ᠰᠦᠯᠵᠢᠶᠡᠨ ᠤ ᠴᠠᠭ ᠦᠶ᠎ᠡ ᠶᠢᠨ ᠰᠢᠨ᠎ᠡ ᠥᠷᠢᠰᠥᠯᠳᠦᠭᠡᠨ ᠢ ᠢᠳᠡᠪᠬᠢᠲᠡᠢ ᠴᠤᠤᠷᠢᠶᠠᠲᠤᠨ ᠳᠠᠭᠠᠵᠤ᠂ ᠺᠠᠳ᠋ᠷ | ᠠᠵᠢᠯᠳᠠᠨ ᠠᠵᠢᠯᠴᠢᠨ ᠤ ᠰᠦᠯᠵᠢᠶᠡᠨ ᠤ ᠤᠬᠠᠭᠤᠯᠵᠤ ᠬᠦᠳᠦᠯᠦᠨ ᠵᠢᠯᠣᠭᠤᠳᠬᠤ ᠲᠠᠯ᠎ᠠ ᠪᠠᠷ ᠬᠢ ᠪᠦᠬᠦ ᠲᠠᠯ᠎ᠠ ᠶᠢᠨ | ᠴᠢᠳᠠᠪᠤᠷᠢ ᠪᠣᠯᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠴᠢᠩᠱᠠᠨ ᠲᠣᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ 9 ᠰᠠᠷ᠎ᠠ ᠶᠢᠨ 2 ᠤ ᠡᠳᠦᠷ 2024 ᠣᠨ ᠤ | ᠰᠦᠯᠵᠢᠶᠡᠨ ᠤ ᠤᠬᠠᠭᠤᠯᠵᠤ ᠬᠦᠳᠦᠯᠦᠨ ᠵᠢᠯᠣᠭᠤᠳᠬᠤ ᠠᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠤᠨ | ᠬᠤᠷᠠᠯ ᠢ ᠡᠷᠬᠢᠯᠡᠪᠡ᠃ | ᠲᠣᠰ ᠤᠳᠠᠭᠠᠨ ᠤ ᠪᠣᠯᠪᠠᠰᠤᠷᠠᠯ ᠳᠤ ᠪᠤᠭᠤᠲᠤ ᠬᠤᠲᠠ ᠶᠢᠨ ᠰᠦᠯᠵᠢᠶᠡᠨ ᠤ ᠠᠮᠤᠷ ᠲᠦᠪᠰᠢᠨ ᠤ ᠪᠠᠴᠢᠮ | ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ ᠤᠨ ᠳᠡᠳ᠋ ᠡᠷᠬᠢᠯᠡᠭᠴᠢ ᠯᠢ ᠯᠢᠨ ᠪᠢᠨ ᠢ ᠤᠷᠢᠵᠤ ᠲᠠᠶᠢᠯᠪᠦᠷᠢ | ᠬᠢᠯᠭᠡᠪᠡ᠃ ︽ᠰᠦᠯᠵᠢᠶ᠎ᠡ ᠶᠢ ᠮᠡᠳᠡᠬᠦ᠂ ᠰᠦᠯᠵᠢᠶ᠎ᠡ ᠶᠢ ᠣᠶᠢᠯᠠᠭᠠᠬᠤ᠂ ᠰᠦᠯᠵᠢᠶ᠎ᠡ ᠶᠢ ᠬᠡᠷᠡᠭᠯᠡᠬᠦ︾ ᠭᠤᠤᠯ ᠰᠡᠳᠦᠪ ᠤᠨ | ᠲᠣᠭᠤᠷᠢᠨ ᠳᠤ ᠢᠨᠲ᠋ᠧᠷ ᠰᠦᠯᠵᠢᠶᠡᠨ ᠤ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠶ ᠲᠠᠶᠢᠯᠪᠤᠷᠢᠯᠠᠵᠤ᠂ ᠰᠢᠨ᠎ᠡ | ᠵᠠᠭᠤᠴᠢᠯᠠᠭᠤᠷ ᠤᠨ ᠡᠵᠡᠩᠨᠡᠯᠲᠡ ᠳᠤᠮᠳᠠᠬᠢ ᠦᠨᠳᠦᠰᠦᠨ ᠪᠣᠷᠣ ᠲᠥᠯᠥᠪ᠂ ᠵᠠᠩᠭᠢᠯᠠᠭ᠎ᠠ ᠶᠢᠨ ᠭᠤᠭᠴᠤᠭ᠎ᠠ ᠵᠢᠴᠢ | ᠦᠢᠯᠡᠳᠦᠯᠭᠡ ᠶᠢᠨ ᠳᠤᠮᠳᠠᠬᠢ ᠠᠩᠬᠠᠷᠬᠤ ᠵᠦᠢᠯᠡᠰ ᠲᠤ ᠪᠥᠬᠦ ᠲᠠᠯ᠎ᠠ ᠶᠢᠨ ᠲᠠᠶᠢᠯᠤᠮᠵᠢ ᠬᠢᠭᠰᠡᠨ ᠪᠥᠭᠡᠳ | ᠪᠣᠯᠪᠠᠰᠤᠷᠠᠯ ᠳᠤ ᠣᠷᠣᠯᠴᠠᠭᠰᠠᠳ ᠲᠠᠢ ᠬᠡᠷᠬᠢᠨ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠰᠦᠯᠵᠢᠶᠡᠨ ᠤ | ᠣᠷᠴᠢᠨ ᠲᠣᠭᠤᠷᠢᠨ ᠳᠤ ᠠᠵᠢᠯ ᠢᠶᠠᠨ ᠪᠦᠲᠦᠮᠵᠢᠲᠡᠶ ᠥᠷᠨᠢᠭᠦᠯᠬᠦ ᠲᠤᠬᠠᠶ ᠭᠦᠨᠵᠡᠭᠡᠶ ᠰᠣᠯᠢᠯᠴᠠᠨ ᠶᠠᠷᠢᠯᠴᠠᠪᠠ᠃ | ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ | ᠬᠡᠷ ᠤᠨ ᠠᠵᠢᠯᠲᠠᠳ ᠰᠦᠯᠵᠢᠶᠡᠨ ᠤ ᠤᠬᠠᠭᠤᠯᠵᠤ ᠬᠥᠲᠥᠯᠦᠨ ᠵᠢᠯᠣᠭᠤᠳᠬᠤ ᠪᠣᠳᠠᠲᠠᠶ ᠡᠭᠦᠷᠭᠡ ᠬᠠᠷᠢᠭᠤᠴᠠᠯᠭ᠎ᠠ᠂ | ᠡᠭᠦᠷᠭᠡ ᠶᠢᠨ ᠬᠤᠪᠢᠶᠠᠷᠢᠯᠠᠯᠲᠠ ᠵᠢᠴᠢ ᠠᠵᠢᠯ ᠤᠨ ᠱᠠᠭᠠᠷᠳᠠᠯᠭ᠎ᠠ ᠶᠢᠨ ᠲᠤᠬᠠᠶ ᠨᠠᠷᠢᠨ ᠲᠣᠳᠣᠷᠬᠠᠶᠢᠯᠠᠯᠲᠠ ᠬᠢᠪᠠ᠃ | ᠲᠣᠰ ᠤᠳᠠᠭᠠᠨ ᠤ ᠲᠤᠰᠬᠠᠶ ᠰᠡᠳᠦᠪᠲᠦ ᠪᠣᠯᠪᠠᠰᠤᠷᠠᠭᠤᠯᠤᠯ ᠳᠤ ᠣᠷᠣᠯᠴᠠᠭᠰᠠᠳ ᠤᠨ ᠬᠠᠷᠠᠭ᠎ᠠ ᠶᠢ | ᠥᠷᠭᠡᠳᠬᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠳᠤ ᠡᠷᠬᠢᠮ ᠨᠠᠨᠳᠢᠨ | ᠦᠢᠯᠡᠳᠦᠯᠭᠡ ᠶᠢᠨ ᠲᠤᠷᠰᠢᠯᠭ᠎ᠠ ᠪᠠ ᠠᠵᠢᠯᠯᠠᠭᠠᠨ ᠤ ᠵᠦᠭᠯᠡᠭᠦᠷ ᠬᠠᠩᠭᠠᠭᠰᠠᠨ ᠪᠠᠶᠢᠨ᠎ᠠ᠃ ᠪᠣᠯᠪᠠᠰᠤᠷᠠᠯ ᠳᠤ | ᠣᠷᠣᠯᠴᠠᠭᠰᠠᠳ ᠢᠯᠡᠷᠬᠡᠶᠢᠯᠡᠬᠦ ᠳᠡᠭᠡᠨ᠂ ᠵᠠᠯᠭᠠᠭᠠᠳ᠂ ᠰᠣᠷᠣᠭᠰᠠᠨ ᠮᠡᠳᠡᠯᠭᠡ ᠪᠠᠨ ᠢᠳᠡᠪᠬᠢᠲᠡᠶ ᠬᠡᠷᠡᠭᠯᠡᠵᠦ᠂ | ᠰᠦᠯᠵᠢᠶᠡᠨ ᠤ ᠤᠬᠠᠭᠤᠯᠭ᠎ᠠ ᠵᠢᠯᠣᠭᠤᠳᠣᠯᠭ᠎ᠠ ᠶᠢᠨ ᠠᠷᠭ᠎ᠠ ᠪᠣᠳᠣᠯᠭ᠎ᠠ ᠪᠠᠨ ᠰᠢᠯᠢᠳᠡᠭᠵᠢᠭᠦᠯᠵᠦ᠂ ᠡᠷᠡᠭᠦᠯ ᠴᠢᠭᠢᠷᠠᠭ᠂ | ᠢᠳᠡᠪᠬᠢᠲᠡᠶ ᠰᠦᠯᠵᠢᠶᠡᠨ ᠤ ᠣᠷᠴᠢᠨ ᠨᠥᠬᠦᠴᠡᠯ ᠢ ᠪᠣᠶ ᠪᠣᠯᠭᠠᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠶ᠃ | ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠰ ᠤᠳᠠᠭᠠᠨ ᠤ | ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠰᠤᠷᠤᠯᠴᠠᠯᠭ᠎ᠠ ᠪᠠ ᠦᠢᠯᠡᠳᠦᠯᠭᠡ ᠪᠠᠨ ᠴᠢᠩᠭᠠᠳᠬᠠᠵᠤ᠂ ᠠᠵᠢᠯ ᠤᠨ | ᠠᠷᠭ᠎ᠠ ᠶᠢᠨ ᠰᠢᠨ᠎ᠡ ᠶᠢ ᠡᠭᠦᠳᠬᠦ ᠶᠢ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ ᠰᠦᠯᠵᠢᠶᠡᠨ ᠤ ᠤᠬᠠᠭᠤᠯᠵᠤ | ᠬᠥᠲᠥᠯᠦᠨ ᠵᠢᠯᠣᠭᠤᠳᠬᠤ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ | ᠪᠣᠯᠤᠨ᠎ᠠ᠃ ᠡᠭᠦᠨ ᠤ ᠬᠠᠮᠲᠤ᠂ ᠨᠡᠶᠢᠭᠡᠮ ᠤᠨ ᠠᠩᠬᠠᠷᠤᠯ ᠳᠤ ᠢᠳᠡᠪᠬᠢᠲᠡᠢ ᠬᠠᠷᠢᠭᠤᠯᠲᠠ ᠥᠭᠴᠦ᠂ ᠨᠡᠩ ᠨᠡᠭᠡᠭᠡᠯᠲᠡᠲᠡᠢ᠂ | ᠢᠯᠡ ᠲᠣᠳᠣ ᠣᠪᠣᠷ ᠢᠶᠠᠷ ᠨᠡᠶᠢᠭᠡᠮ ᠤᠨ ᠬᠢᠨᠠᠯᠲᠠ ᠶᠢ ᠬᠦᠯᠢᠶᠡᠵᠦ᠂ ᠪᠦᠬᠦ ᠲᠤᠭᠤᠷᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠳᠤ ᠰᠠᠶᠢᠨ ᠰᠠᠶᠢᠬᠠᠨ ᠰᠦᠯᠵᠢᠶᠡᠨ ᠤ ᠣᠷᠴᠢᠨ | ᠲᠣᠭᠤᠷᠢᠨ ᠢ ᠪᠤᠢ ᠪᠤᠯᠭᠠᠨ᠎ᠠ᠃ | | | | | | | | |