ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠤᠯᠠᠮ ᠨᠢᠭᠡ ᠠᠯᠬᠤᠮ ᠭᠦᠨᠵᠡᠭᠡᠶ | ᠳᠥᠯᠭᠢᠨ ᠠᠬᠢᠭᠤᠯᠵᠤ᠂ ︽ᠬᠥᠮᠦᠨ ᠪᠦᠬᠦᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠠᠯᠠᠮᠵᠢᠯᠠᠬᠤ᠂ ᠬᠥᠮᠦᠨ | ᠪᠦᠬᠦᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠠᠮᠠᠭᠠᠯᠠᠬᠤ︾ ᠰᠠᠶᠢᠨ ᠰᠠᠶᠢᠬᠠᠨ ᠠᠭᠤᠷ ᠠᠮᠢᠰᠬᠤᠯ ᠢ | ᠴᠢᠷᠮᠠᠶᠢᠨ ᠪᠣᠶ ᠪᠣᠯᠭᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ | ᠦᠢᠯᠡᠴᠢᠯᠡᠭᠡᠨ ᠤ ᠣᠶᠢᠯᠠᠭᠠᠭᠳᠠᠬᠤᠨ ᠢᠶᠠᠨ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠪᠠᠨ | ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠯᠢ ᠣᠯᠠᠨ ᠠᠷᠭ᠎ᠠ | ᠬᠡᠮᠵᠢᠶ᠎ᠡ ᠶᠢ ᠭᠠᠷᠭᠠᠵᠤ᠂ ᠴᠢᠩᠱᠠᠨ ᠲᠣᠭᠤᠷᠢᠭ ᠤᠨ ᠲᠡᠷᠢᠭᠦᠨ ᠵᠡᠷᠭᠡ ᠶᠢᠨ ᠬᠠᠤᠯᠢ ᠪᠠᠷ ᠵᠠᠰᠠᠬᠤ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠳᠤ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠬᠦᠴᠦᠨ ᠴᠢᠳᠠᠯ ᠢᠶᠠᠨ ᠡᠷᠭᠦᠪᠡ᠃ | ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠵᠦ᠂ ᠲᠥᠪ ᠭᠤᠣᠯᠴᠢ ᠬᠠᠤᠯᠢᠵᠢᠯ ᠤᠨ ᠣᠷᠴᠢᠨ | ᠨᠥᠬᠦᠴᠡᠯ ᠢ ᠪᠤᠢ ᠪᠣᠯᠭᠠᠨ᠎ᠠ | ᠨᠢᠭᠡ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠣᠯᠪᠠᠰᠤᠷᠠᠭᠤᠯᠤᠯ ᠤᠨ | ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠲᠤᠰᠬᠠᠶ ᠮᠡᠷᠭᠡᠵᠢᠯ ᠤᠨ ᠪᠠᠭᠰᠢ ᠶᠢ ᠤᠷᠢᠵᠤ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾᠂ ︽ᠵᠠᠰᠠᠭ ᠵᠠᠬᠢᠷᠭᠠᠨ ᠤ | ᠠᠯᠪᠠᠳᠠᠯᠭ᠎ᠠ ᠶᠢᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠤᠷᠢᠨ ᠳᠤ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠵᠡᠷᠭᠡ ᠬᠦᠷᠢᠶᠡᠨ ᠳᠠᠬᠢ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠣᠨᠣᠯ ᠤᠨ | ᠪᠣᠯᠪᠠᠰᠤᠷᠠᠭᠤᠯᠤᠯ ᠥᠷᠨᠢᠭᠦᠯᠵᠦ᠂ ᠬᠢᠨᠠᠯᠲᠠ ᠲᠠᠯᠪᠢᠬᠤ ᠡᠩᠨᠡᠭᠡᠨ ᠤ ᠪᠠᠶᠢᠭᠤᠯᠤᠯᠲᠠ ᠶᠢᠨ ᠬᠢᠷᠢ ᠲᠦᠪᠰᠢᠨ ᠢ | ᠯᠠᠪᠳᠠᠭᠤᠨ ᠪᠠᠲᠤᠲᠠᠶ ᠳᠡᠭᠡᠭᠰᠢᠯᠡᠭᠦᠯᠪᠡ᠃ ᠬᠤᠶᠠᠷ ᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠲᠤᠷᠰᠢᠯᠲᠠ ᠶᠢᠨ ᠴᠡᠭ ᠤᠨ ᠠᠵᠢᠯ ᠢ ᠢᠳᠡᠪᠬᠢᠲᠡᠶ ᠠᠬᠢᠭᠤᠯᠵᠤ᠂ ᠴᠢᠩ ᠹᠦ᠋ ᠪᠠᠯᠭᠠᠰᠤᠨ ᠤ ᠬᠠᠤᠯᠢ | ᠴᠠᠭᠠᠵᠠ ᠶᠢᠨ ᠭᠠᠵᠠᠷ᠂ ᠰᠢᠩ ᠱᠧᠩ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠲᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠤᠷᠰᠢᠯᠲᠠ ᠶᠢᠨ ᠴᠡᠭ ᠪᠠᠶᠢᠭᠤᠯᠵᠤ᠂ ᠬᠤᠶᠠᠷ ᠪᠠᠯᠭᠠᠰᠤᠨ ᠤ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠ ᠬᠠᠤᠯᠢ ᠬᠡᠷᠡᠭᠵᠢᠭᠦᠯᠦᠭᠰᠡᠨ ᠬᠡᠷᠡᠭ ᠤᠨ | ᠡᠪᠬᠡᠮᠡᠯ ᠢ ᠦᠨᠡᠯᠡᠨ ᠪᠠᠶᠢᠴᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠠᠤᠯᠢ ᠶᠢ ᠴᠢᠩᠭ᠎ᠠ | ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠠᠬᠢᠭᠤᠯᠪᠠ᠃ ᠭᠤᠷᠪᠠ ᠳᠤ᠂ ︽ᠳᠠᠭᠠᠯᠲᠠ ᠮᠠᠶ᠋ᠢᠭ︾ | ᠤᠨ ᠬᠠᠤᠯᠢ ᠬᠡᠷᠡᠭᠵᠢᠭᠦᠯᠬᠦ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠲᠤᠷᠰᠢᠯᠲᠠ ᠶᠢᠨ ᠴᠡᠭ ᠤᠨ ᠬᠠᠤᠯᠢ | ᠴᠠᠭᠠᠵᠠ ᠶᠢᠨ ᠭᠠᠵᠠᠷ ᠤᠨ ᠠᠵᠢᠯᠲᠠᠨ ᠢ ᠰᠣᠩᠭᠤᠨ ᠲᠣᠮᠢᠯᠠᠵᠤ ᠬᠠᠷᠢᠶ᠎ᠠ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠭᠠᠵᠠᠷ᠂ ᠲᠣᠮᠢᠯᠠᠭᠰᠠᠨ ᠰᠠᠯᠪᠤᠷᠢ ᠵᠡᠷᠭᠡ ᠬᠠᠤᠯᠢ ᠬᠡᠷᠡᠭᠵᠢᠭᠦᠯᠬᠦ ᠪᠥᠬᠦ ᠶᠠᠪᠤᠴᠠ ᠳᠤ | ᠣᠷᠣᠯᠴᠠᠭᠤᠯᠵᠤ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ | ᠰᠢᠯᠢᠳᠡᠭᠵᠢᠭᠦᠯᠪᠡ᠃ | ᠠᠵᠤ ᠠᠬᠤᠶᠢᠯᠠᠯ ᠳᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠢ ᠠᠷᠢᠯᠭᠠᠵᠤ᠂ ᠴᠢᠨᠠᠷ ᠰᠠᠶᠢᠲᠠᠢ | ᠥᠨᠳᠥᠷ ᠪᠦᠲᠦᠮᠵᠢᠲᠡᠢ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ | ᠨᠢᠭᠡ ᠳᠤ᠂ ᠠᠵᠤ ᠠᠬᠤᠶᠢᠯᠠᠯ ᠤᠨ ᠬᠠᠤᠯᠢ ᠪᠠᠷ ᠵᠠᠰᠠᠬᠤ ᠦᠢᠯᠡᠴᠢᠯᠡᠭᠡᠨ ᠤ ᠬᠡᠷᠡᠭᠴᠡᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ | ᠶᠢ ᠪᠠᠶᠢᠩᠭᠤᠵᠢᠭᠤᠯᠬᠤ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ ᠬᠠᠤᠯᠢ ᠴᠠᠭᠠᠵᠠ ᠶᠢᠨ | ᠲᠠᠯ᠎ᠠ ᠪᠠᠷ ᠣᠷᠣᠰᠢᠵᠤ ᠪᠠᠶᠢᠭ᠎ᠠ ᠠᠶᠤᠯ ᠲᠦᠭᠰᠢᠭᠦᠷᠢ ᠶᠢᠨ ᠬᠡᠮ ᠰᠣᠭᠤᠭ ᠢ ᠡᠮᠬᠢᠯᠡᠵᠦ᠂ ︽ᠡᠪᠡᠳᠴᠢᠨ ᠳᠤᠨᠢ | ᠲᠣᠬᠢᠷᠠᠭᠤᠯᠤᠨ ᠡᠮ ᠥᠭᠴᠦ︾ ᠴᠡᠭᠴᠡᠯᠡᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠳᠤᠷᠠᠳᠪᠠ᠃ ᠣᠲᠣ ᠪᠣᠯᠲᠠᠯ᠎ᠠ᠂ | ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠶᠢᠨ | ᠠᠵᠢᠯᠯᠠᠭ᠎ᠠ ᠶᠢ 2 ᠤᠳᠠᠭ᠎ᠠ ᠥᠷᠨᠢᠭᠦᠯᠵᠦ᠂ 10 ᠭᠠᠷᠤᠶ ᠬᠤᠪᠢ ᠪᠡᠶ᠎ᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ | ᠭᠠᠷᠭᠠᠵᠠᠶ᠃ ᠬᠤᠶᠠᠷ ᠲᠤ᠂ ᠡᠯ᠎ᠡ ᠲᠠᠯ᠎ᠠ ᠶᠢᠨ ᠬᠦᠴᠦᠨ ᠢ ᠢᠳᠡᠪᠬᠢᠲᠡᠢ ᠵᠣᠬᠢᠴᠠᠭᠤᠯᠵᠤ ᠠᠵᠤ ᠠᠬᠤᠶᠢᠯᠠᠯ ᠳᠤ | ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠢ ᠠᠷᠢᠯᠭᠠᠨ᠎ᠠ᠃ ᠬᠠᠤᠯᠢᠴᠢ ᠶᠢᠨ ᠡᠶᠡᠳᠡᠭᠦᠯᠦᠭᠴᠢ᠂ ᠬᠠᠤᠯᠢ | ᠴᠠᠭᠠᠵᠠ ᠶᠢᠨ ᠭᠠᠵᠠᠷ ᠤᠨ ᠠᠵᠢᠯᠲᠠᠨ᠂ ᠠᠷᠠᠳ ᠤᠨ ᠡᠶᠡᠳᠡᠭᠦᠯᠦᠭᠴᠢ᠂ ᠬᠠᠤᠯᠢ ᠴᠠᠭᠠᠵᠠ ᠶᠢᠨ ᠦᠢᠯᠡᠴᠢᠯᠡᠭᠡᠨ ᠤ | ᠠᠵᠢᠯᠲᠠᠨ ᠤ ᠳᠥᠷᠪᠡᠨ ᠡᠩᠨᠡᠭᠡ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ᠂ ᠪᠠᠷᠢᠯᠭ᠎ᠠ ᠶᠢᠨ ᠭᠠᠵᠠᠷ ᠲᠤ | ᠭᠦᠨᠵᠡᠭᠡᠶᠢᠷᠡᠨ ᠬᠥᠳᠡᠯᠮᠦᠷᠢ ᠶᠢᠨ ᠬᠥᠯᠥᠰᠥ ᠣᠯᠭᠤᠮᠵᠢ᠂ ᠠᠵᠢᠯ ᠠᠴᠠ ᠪᠣᠯᠤᠭᠰᠠᠨ ᠭᠡᠮᠲᠦᠯ ᠤᠨ ᠵᠢᠭᠤᠷᠠᠯᠳᠤᠭᠠᠨ᠂ | ᠬᠥᠳᠡᠯᠮᠦᠷᠢ ᠶᠢᠨ ᠭᠡᠷ᠎ᠡ ᠵᠡᠷᠭᠡ ᠵᠥᠷᠢᠴᠡᠯ ᠵᠢᠭᠤᠷᠠᠯᠳᠤᠭᠠᠨ ᠢ ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠵᠤ᠂ | ︽ᠡᠷᠲᠡ ᠢᠯᠡᠷᠡᠭᠦᠯᠵᠦ᠂ ᠡᠷᠲᠡ ᠠᠷᠢᠯᠭᠠᠬᠤ︾ ᠶᠢ ᠦᠨᠡᠨᠬᠦ ᠪᠠᠲᠤᠯᠠᠪᠠ᠃ ᠭᠤᠷᠪᠠ ᠳᠤ᠂ ᠴᠢᠩᠱᠠᠨ ᠲᠣᠭᠤᠷᠢᠭ ᠤᠨ | ᠲᠢᠶᠠᠨ ᠲᠦᠩ ᠮᠢᠨ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠡᠶᠡᠳᠡᠭᠦᠯᠬᠦ ᠵᠥᠪᠯᠡᠯ ᠤᠨ ᠡᠶᠡᠳᠡᠭᠦᠯᠬᠦ | ᠲᠠᠰᠤᠭ ᠢ ᠶᠠᠭ ᠪᠠᠶᠢᠭᠤᠯᠬᠤ ᠪᠠᠷ ᠪᠡᠯᠡᠳᠬᠡᠵᠦ᠂ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ | ᠡᠶᠡᠳᠡᠭᠦᠯᠬᠦ ᠠᠵᠢᠯ ᠢ ᠦᠨᠡᠨ ᠬᠦ ᠰᠠᠶᠢᠲᠤᠷ ᠥᠷᠨᠢᠭᠦᠯᠵᠦ᠂ ᠡᠶᠡᠳᠡᠭᠦᠯᠬᠦ ᠵᠥᠪᠯᠡᠯ ᠤᠨ ᠡᠬᠢ ᠡᠭᠦᠰᠦᠯ ᠢ ᠨᠢ ᠵᠠᠰᠠᠬᠤ | ᠲᠠᠯ᠎ᠠ ᠪᠠᠷ ᠬᠢ ᠢᠳᠡᠪᠬᠢ ᠦᠢᠯᠡᠳᠦᠯ ᠢ ᠪᠠᠳᠠᠷᠠᠭᠤᠯᠪᠠ᠃ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠷᠭ᠎ᠠ ᠬᠡᠯᠪᠡᠷᠢ ᠶᠢ | ᠪᠠᠶᠠᠯᠢᠭᠵᠢᠭᠤᠯᠵᠤ᠂ ᠭᠤᠶᠢᠳᠠ ᠰᠠᠶᠢᠬᠠᠨ ᠣᠯᠠᠨ ᠶᠠᠩᠵᠤ ᠶᠢᠨ ᠬᠠᠤᠯᠢ ᠪᠠᠷ ᠵᠠᠰᠠᠬᠤ ᠬᠦᠷᠢᠶ᠎ᠡ ᠬᠡᠪᠴᠢᠶ᠎ᠡ ᠶᠢ | ᠥᠷᠭᠡᠳᠬᠡᠨ᠎ᠡ | ᠨᠢᠭᠡ ᠳᠤ᠂ ︽4 · 25︾ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠳᠦᠷ᠂ ︽12 · 4︾ | ᠤᠯᠤᠰ ᠤᠨ ᠦᠨᠳᠦᠰᠦᠨ ᠬᠠᠤᠯᠢ ᠶᠢᠨ ᠡᠳᠦᠷ᠂ ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ ᠵᠡᠷᠭᠡ | ᠴᠢᠬᠤᠯᠠ ᠵᠠᠩᠭᠢᠯᠠᠭ᠎ᠠ ᠶᠢᠨ ᠴᠡᠭ ᠲᠠᠢ ᠤᠶᠠᠯᠳᠤᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠶᠤᠯᠭᠦᠶ ᠦᠢᠯᠡᠳᠪᠦᠷᠢᠯᠡᠯ ᠤᠨ ᠬᠠᠤᠯᠢ︾᠂ ︽ᠭᠡᠷ᠎ᠡ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠥᠳᠡᠯᠮᠦᠷᠢ ᠶᠢᠨ ᠬᠠᠤᠯᠢ︾᠂ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠲᠦᠷᠢᠮ︾ ᠵᠡᠷᠭᠡ ᠠᠭᠤᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠪᠠ᠃ ᠬᠤᠶᠠᠷ ᠲᠤ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠠᠩᠬᠠᠷᠴᠤ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠤᠯᠢ | ᠴᠠᠭᠠᠵᠠ ᠶᠢᠨ ᠬᠠᠯᠠᠮᠰᠢᠯ ᠠᠰᠠᠭᠤᠳᠠᠯ ᠤᠨ ᠲᠣᠭᠤᠷᠢᠨ ᠳᠤ ᠬᠠᠤᠯᠢ ᠶᠢ ᠠᠵᠤ ᠠᠬᠤᠶᠢᠯᠠᠯ ᠳᠤ 200 ᠭᠠᠷᠤᠶ | ᠤᠳᠠᠭ᠎ᠠ ᠬᠦᠷᠭᠡᠵᠦ᠂ ᠨᠣᠮ ᠪᠢᠴᠢᠭ᠂ ᠨᠤᠭᠤᠯᠤᠯᠲᠠ᠂ ᠤᠬᠠᠭᠤᠯᠭ᠎ᠠ ᠶᠢᠨ ᠤᠭᠤᠲᠠ ᠵᠡᠷᠭᠡ ᠬᠠᠤᠯᠢ ᠪᠠᠷ ᠵᠠᠰᠠᠬᠤ | ᠤᠬᠠᠭᠤᠯᠭ᠎ᠠ ᠶᠢᠨ ᠮᠠᠲ᠋ᠧᠷᠢᠶᠠᠯ ᠢ 3000 ᠭᠠᠷᠤᠶ ᠬᠤᠪᠢ ᠲᠠᠷᠬᠠᠭᠠᠵᠤ᠂ ᠠᠵᠤ ᠠᠬᠤᠶᠢᠯᠠᠯ ᠤᠨ ᠡᠵᠡᠩᠨᠡᠭᠴᠢ ᠪᠠ | ᠠᠵᠢᠯᠲᠠᠨ ᠠᠵᠢᠯᠴᠢᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ | ᠬᠥᠳᠡᠯᠮᠦᠷᠢ ᠶᠢᠨ ᠵᠢᠭᠤᠷᠠᠯᠳᠤᠭᠠᠨ ᠢ ᠰᠢᠢᠳᠪᠦᠷᠢᠯᠡᠪᠡ᠃ ᠭᠤᠷᠪᠠ ᠳᠤ᠂ ᠰᠦᠯᠵᠢᠶᠡᠨ ᠳᠡᠭᠡᠷᠡᠬᠢ ᠳᠠᠮᠵᠢᠭᠤᠯᠭ᠎ᠠ ᠶᠢᠨ | ᠲᠠᠪᠴᠠᠩ ᠳᠤ ᠲᠦᠰᠢᠭᠯᠡᠨ ᠬᠠᠤᠯᠢ ᠪᠠᠷ ᠵᠠᠰᠠᠬᠤ ᠤᠬᠠᠭᠤᠯᠭ᠎ᠠ ᠰᠣᠶᠣᠯ ᠤᠨ ᠪᠦᠲᠦᠭᠡᠯ ᠢ ᠵᠣᠬᠢᠶᠠᠨ ᠪᠦᠲᠦᠭᠡᠨ᠎ᠡ᠃ | ᠡᠨᠡ ᠵᠢᠯ ᠠᠴᠠ ᠨᠠᠭᠠᠰᠢ᠂ ᠸᠢᠴᠠᠲ ᠤᠨ ᠨᠡᠶᠢᠲᠡ ᠶᠢᠨ ᠳ᠋ᠤᠭᠠᠷ᠂ ᠲᠢᠭ᠋ ᠲᠤᠭ᠂ ᠪᠤᠭᠤᠲᠤ ᠶᠢᠨ ᠷᠠᠳᠢᠣ᠋ | ᠨᠡᠪᠲᠡᠷᠡᠭᠦᠯᠭᠡ ᠶᠢᠨ ᠬᠤᠷᠢᠶ᠎ᠠ ᠵᠡᠷᠭᠡ ᠲᠠᠪᠴᠠᠩ ᠳᠡᠭᠡᠷ᠎ᠡ 1468 ᠬᠤᠪᠢ ᠵᠢᠷᠤᠭ ᠪᠢᠴᠢᠭ ᠢ ᠳᠠᠮᠵᠢᠭᠤᠯᠤᠨ | ᠬᠦᠷᠭᠡᠵᠦ᠂ ᠬᠡᠷᠡᠭ ᠢᠶᠠᠷ ᠬᠠᠤᠯᠢ ᠶᠢ ᠲᠠᠶᠢᠯᠪᠦᠷᠢᠯᠠᠬᠤ 44 ᠣᠬᠤᠷ ᠸᠢᠳᠢᠣ᠋ ᠶᠢ ᠵᠣᠬᠢᠶᠠᠵᠤ᠂ ︽ᠵᠦᠴᠦᠭᠡ ᠪᠠᠷ ᠬᠠᠤᠯᠢ | ᠴᠠᠭᠠᠵᠠ ᠶᠢ ᠣᠶᠢᠯᠠᠭᠠᠬᠤ︾ ᠫᠷᠤᠭ᠍ᠷᠠᠮ ᠢ 41 ᠬᠤᠭᠤᠴᠠᠭ᠎ᠠ ᠬᠢᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠬᠠᠤᠯᠢ ᠶᠣᠰᠣᠭᠠᠷ ᠡᠵᠡᠩᠨᠡᠬᠦ᠂ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠶᠢ ᠬᠥᠲᠥᠯᠦᠨ ᠵᠢᠯᠣᠭᠤᠳᠪᠠ᠃ | | | |