ᠳ᠋ᠢᠩ ᠺᠠᠶ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/6
      9 ᠰᠠᠷ᠎ᠠ ᠶᠢᠨ 5 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠶ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ 8 ᠰᠠᠷ᠎ᠠ ᠶᠢᠨ 23 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠵᠢᠷᠭᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠳ᠋ᠧᠩ ᠰᠢᠶᠤᠤ ᠫᠢᠩ ᠨᠥᠬᠦᠷ ᠤᠨ ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠤᠬᠠᠭᠤᠯᠵᠤ ᠰᠠᠶᠢᠲᠤᠷ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠳᠡᠭᠡᠳᠦ ᠱᠠᠲᠤᠨ ᠤ ᠡᠯ᠎ᠡ ᠵᠦᠢᠯ ᠤᠨ ᠪᠣᠳᠠᠲᠠᠢ ᠥᠭᠡᠷᠡᠴᠢᠯᠡᠯᠲᠡ ᠶᠢᠨ ᠡᠭᠦᠷᠭᠡ ᠶᠢ ᠨᠠᠷᠢᠯᠢᠬᠵᠢᠭᠤᠯᠤᠨ ᠵᠣᠯᠭᠠᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠦᠨᠡᠨᠬᠦ ᠲᠦᠷᠦᠯ ᠵᠦᠢᠯ ᠢ ᠲᠠᠲᠠᠬᠤ᠂ ᠠᠵᠤ ᠦᠢᠯᠡᠰ ᠢ ᠬᠥᠭᠵᠢᠭᠦᠯᠬᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠡᠮᠡᠴᠡᠨ ᠤᠯᠬᠤ ᠪᠠ ᠨᠡᠩ ᠤᠯᠠᠨ ᠲᠤᠷᠰᠢᠯᠲᠠ ᠶᠢᠨ ᠵᠢᠱᠢᠶ᠎ᠡ ᠦᠵᠡᠭᠦᠯᠬᠦ ᠳᠡᠭᠡᠷ᠎ᠡ ᠢᠯᠡᠷᠡᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠨᠡᠭᠡᠭᠡᠭᠰᠡᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠤᠷᠤᠭᠰᠢᠯᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠵᠤ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠥᠭᠡᠷᠡᠴᠢᠯᠡᠯᠲᠡ ᠶᠢᠨ ᠲᠤᠷᠰᠢᠯᠭ᠎ᠠ ᠠᠷᠭ᠎ᠠ ᠬᠢᠳᠡᠯ ᠢ ᠰᠠᠶᠢᠲᠤᠷ ᠤᠯᠠᠮᠵᠢᠯᠠᠨ ᠰᠠᠶᠢᠲᠤᠷ ᠬᠡᠷᠡᠭᠯᠡᠵᠦ᠂ ᠦᠷᠭᠦᠯᠵᠢᠯᠡᠨ ᠡᠭᠦᠨ ᠤ ᠳᠤᠮᠳᠠ ᠠᠴᠠ ᠠᠰᠠᠭᠤᠳᠠᠯ ᠢ ᠰᠢᠢᠳᠪᠦᠷᠢᠯᠡᠬᠦ᠂ ᠠᠵᠢᠯ ᠢᠶᠠᠨ ᠠᠬᠢᠭᠤᠯᠬᠤ ᠰᠡᠳᠬᠢᠴᠡ ᠠᠷᠭ᠎ᠠ ᠶᠢ ᠡᠷᠢᠬᠦ ᠬᠡᠷᠡᠭᠲᠡᠢ᠃ ᠪᠦᠬᠦ  ᠲᠤᠭᠤᠷᠢᠭ ᠤᠨ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠪᠣᠯᠤᠨ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ᠂ ᠪᠦᠬᠦ ᠬᠤᠳᠠ ᠳᠤ ︽3+5+N︾ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠳᠤ ᠬᠦᠴᠦᠨ ᠨᠡᠮᠡᠷᠢᠯᠡᠬᠦ ᠶᠢᠨ ᠲᠣᠭᠤᠷᠢᠨ ᠳᠤ ᠲᠣᠨᠣᠭᠯᠠᠯ ᠦᠢᠯᠡᠳᠬᠦ ᠦᠢᠯᠡᠰ᠂ ᠲᠠᠯᠠᠰᠲᠤ ᠴᠠᠬᠢᠭᠤᠷ ᠭᠡᠷᠡᠯ ᠸᠣᠯᠲ ᠵᠡᠷᠭᠡ ᠤᠨᠴᠠᠯᠢᠬᠳᠤ ᠳᠠᠪᠠᠭᠤᠯᠢᠭ ᠠᠵᠤ ᠦᠢᠯᠡᠰ ᠢ ᠴᠢᠨᠠᠭᠰᠢᠳᠠ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠰᠤᠲᠥ᠋ᠷᠥᠭᠴᠢ ᠡᠨᠧᠷᠭᠢ᠂ ᠡᠨᠧᠷᠭᠢ ᠬᠠᠳᠠᠭᠠᠯᠠᠬᠤ ᠵᠡᠷᠭᠡ ᠠᠵᠤ ᠦᠢᠯᠡᠰ ᠢ ᠲᠦᠷᠭᠡᠨ ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 33 ᠳ᠋ᠤᠭᠠᠷ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠲᠠᠢ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠰᠣᠶᠣᠯ ᠪᠣᠯᠤᠨ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠦ᠂ ᠲᠤᠭᠤᠷᠢᠭ ᠤᠨ ᠳᠣᠲᠣᠷᠠᠬᠢ ᠲᠡᠦᠬᠡ ᠶᠢᠨ ᠳᠤᠷᠠᠰᠬᠠᠯᠲᠤ ᠵᠦᠢᠯᠡᠰ᠂ ᠲᠡᠦᠬᠡ ᠶᠢᠨ ᠪᠠᠷᠢᠯᠭ᠎ᠠ ᠵᠡᠷᠭᠡ ᠰᠣᠶᠣᠯ ᠤᠨ ᠥᠪ ᠢ ᠪᠦᠬᠦ ᠲᠠᠯ᠎ᠠ ᠪᠠᠷ ᠰᠢᠰᠲ᠋ᠧᠮ ᠲᠠᠢ ᠡᠮᠬᠢᠯᠡᠵᠦ᠂ ᠰᠣᠶᠣᠯ ᠤᠨ ᠢᠯᠡᠷᠡᠭᠦᠯᠦᠯᠲᠡ ᠶᠢ ᠣᠨᠣᠪᠴᠢᠲᠠᠢ ᠣᠯᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠪᠠ ᠠᠰᠢᠭᠯᠠᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠬᠡᠷᠡᠭᠲᠡᠢ᠃ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠪᠠ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮ ᠢ ᠲᠦᠷᠭᠡᠨ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠶᠢ ᠰᠠᠶᠢᠲᠤᠷ ᠬᠡᠷᠡᠭᠯᠡᠵᠦ᠂ ᠪᠡᠶ᠎ᠡ ᠶᠢᠨ ᠲᠠᠮᠢᠷ ᠤᠨ ᠰᠡᠯᠡᠭᠦᠴᠡᠯ ᠤᠨ ᠲᠦᠷᠦᠯ ᠵᠦᠢᠯ ᠢ ᠢᠳᠡᠪᠬᠢᠲᠡᠢ ᠪᠤᠶᠢᠵᠢᠭᠤᠯᠤᠨ ᠡᠭᠦᠳᠴᠦ᠂ ᠨᠢᠭᠡ ᠪᠦᠯᠦᠭ ᠣᠨᠴᠠᠯᠢᠭ ᠲᠠᠢ ᠬᠢᠯᠠᠰ ᠴᠡᠭ ᠲᠠᠢ ᠤᠯᠠᠨ ᠲᠦᠮᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠢ ᠭᠠᠷᠭᠠᠬᠤ ᠬᠡᠷᠡᠭᠲᠡᠢ‌‍ᠭᠡᠵᠦ ᠴᠢᠬᠤᠯᠠᠴᠢᠯᠠᠪᠠ᠃      ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠰᠢᠢᠳᠪᠦᠷᠢᠯᠡᠬᠦ ᠠᠷᠭ᠎ᠠ︾ ᠶᠢ ᠤᠯᠠᠮᠵᠢᠯᠠᠨ ᠰᠤᠷᠤᠯᠴᠠᠵᠤ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ︽ᠠᠷᠭ᠎ᠠ︾ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠠᠷᠭ᠎ᠠ︾ ᠶᠢᠨ ᠠᠭᠤᠯᠭ᠎ᠠ ᠶᠢ ᠪᠦᠬᠦ ᠲᠠᠯ᠎ᠠ ᠪᠠᠷ ᠡᠵᠡᠮᠰᠢᠵᠦ᠂ ︽ᠠᠷᠭ᠎ᠠ︾ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠱᠠᠳᠤᠴᠢ ᠴᠢᠨᠠᠷᠲᠠᠢ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ︽ᠰᠡᠳᠬᠢᠬᠦᠢ ᠲᠠᠢ ᠪᠠᠶᠢᠬᠤ︾ ᠶᠢ ᠪᠠᠲᠤ ᠪᠤᠢ ᠪᠣᠯᠭᠠᠵᠤ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠶᠢ ᠢᠮᠠᠭᠲᠠ ᠲᠤᠪᠤᠶᠢᠮ᠎ᠠ ᠪᠠᠶᠢᠷᠢᠨ ᠳᠤ ᠲᠠᠯᠪᠢᠵᠤ᠂ ᠴᠢᠩᠭ᠎ᠠ ᠠᠳᠬᠤᠵᠤ᠂ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠵᠦ᠂ ᠬᠦᠴᠢᠷ ᠠᠰᠠᠭᠤᠳᠠᠯ ᠪᠠ ᠲᠦᠭᠵᠢᠷᠡᠯ ᠢ ᠭᠦᠨᠵᠡᠭᠡᠢ ᠵᠠᠳᠠᠯᠵᠤ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ︽ᠣᠳᠣᠬᠠᠨ ᠳᠤ ᠥᠭᠡᠷᠡᠴᠢᠯᠡᠬᠦ︾ ᠪᠠ ︽ᠤᠷᠳᠤ ᠬᠤᠭᠤᠴᠠᠭ᠎ᠠ ᠪᠠᠷ ᠪᠠᠶᠢᠭᠤᠯᠬᠤ︾ ᠶᠢ ᠤᠶᠠᠯᠳᠤᠭᠤᠯᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠭᠦᠨᠵᠡᠭᠡᠶᠢᠷᠡᠭᠦᠯᠵᠦ᠂ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠦᠨᠡᠨᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠠᠵᠢᠯ ᠤᠨ ᠲᠦᠷᠢᠮ︾᠂ ᠥᠪᠡᠷᠲᠡᠭᠡᠨ ᠵᠠᠰᠠᠬᠤ ᠣᠷᠣᠨ ᠪᠠ ᠪᠦᠬᠦ ᠬᠤᠳᠠ ᠶᠢᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠨᠠᠮ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ ᠲᠦᠪᠰᠢᠨ ᠢ ᠳᠡᠭᠡᠭᠰᠢᠯᠡᠭᠦᠯᠬᠦ ᠲᠤᠬᠠᠢ ᠠᠵᠢᠯ ᠤᠨ ᠠᠷᠭ᠎ᠠ ᠬᠡᠮᠵᠢᠶ᠎ᠡ︾ ᠶᠢ ᠰᠤᠳᠤᠯᠤᠨ ᠬᠢᠨᠠᠨ ᠵᠥᠪᠯᠡᠵᠦ᠂ ᠨᠠᠮ ᠤᠨ ᠰᠤᠷᠭᠠᠭᠤᠯᠢ ︽ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ ᠡᠨᠡ ᠬᠦ ᠦᠨᠳᠦᠰᠦᠨ ᠵᠠᠷᠴᠢᠮ ᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠤᠱᠯᠠᠭᠤᠯᠬᠤ ᠶᠢᠨ ᠲᠣᠭᠤᠷᠢᠨ ᠳᠤ ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠠᠨ ᠰᠤᠷᠭᠠᠯᠲᠠ ᠶᠢᠨ ᠠᠭᠤᠯᠭ᠎ᠠ ᠪᠠᠨ ᠴᠠᠭ ᠲᠤᠬᠠᠢ ᠳᠤᠨᠢ ᠰᠢᠨᠡᠳᠬᠡᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠣᠨᠣᠪᠴᠢᠲᠠᠢ ᠶᠠᠷᠢᠵᠤ᠂ ᠭᠦᠨᠵᠡᠭᠡᠢ ᠶᠠᠷᠢᠵᠤ᠂ ᠨᠡᠪᠲᠡᠷᠬᠡᠢ ᠶᠠᠷᠢᠵᠤ᠂ ᠨᠠᠮ ᠤᠨ ᠰᠤᠷᠭᠠᠭᠤᠯᠢ ᠶᠢᠨ ᠪᠣᠯᠪᠠᠰᠤᠷᠠᠯ ᠤᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠦᠬᠦ ᠲᠤᠭᠤᠷᠢᠭ ᠤᠨ ᠲᠤᠭ᠎ᠠ ᠪᠦᠷᠢᠳᠬᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠦ᠂ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠪᠣᠯᠤᠨ ᠬᠥᠭᠵᠢᠯᠲᠡ ᠶᠢᠨ ᠦᠵᠡᠯᠲᠡ ᠶᠢ ᠪᠠᠲᠤ ᠪᠤᠢ ᠪᠣᠯᠭᠠᠵᠤ᠂ ᠦᠨᠡᠨ ᠠᠴᠠ ᠵᠥᠪ ᠢ ᠡᠷᠢᠵᠦ᠂ ᠰᠢᠨᠵᠢᠯᠡᠬᠦ ᠤᠬᠠᠭᠠᠨᠴᠢ ᠣᠨᠣᠪᠴᠢᠲᠠᠢ᠂ ᠬᠠᠤᠯᠢ ᠲᠣᠭᠲᠠᠭᠠᠯ ᠶᠣᠰᠣᠭᠠᠷ ᠰᠢᠨ᠎ᠡ ᠴᠠᠭ ᠦᠶ᠎ᠡ ᠶᠢᠨ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠵᠦᠢᠯ ᠤᠨ ᠠᠵᠤ ᠠᠬᠤᠶ ᠶᠢᠨ ᠭᠦᠢᠴᠡᠳᠭᠡᠯ ᠲᠤᠭ᠎ᠠ ᠶᠢᠨ ᠲᠤᠭ᠎ᠠ ᠪᠦᠷᠢᠳᠬᠡᠯ ᠤᠨ ᠪᠠᠶᠢᠴᠠᠭᠠᠨ ᠬᠡᠮᠵᠢᠯᠲᠡ ᠪᠠ ᠭᠦᠨᠵᠡᠭᠡᠶ ᠵᠠᠳᠠᠯᠤᠯᠲᠠ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠯᠡᠭᠴᠢ ᠲᠤᠰᠠᠯᠠᠭᠴᠢ ᠪᠣᠯᠬᠤ ᠬᠡᠷᠡᠭᠲᠡᠶ᠃ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠪᠠ ᠲᠦᠢᠯ ᠢᠶᠠᠷ ᠬᠠᠷᠢᠭᠤᠴᠠᠬᠤ ᠠᠵᠢᠯ ᠤᠨ ᠰᠤᠷᠲᠠᠯ ᠢ ᠪᠠᠷᠢᠮᠲᠠᠯᠠᠵᠤ᠂ ᠲᠤᠭ᠎ᠠ ᠪᠦᠷᠢᠳᠬᠡᠯ ᠤᠨ ᠠᠷᠭ᠎ᠠ ᠶᠢᠨ ᠲᠠᠯ᠎ᠠ ᠪᠠᠷ ᠦᠷᠭᠦᠯᠵᠢᠯᠡᠨ ᠰᠢᠨ᠎ᠡ ᠶᠢ ᠡᠭᠦᠳᠴᠦ᠂ ᠲᠤᠭ᠎ᠠ ᠪᠦᠷᠢᠳᠬᠡᠯ ᠤᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠢ ᠵᠢᠯᠣᠭᠤᠳᠬᠤ ᠦᠢᠯᠡᠴᠢᠯᠡᠭᠡ ᠶᠢ ᠰᠠᠶᠢᠲᠤᠷ ᠬᠢᠵᠦ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠬᠦ ᠶᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ︽ᠴᠢᠩᠱᠠᠨ ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠷᠠᠭᠠᠯᠵᠠᠯ ᠤᠨ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠰᠤᠳᠤᠯᠤᠨ ᠬᠢᠨᠠᠨ ᠵᠥᠪᠯᠡᠵᠦ᠂ ᠪᠥᠬᠦ ᠲᠤᠭᠤᠷᠢᠭ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠰᠤᠷᠤᠯᠴᠠᠯᠭ᠎ᠠ ᠪᠣᠯᠪᠠᠰᠤᠷᠠᠭᠤᠯᠤᠯ ᠢᠶᠠᠨ ᠴᠢᠩᠭᠠᠳᠬᠠᠵᠤ᠂ ᠬᠠᠮᠢᠶᠠᠷᠤᠯᠲᠠ ᠶᠢᠨ ᠠᠷᠭ᠎ᠠ ᠶᠢᠨ ᠡᠯ᠎ᠡ ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠰᠠᠬᠢᠯᠭ᠎ᠠ ᠪᠠᠲᠤ ᠶᠣᠰᠣ ᠲᠦᠷᠢᠮ ᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ︽ᠴᠢᠩᠱᠠᠨ ᠲᠣᠭᠤᠷᠢᠭ ᠤᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢ ᠰᠢᠯᠢᠳᠡᠭᠵᠢᠭᠦᠯᠦᠨ ᠲᠤᠬᠢᠷᠠᠭᠤᠯᠬᠤ ᠶᠢᠨ ᠬᠡᠷᠡᠭᠵᠢᠭᠦᠯᠬᠦ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠪᠣᠭᠤᠮᠲᠠ ᠶᠢ ᠴᠢᠩᠭ᠎ᠠ ᠠᠳᠬᠤᠵᠤ᠂ ᠣᠷᠣᠬᠤ ᠪᠣᠭᠤᠮᠲᠠ ᠶᠢ ᠡᠷᠡᠰ ᠪᠠᠲᠤ ᠰᠦᠯᠵᠢᠵᠦ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢ ᠳᠤᠷ᠎ᠠ ᠪᠠᠷ ᠢᠶᠠᠨ ᠰᠢᠨ᠎ᠡ ᠪᠠᠷ ᠨᠡᠮᠡᠭᠳᠡᠭᠦᠯᠵᠦ ᠪᠣᠯᠬᠤ ᠦᠭᠡᠢ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢ ᠨᠢᠭᠡᠳᠦᠯᠲᠡᠢ ᠲᠥᠯᠥᠪᠵᠢᠭᠦᠯᠦᠨ ᠳᠤᠬᠢᠷᠠᠭᠤᠯᠵᠤ᠂ ᠵᠠᠯᠭᠠᠮᠵᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠵᠢᠯ ᠤᠨ ᠲᠥᠪ ᠴᠢᠩᠭ᠎ᠠ ᠴᠢᠨᠠᠷ᠂ ᠦᠷᠭᠦᠯᠵᠢᠯᠡᠬᠦ ᠴᠢᠨᠠᠷ ᠢ ᠪᠠᠲᠤᠯᠠᠬᠤ ᠬᠡᠷᠡᠭᠲᠡᠢ᠃ ᠡᠯ᠎ᠡ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠤᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠡᠷᠡ ᠶᠣᠰᠣᠭᠠᠷ ᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠴᠢᠩᠱᠠᠨ ᠲᠣᠭᠤᠷᠢᠭ ᠤᠨ 40 ᠳ᠋ᠦ᠋ᠭᠡᠷ ᠪᠠᠭᠰᠢ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠶᠢᠨ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠪᠣᠷᠣᠭᠵᠢᠭᠤᠨ᠂ ᠪᠣᠳᠠᠲᠠᠶ ᠶᠢ ᠡᠷᠬᠢᠮᠯᠡᠬᠦ ᠵᠠᠷᠴᠢᠮ ᠢᠶᠠᠷ᠂ ᠪᠠᠭᠰᠢ ᠶᠢᠨ ᠪᠠᠶᠠᠷ ᠢ ᠪᠡᠯᠭᠡᠯᠡᠬᠦ ᠰᠢᠷᠢᠰ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠰᠠᠶᠢᠲᠤᠷ ᠡᠷᠭᠢᠯᠡᠵᠦ᠂ ᠪᠥᠬᠦ ᠲᠤᠭᠤᠷᠢᠭ ᠤᠨ ᠰᠤᠷᠭᠠᠨ ᠬᠥᠮᠦᠵᠢᠯ ᠤᠨ ᠬᠥᠮᠦᠰ ᠤᠨ ᠴᠤᠭ ᠵᠢᠪᠬᠤᠭ᠎ᠠ ᠪᠠ ᠰᠢᠯᠢᠳᠡᠭ  ᠦᠢᠯᠡ ᠠᠵᠢᠯᠯᠠᠭ᠎ᠠ ᠶᠢ ᠪᠥᠬᠦ ᠲᠠᠯ᠎ᠠ ᠪᠠᠷ ᠢᠯᠡᠷᠡᠭᠦᠯᠵᠦ᠂ ᠰᠣᠶᠣᠯ ᠢ ᠡᠷᠬᠢᠮᠯᠡᠨ ᠰᠤᠷᠭᠠᠨ ᠬᠥᠮᠦᠵᠢᠯ ᠢ ᠴᠢᠬᠤᠯᠠᠴᠢᠯᠠᠬᠤ᠂ ᠰᠤᠷᠭᠠᠨ ᠬᠥᠮᠦᠵᠢᠯ ᠢ ᠲᠡᠷᠢᠭᠦᠨ ᠳᠤ ᠲᠠᠯᠪᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠪᠠᠭᠰᠢ ᠪᠠ ᠰᠤᠷᠭᠠᠨ ᠬᠥᠮᠦᠵᠢᠯ ᠤᠨ ᠠᠵᠢᠯᠲᠠᠳ ᠲᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠪᠥᠬᠦ ᠲᠤᠭᠤᠷᠢᠭ ᠤᠨ ᠪᠠᠭᠰᠢ ᠠᠵᠢᠯᠲᠠᠨ ᠠᠵᠢᠯᠴᠢᠨ ᠤ ᠢᠷᠠᠭᠤ ᠠᠯᠳᠠᠷ ᠤᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号