ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︽ᠡᠳ᠋ ᠤᠨ ᠵᠠᠰᠠᠭ ᠪᠠᠷ ᠴᠢᠳᠠᠪᠤᠷᠢᠲᠠᠨ ᠢ ᠲᠤᠰᠠᠯᠠᠬᠤ︾    ᠴᠢᠳᠠᠪᠤᠷᠢᠲᠠᠨ ᠤ ᠬᠥᠭᠵᠢᠯᠲᠡ ᠶᠢᠨ ᠬᠥᠷᠥᠰᠥ ᠰᠢᠷᠣᠶ ᠶᠢ ᠰᠢᠮᠡᠵᠢᠭᠦᠯᠪᠡ
ᠨᠡᠶᠢᠲᠡᠯᠡᠭᠰᠡᠨ ᠴᠠᠭ᠄
2024/9/4
      ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠴᠢᠳᠠᠪᠤᠷᠢᠲᠠᠨ ᠤ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠴᠢᠳᠠᠪᠤᠷᠢᠲᠠᠨ ᠤ ᠵᠠᠷᠤᠳᠠᠯ ᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠳᠡᠮᠵᠢᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠴᠢᠩᠱᠠᠨ ᠲᠣᠭᠤᠷᠢᠭ ᠤᠨ ᠴᠢᠳᠠᠪᠤᠷᠢᠲᠠᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠤᠨ᠎ᠠ᠃ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠤᠨ ᠡᠳ᠋ ᠤᠨ ᠵᠠᠰᠠᠭ ᠤᠨ ᠪᠠᠲᠤᠯᠠᠭ᠎ᠠ ᠶᠢᠨ ᠰᠢᠰᠲ᠋ᠧᠮ ᠢ ᠬᠦᠴᠦᠯᠡᠨ ᠪᠠᠶᠢᠭᠤᠯᠬᠤ ᠪᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠰᠣᠷᠢᠨᠵᠢᠨ ᠬᠦᠴᠦᠨ᠂ ᠴᠢᠳᠠᠪᠤᠷᠢᠲᠠᠨ ᠦᠯᠡᠳᠡᠭᠡᠬᠦ ᠲᠣᠭᠲᠠᠯ ᠬᠦᠴᠦᠨ ᠪᠣᠯᠭᠠᠨ ᠬᠤᠪᠢᠷᠠᠭᠤᠯᠵᠤ᠂ ᠣᠷᠣᠨ ᠪᠦᠰᠡ ᠶᠢᠨ ᠲᠠᠲᠠᠬᠤ ᠬᠦᠴᠦᠨ ᠲᠠᠢ ᠰᠢᠨ᠎ᠡ ᠶᠢ ᠡᠭᠦᠳᠬᠦ ᠴᠢᠳᠠᠪᠤᠷᠢᠲᠠᠨ ᠤ ᠲᠥᠪᠯᠡᠷᠡᠯ ᠤᠨ ᠭᠠᠵᠠᠷ ᠢ ᠪᠣᠶ ᠪᠣᠯᠭᠠᠨ᠎ᠠ᠃      ᠨᠢᠭᠡ ᠳᠤ᠂ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠴᠢᠳᠠᠪᠤᠷᠢᠲᠠᠨ ᠢ ᠲᠠᠲᠠᠬᠤ ᠬᠦᠴᠦᠨ ᠢ ᠴᠢᠩᠭᠠᠷᠠᠭᠤᠯᠤᠨ᠎ᠠ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠵ᠊᠂ ᠪᠦᠬᠦ ᠲᠤᠭᠤᠷᠢᠭ ᠤᠨ ᠴᠢᠳᠠᠪᠤᠷᠢᠲᠠᠨ ᠤ ᠠᠵᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ  ᠪᠠᠲᠤᠯᠠᠨ᠎ᠠ᠃ 8 ᠳ᠋ᠤᠭᠠᠷ ᠰᠠᠷ᠎ᠠ ᠪᠣᠯᠲᠠᠯ᠎ᠠ᠂ ᠵᠠᠯᠠᠭᠤ ᠴᠢᠳᠠᠪᠤᠷᠢᠲᠠᠨ ᠢ ᠱᠠᠩᠨᠠᠨ ᠬᠥᠬᠢᠭᠦᠯᠬᠦ᠂ ᠤᠶᠠᠨ ᠬᠠᠳᠠᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠱᠠᠩᠨᠠᠯ ᠨᠥᠬᠦᠪᠥᠷᠢ ᠶᠢᠨ ᠪᠠᠯᠠ ᠮᠥᠩᠭᠦ 98.7 ᠲᠦᠮᠡᠨ ᠲᠥᠭᠦᠷᠢᠭ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ 487.19 ᠲᠦᠮᠡᠨ ᠲᠥᠭᠦᠷᠢᠭ ᠤᠨ ᠨᠥᠬᠦᠪᠥᠷᠢ ᠥᠭᠴᠦ᠂ ᠪᠦᠬᠦᠨ ᠢ ᠪᠣᠳᠠᠲᠠᠶᠢᠵᠢᠭᠤᠯᠪᠠ᠃      ᠬᠤᠶᠠᠷ ᠲᠤ᠂ ᠴᠢᠳᠠᠪᠤᠷᠢᠲᠠᠨ ᠢ ᠬᠥᠮᠦᠵᠢᠭᠦᠯᠬᠦ ᠪᠠ ᠪᠣᠯᠪᠠᠰᠤᠷᠠᠭᠤᠯᠬᠤ ᠶᠢ ᠳᠡᠮᠵᠢᠵᠦ᠂ ᠴᠢᠳᠠᠪᠤᠷᠢᠲᠠᠨ ᠢ ᠬᠥᠮᠦᠵᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠵᠠᠯᠠᠭᠤᠴᠤᠳ ᠤᠨ ᠳᠠᠭᠠᠵᠤ ᠰᠤᠷᠬᠤ ᠰᠠᠭᠤᠷᠢᠨ ᠭᠠᠵᠠᠷ ᠤᠨ ᠬᠡᠪᠴᠢᠶ᠎ᠡ ᠶᠢ ᠥᠷᠭᠡᠳᠬᠡᠵᠦ᠂ ᠳᠠᠭᠠᠵᠤ ᠰᠤᠷᠬᠤ ᠵᠢᠭᠠᠨ ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠦᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠰᠢᠩᠭᠡᠭᠡᠨ ᠠᠪᠴᠤ ᠳᠠᠪᠲᠠᠬᠤ ᠰᠠᠭᠤᠷᠢᠨ ᠭᠠᠵᠠᠷ ᠲᠤ ᠳᠠᠭᠠᠵᠤ ᠰᠤᠷᠤᠯᠴᠠᠭᠤᠯᠪᠠᠯ᠂ ᠮᠠᠨ ᠤ ᠬᠤᠲᠠ ᠶᠢᠨ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠶᠢᠨ 50% ᠪᠠᠷ ᠠᠵᠤ ᠠᠬᠤᠶᠢᠯᠠᠯ ᠤᠨ ᠳᠠᠭᠠᠵᠤ ᠰᠤᠷᠬᠤ ᠨᠥᠬᠦᠪᠥᠷᠢ ᠣᠯᠭᠤᠨ᠎ᠠ︔ ᠠᠩᠬ᠎ᠠ ᠤᠳᠠᠭ᠎ᠠ ᠵᠢᠵᠢᠭ‌ᠠᠵᠤ ᠠᠬᠤᠶᠢᠯᠠᠯ ᠡᠭᠦᠳᠦᠨ ᠪᠠᠶᠢᠭᠤᠯᠤᠭᠰᠠᠨ ᠪᠤᠶᠤ ᠬᠤᠪᠢ ᠶᠢᠨ ᠡᠵᠡᠩᠨᠡᠯᠲᠡ ᠬᠢᠵᠦ ᠪᠠᠶᠢᠭ᠎ᠠ ᠠᠵᠤ ᠠᠬᠤᠶᠢᠯᠠᠯ ᠪᠤᠶᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠯᠲᠠ ᠬᠢᠭᠰᠡᠨ ᠡᠳᠦᠷ ᠠᠴᠠ ᠡᠬᠢᠯᠡᠨ 1 ᠵᠢᠯ ᠠᠴᠠ ᠳᠡᠭᠡᠭᠰᠢ ᠬᠡᠪ ᠤᠨ ᠶᠣᠰᠣᠭᠠᠷ ᠡᠵᠡᠩᠨᠡᠭᠰᠡᠨ ᠰᠤᠷᠭᠠᠭᠤᠯᠢ ᠠᠴᠠ ᠪᠠᠨ ᠰᠠᠯᠪᠠᠯ 2 ᠵᠢᠯ ᠤᠨ ᠳᠣᠲᠣᠷ᠎ᠠ ᠳᠡᠭᠡᠳᠦ ᠰᠤᠷᠭᠠᠭᠤᠯᠢ ᠲᠡᠭᠦᠰᠦᠭᠰᠡᠳ ᠲᠤ ᠨᠢᠭᠡ ᠯᠡ ᠤᠳᠠᠭ᠎ᠠ ᠶᠢᠨ ᠴᠢᠨᠠᠷᠲᠠᠶ ᠠᠳᠠᠯ ᠦᠢᠯᠡᠰ ᠴᠣᠭᠴᠠᠯᠠᠬᠤ ᠨᠥᠬᠦᠪᠥᠷᠢ ᠣᠯᠭᠤᠨ᠎ᠠ︔ ᠲᠡᠭᠦᠰᠬᠦ ᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠬᠦᠷᠲᠡᠭᠡᠵᠦ᠂ ᠬᠢᠷᠢ ᠲᠡᠩᠴᠡᠭᠰᠡᠨ ᠰᠤᠷᠤᠭᠴᠢᠳ ᠲᠤ ︽ᠤᠷᠢᠳᠠᠪᠠᠷ ᠣᠷᠣᠯᠠᠨ ᠬᠢᠵᠦ ᠳᠠᠷᠠᠭ᠎ᠠ ᠨᠢ ᠨᠥᠬᠦᠪᠥᠷᠢᠯᠡᠬᠦ︾ ᠠᠷᠭ᠎ᠠ ᠮᠠᠶ᠋ᠢᠭ ᠢᠶᠠᠷ ᠪᠣᠯᠪᠠᠰᠤᠷᠠᠭᠤᠯᠤᠯ ᠤᠨ ᠨᠥᠬᠦᠪᠥᠷᠢ ᠣᠯᠭᠤᠨ᠎ᠠ᠃ 8 ᠳ᠋ᠤᠭᠠᠷ ᠰᠠᠷ᠎ᠠ ᠪᠣᠯᠲᠠᠯ᠎ᠠ᠂ ᠨᠡᠶᠢᠲᠡ 75.07 ᠲᠦᠮᠡᠨ ᠲᠥᠭᠦᠷᠢᠭ ᠰᠠᠯᠭᠠᠨ ᠥᠭᠴᠡᠶ᠂ ᠡᠭᠦᠨ ᠳᠤ ᠨᠢᠭᠡ ᠤᠳᠠᠭ᠎ᠠ ᠶᠢᠨ ᠴᠢᠨᠠᠷᠲᠠᠶ ᠠᠳᠠᠯ ᠦᠢᠯᠡᠰ ᠴᠣᠭᠴᠠᠯᠠᠬᠤ ᠨᠥᠬᠦᠪᠥᠷᠢ 1 ᠲᠦᠮᠡᠨ ᠲᠥᠭᠦᠷᠢᠭ᠂ ᠠᠵᠢᠯ ᠣᠯᠭᠤᠯᠲᠠ ᠶᠢᠨ ᠳᠠᠳᠤᠯᠭ᠎ᠠ ᠶᠢᠨ ᠨᠥᠬᠦᠪᠥᠷᠢ 32 ᠲᠦᠮᠡᠨ ᠲᠥᠭᠦᠷᠢᠭ᠂ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠨᠥᠬᠦᠪᠥᠷᠢ 42.07 ᠲᠦᠮᠡᠨ ᠲᠥᠭᠦᠷᠢᠭ ᠪᠣᠶ᠃      ᠭᠤᠷᠪᠠ ᠳᠤ ᠪᠡᠯᠡ ᠮᠥᠩᠭᠦ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠴᠢᠳᠠᠪᠤᠷᠢᠲᠠᠨ ᠤ ᠵᠠᠷᠤᠳᠠᠯ ᠤᠨ ᠬᠡᠷᠡᠭᠯᠡᠯᠲᠡ ᠶᠢᠨ ᠦᠷ᠎ᠡ ᠠᠰᠢᠭ ᠢ ᠪᠠᠳᠠᠷᠠᠭᠤᠯᠤᠨ᠎ᠠ᠃ ᠡᠯ᠎ᠡ ᠲᠥᠷᠥᠯ ᠤᠨ ᠴᠢᠳᠠᠪᠤᠷᠢᠲᠠᠨ ᠤ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠨ ᠬᠠᠷᠭᠤᠭᠤᠯᠬᠤ ᠬᠠᠷᠢᠭᠤᠴᠠᠯᠭ᠎ᠠ ᠶᠢ ᠲᠠᠰᠤᠷᠠᠯᠲᠠ ᠥᠬᠡᠶ ᠪᠠᠬᠢᠵᠢᠭᠦᠯᠵᠦ᠂ ᠬᠥᠮᠦᠨ ᠬᠡᠷᠡᠭᠯᠡᠬᠦ ᠨᠢᠭᠡᠴᠡ ᠶᠢᠨ ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠤᠨ᠂ ᠴᠢᠳᠠᠪᠤᠷᠢᠲᠠᠨ ᠤ ᠪᠠᠯᠠ ᠮᠥᠩᠭᠦ ᠶᠢᠨ ᠪᠥᠬᠦ ᠶᠠᠪᠤᠴᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠴᠢᠳᠠᠪᠤᠷᠢᠲᠠᠨ ᠤ ᠪᠠᠯᠠ ᠮᠥᠩᠭᠦ ᠶᠢᠨ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠬᠦ ᠶᠢ ᠦᠨᠡᠨᠬᠦ ᠪᠠᠲᠤᠯᠠᠵᠤ᠂ ᠴᠢᠳᠠᠪᠤᠷᠢᠲᠠᠨ ᠤ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号