ 1682 ᠬᠤᠪᠢ ᠰᠢᠢᠳᠪᠦᠷᠢᠯᠡᠵᠦ᠂ ᠵᠢᠭᠤᠷᠠᠯᠳᠤᠭᠠᠨ 1 ᠬᠤᠪᠢ | ᠡᠶᠡᠲᠡᠭᠦᠯᠵᠦ᠂ ᠰᠤᠷᠪᠤᠯᠵᠢᠯᠠᠭᠠᠵᠢᠭᠤᠷᠠᠯᠳᠤᠭᠠᠨ ᠢ 1 ᠬᠤᠪᠢ ᠡᠶᠡᠲᠡᠭᠦᠯᠪᠡ᠃ | | | | | | |