9 ᠰᠠᠷ᠎ᠠ ᠶᠢᠨ 5 ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ | ᠬᠤᠷᠠᠯ ᠬᠤᠷᠠᠯᠳᠤᠭᠤᠯᠵᠤ᠂ ᠴᠢᠩᠱᠠᠨ ᠲᠣᠭᠤᠷᠢᠭ ᠤᠨ 2024 ᠣᠨ ᠤ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠢᠩᠱᠠᠨ ᠲᠣᠭᠤᠷᠢᠭ ᠤᠨ ᠦᠢᠯᠡᠴᠢᠯᠡᠭᠡᠨ ᠤ | ᠲᠦᠷᠦᠯ ᠤᠨ ᠨᠡᠶᠢᠭᠡᠮ ᠤᠨ ᠠᠪᠤᠷᠠᠨ ᠲᠤᠰᠠᠯᠠᠬᠤ ᠲᠤᠷᠰᠢᠯᠲᠠ ᠶᠢᠨ ᠴᠡᠭ ᠤᠨ ᠪᠦᠳᠦᠭᠡᠨ ᠪᠠᠶᠢᠭᠤᠯᠤᠯᠲᠠ᠂ ᠴᠢᠩᠱᠠᠨ | ᠲᠣᠭᠤᠷᠢᠭ ᠤᠨ 40 ᠳ᠋ᠦ᠋ᠭᠡᠷ ᠤᠳᠠᠭ᠎ᠠ ᠶᠢᠨ ᠪᠠᠭᠰᠢ ᠶᠢᠨ ᠪᠠᠶᠠᠷ ᠤᠨ ᠡᠳᠦᠷ ᠢ ᠪᠡᠯᠭᠡᠯᠡᠬᠦ ᠠᠵᠢᠯᠯᠠᠭ᠎ᠠ ᠶᠢᠨ ᠲᠥᠰᠦᠯ | ᠵᠡᠷᠭᠡ ᠬᠤᠯᠪᠣᠭᠳᠠᠯ ᠪᠦᠬᠦᠢ ᠵᠦᠢᠯᠡᠰ ᠢ ᠰᠤᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠳᠠᠷᠤᠭ᠎ᠠ ᠪᠠᠶ ᠶᠦᠨ ᠰᠢ ᠬᠤᠷᠠᠯ ᠢ ᠡᠷᠭᠢᠯᠡᠪᠡ᠃ | ᠬᠤᠷᠠᠯ ᠠᠴᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠯ ᠠᠵᠤ ᠠᠬᠤᠢ ᠶᠢᠨ ᠬᠥᠭᠵᠢᠯᠲᠡ ᠶᠢᠨ | ︽ᠠᠮᠢᠨ ᠰᠤᠳᠠᠰᠤ︾ ᠮᠥᠨ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠲᠤᠯᠭᠠᠭᠤᠷᠢᠯᠠᠯ ᠮᠥᠨ᠃ | ᠬᠤᠷᠠᠯ ᠠᠴᠠ᠂ ︽ᠥᠨᠥᠳᠦᠷ ᠤᠨ ᠲᠥᠷᠥᠯ ᠵᠦᠢᠯ ᠪᠣᠯ ᠳᠠᠷᠤᠶ ᠮᠠᠷᠭᠠᠰᠢ ᠶᠢᠨ ᠠᠵᠤ ᠦᠢᠯᠡᠰ ᠮᠥᠨ︾ ᠭᠡᠬᠦ | ᠦᠵᠡᠯᠲᠡ ᠶᠢ ᠪᠣᠶ ᠪᠣᠯᠭᠠᠵᠤ᠂ ᠳᠡᠭᠡᠳᠦ ᠲᠠᠰ ᠤᠨ ᠦᠢᠯᠡᠳᠬᠦ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ | ᠰᠢᠨ᠎ᠡ ᠪᠠᠷ ᠬᠥᠭᠵᠢᠭᠰᠡᠨ ᠠᠵᠤ ᠦᠢᠯᠡᠰ ᠵᠡᠷᠭᠡ ᠭᠤᠤᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ ᠨᠠᠷᠢᠯᠢᠭ | ᠤᠨᠤᠪᠴᠢᠲᠠᠢ ᠢᠶᠠᠷ ᠬᠤᠳᠠᠯᠳᠤᠭᠠᠴᠢᠨ ᠤᠷᠢᠬᠤ᠂ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ | ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠰᠢᠨ᠎ᠡ ᠣᠶᠢᠯᠠᠭᠠᠭᠳᠠᠬᠤᠨ ᠰᠢᠨ᠎ᠡ ᠰᠡᠳᠬᠢᠴᠡ ᠰᠢᠨ᠎ᠡ ᠠᠷᠭ᠎ᠠ | ᠬᠡᠮᠵᠢᠶ᠎ᠡ ᠪᠠᠷ ᠨᠡᠮᠡᠭᠳᠡᠯ ᠤᠨ ᠬᠡᠮᠵᠢᠶ᠎ᠡ ᠶᠢ ᠠᠬᠢᠭᠤᠯᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠲᠣᠭᠲᠠᠪᠤᠷᠢᠵᠢᠭᠤᠯᠬᠤ | ᠬᠡᠷᠡᠭᠲᠡᠶ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽ᠰᠡᠭᠦᠯᠴᠢ ᠶᠢᠨ ᠬᠠᠭᠠᠰ ᠠᠵᠢᠯ︾ ᠢ ᠨᠠᠷᠢᠨ ᠬᠢᠨᠠᠮᠠᠭᠠᠢ | ᠰᠠᠶᠢᠲᠤᠷ ᠬᠢᠵᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠲᠦᠷᠦᠯ ᠲᠡᠮᠳᠡᠭ ᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠲᠦᠷᠦᠯ ᠵᠦᠢᠯ ᠤᠨ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠠᠴᠠ ᠠᠪᠤᠭᠠᠳ ᠠᠰᠢᠭᠯᠠᠯᠲᠠ ᠳᠤ | ᠣᠷᠣᠭᠤᠯᠬᠤ ᠬᠦᠷᠲᠡᠯᠡᠬᠢ ᠪᠦᠬᠦ ᠠᠮᠢ ᠨᠠᠰᠤᠨ ᠤ ᠦᠶᠡᠯᠡᠯ ᠤᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠ ᠠᠵᠤ ᠠᠬᠤᠶᠢᠯᠠᠯ ᠤᠨ ᠬᠥᠭᠵᠢᠯᠲᠡ ᠶᠢ ᠪᠠᠲᠤᠯᠠᠬᠤ ᠬᠡᠷᠡᠭᠲᠡᠢ | ᠭᠡᠵᠦ ᠴᠢᠬᠤᠯᠠᠴᠢᠯᠠᠭᠰᠠᠨ ᠪᠠᠶᠢᠨ᠎ᠠ᠃ | ᠬᠤᠷᠠᠯ ᠠᠴᠠ᠂ ᠦᠢᠯᠡᠴᠢᠯᠡᠭᠡᠨ ᠤ ᠲᠦᠷᠦᠯ ᠤᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠪᠣᠯ | ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ᠂ | ᠮᠠᠨ ᠤ ᠲᠤᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠠᠬᠢᠭᠤᠯᠬᠤ᠂ ᠲᠡᠰ ᠳᠠᠪᠬᠤᠷᠭ᠎ᠠ ᠲᠦᠷᠦᠯ ᠬᠤᠪᠢᠶᠠᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠬᠦᠯᠦᠨ | ᠲᠡᠭᠦᠯᠳᠡᠷᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠪᠠ᠃ ᠬᠤᠷᠠᠯ ᠠᠴᠠ᠂ ᠤᠯᠤᠰ ᠤᠨ | ᠲᠡᠰ ᠤᠨ ᠲᠤᠷᠰᠢᠯᠲᠠ ᠶᠢᠨ ᠭᠠᠵᠠᠷ ᠣᠷᠣᠨ ᠤ ᠡᠷᠬᠢᠮ ᠨᠠᠨᠳᠢᠨ ᠣᠷᠣᠨ ᠲᠤᠭ᠎ᠠ ᠶᠢ ᠦᠨᠡᠨ ᠬᠦ ᠰᠠᠶᠢᠲᠤᠷ ᠡᠵᠡᠮᠳᠡᠵᠦ᠂ | ᠬᠦᠴᠢᠷᠳᠡᠯᠲᠡᠢ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠬᠤᠷᠢᠭ᠎ᠠ ᠱᠤᠭᠤᠮ ᠢ ᠪᠠᠲᠤ ᠰᠠᠬᠢᠵᠤ᠂ ᠦᠢᠯᠡᠴᠢᠯᠡᠭᠡᠨ ᠤ ᠲᠦᠷᠦᠯ ᠤᠨ | ᠨᠡᠶᠢᠭᠡᠮ ᠤᠨ ᠠᠪᠤᠷᠠᠨ ᠲᠤᠰᠠᠯᠠᠯᠲᠠ ᠶᠢ ᠢᠳᠡᠪᠬᠢᠲᠡᠢ ᠬᠥᠭᠵᠢᠭᠦᠯᠵᠦ᠂ ᠲᠠᠩ ᠭᠠᠭᠴᠠ ᠪᠣᠳᠠᠰ ᠤᠨ ᠠᠪᠤᠷᠠᠨ | ᠲᠤᠰᠠᠯᠠᠯᠲᠠ ᠠᠴᠠ ︽ᠪᠣᠳᠠᠰ ᠤᠨ ᠦᠢᠯᠡᠴᠢᠯᠡᠭᠡ︾ ᠲᠡᠰᠢ ᠬᠤᠪᠢᠷᠠᠭᠤᠯᠬᠤ ᠶᠢ ᠪᠡᠶᠡᠯᠡᠭᠦᠯᠵᠦ᠂ ᠬᠦᠴᠢᠷᠳᠡᠯᠲᠡᠢ ᠤᠯᠠᠨ | ᠲᠦᠮᠡᠨ ᠳᠤ ᠨᠡᠩ ᠣᠨᠣᠪᠴᠢᠲᠠᠢ᠂ ᠨᠡᠩ ᠰᠢᠯᠢᠳᠡᠭ ᠠᠪᠤᠷᠠᠨ ᠲᠤᠰᠠᠯᠠᠬᠤ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ | ᠱᠠᠭᠠᠷᠳᠠᠪᠠ᠃ | ᠬᠤᠷᠠᠯ ᠠᠴᠠ᠂ 40 ᠳ᠋ᠦ᠋ᠭᠡᠷ ᠤᠳᠠᠭᠠᠨ ᠤ ᠪᠠᠭᠰᠢ ᠶᠢᠨ ᠪᠠᠶᠠᠷ ᠤᠨ ᠡᠳᠦᠷ ᠢ ᠪᠡᠯᠭᠡᠯᠡᠬᠦ ᠤᠬᠠᠭᠤᠯᠭ᠎ᠠ ᠶᠢᠨ | ᠠᠵᠢᠯᠯᠠᠭ᠎ᠠ ᠶᠢ ᠥᠷᠨᠢᠭᠦᠯᠬᠦ ᠪᠣᠯ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠥᠷᠨᠢᠩᠭᠦᠶ | ᠬᠥᠭᠵᠢᠯᠲᠡ ᠶᠢᠨ ᠰᠢᠨ᠎ᠡ ᠳᠦᠷᠰᠦ ᠪᠠᠶᠢᠳᠠᠯ ᠢ ᠪᠦᠬᠦ ᠲᠠᠯ᠎ᠠ ᠪᠠᠷ ᠢᠯᠡᠷᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ | ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ | ᠪᠣᠯᠭᠠᠬᠤ᠂ ᠰᠤᠷᠭᠠᠨ ᠬᠥᠮᠦᠵᠢᠯ ᠤᠨ ᠥᠨᠳᠦᠷᠯᠢᠭ ᠢ ᠪᠠᠶᠢᠭᠤᠯᠬᠤ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ | ᠴᠢᠬᠤᠯᠠᠴᠢᠯᠠᠪᠠ᠃ ᠬᠤᠷᠠᠯ ᠠᠴᠠ᠂ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ | ᠤᠳᠤᠷᠢᠳᠤᠯᠭ᠎ᠠ ᠶᠢ ᠴᠢᠩᠭᠠᠳᠬᠠᠵᠤ᠂ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠪᠠᠶᠢᠷᠢ ᠰᠠᠭᠤᠷᠢ ᠶᠢ | ᠲᠤᠪᠤᠶᠢᠯᠭᠠᠵᠤ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠡᠮᠵᠢᠨ | ᠪᠠᠲᠤᠯᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢ ᠴᠠᠭ | ᠢᠮᠠᠭᠲᠠ ᠰᠡᠳᠬᠢᠯ ᠳᠡᠭᠡᠨ ᠪᠤᠳᠤᠵᠤ᠂ ᠮᠥᠷᠥᠨ ᠳᠡᠭᠡᠷ᠎ᠡ ᠪᠠᠨ ᠡᠭᠦᠷᠭᠡᠯᠡᠵᠦ᠂ ᠭᠠᠷ ᠲᠠᠭᠠᠨ ᠠᠳᠬᠤᠬᠤ ᠬᠡᠷᠡᠭᠲᠡᠢ᠃ | ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ | ᠰᠣᠩᠭᠤᠨ ᠪᠤᠢ ᠪᠣᠯᠭᠠᠵᠤ᠂ ᠰᠢᠯᠢᠳᠡᠭ ᠴᠢᠳᠠᠪᠤᠷᠢᠲᠠᠨ ᠤ ᠥᠷᠢᠰᠥᠯᠳᠦᠨ ᠪᠠᠭᠰᠢᠯᠠᠬᠤ᠂ ᠥᠷᠭᠡᠨ ᠤᠯᠠᠨ ᠪᠠᠭᠰᠢ | ᠨᠠᠷ ᠤᠨ ᠡᠷᠳᠡᠮ ᠴᠢᠳᠠᠪᠤᠷᠢ ᠪᠠᠨ ᠭᠦᠢᠴᠡᠳ ᠪᠠᠳᠠᠷᠠᠭᠤᠯᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠶᠢ | ᠠᠬᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | | | | |