1 ᠰᠠᠷ᠎ᠠ ᠶᠢᠨ 9 ᠤ ᠡᠳᠦᠷ᠂ ᠴᠢᠩᠱᠠᠨ ᠲᠣᠭᠤᠷᠢᠭ ᠤᠨ 2025 ᠣᠨ ᠤ ᠴᠠᠭᠠᠨ ᠰᠠᠷ᠎ᠠ ᠶᠢᠨ ᠳᠠᠭᠤᠤ | ᠬᠥᠭᠵᠢᠮ ᠤᠨ ᠦᠳᠡᠰᠢᠯᠡᠭᠡ ᠪᠤᠭᠤᠲᠤ ᠶᠢᠨ ᠲᠣᠮᠣ ᠵᠦᠴᠦᠭᠡ ᠶᠢᠨ ᠬᠦᠷᠢᠶᠡᠯᠡᠩ ᠳᠤ ᠡᠬᠢᠯᠡᠪᠡ᠃ ᠪᠦᠭᠦᠳᠡᠭᠡᠷ ᠢᠶᠠᠨ | ᠭᠤᠶᠢᠳᠠ ᠰᠠᠶᠢᠬᠠᠨ ᠳᠠᠭᠤᠤ ᠬᠥᠭᠵᠢᠮ ᠤᠨ ᠦᠪᠡᠳᠡᠭᠰᠢ ᠨᠠᠶᠢᠷ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠠᠶᠢᠷ᠎ᠠ ᠬᠠᠯᠠᠮᠵᠢ ᠲᠠᠢ ᠴᠠᠭᠠᠨ ᠰᠠᠷ᠎ᠠ ᠶᠢᠨ ᠠᠶᠠᠨ ᠵᠠᠮ ᠳᠠᠭᠠᠨ ᠮᠣᠷᠳᠠᠯ᠎ᠠ᠃ | ᠲᠣᠰ ᠤᠳᠠᠭᠠᠨ ᠤ ᠴᠠᠭᠠᠨ ᠰᠠᠷ᠎ᠠ ᠶᠢᠨ ᠳᠠᠭᠤᠤ ᠬᠥᠭᠵᠢᠮ ᠤᠨ ᠦᠳᠡᠰᠢᠯᠡᠭᠡ ᠴᠢᠩᠱᠠᠨ ᠲᠣᠭᠤᠷᠢᠭ ᠤᠨ | ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠠᠴᠠ ᠭᠤᠤᠯᠯᠠᠨ ᠡᠷᠬᠢᠯᠡᠵᠦ᠂ ᠪᠤᠭᠤᠲᠤ ᠬᠤᠲᠠ ᠶᠢᠨ | ᠤᠷᠠᠯᠢᠭ ᠵᠦᠴᠦᠭᠡ ᠶᠢᠨ ᠬᠦᠷᠢᠶᠡᠯᠡᠩ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ | ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠳᠠᠭᠠᠭᠠᠴᠢᠯᠠᠨ | ᠡᠷᠬᠢᠯᠡᠵᠦ᠂ ᠴᠢᠩᠱᠠᠨ ᠲᠣᠭᠤᠷᠢᠭ ᠤᠨ ᠰᠣᠶᠣᠯ ᠤᠨ ᠣᠷᠳᠣᠨ ᠬᠠᠮᠵᠢᠯᠴᠠᠨ ᠡᠷᠬᠢᠯᠡᠪᠡ᠃ | ᠲᠣᠰ ᠤᠳᠠᠭᠠᠨ ᠤ ᠲᠣᠭᠯᠠᠯᠲᠠ ᠨᠢ ᠳᠤᠮᠳᠠᠳᠤ ᠤᠯᠤᠰ ᠤᠨ ᠷᠠᠳᠢᠣ᠋ ᠦᠨᠳᠦᠰᠦᠲᠡᠨ ᠤ ᠬᠥᠭᠵᠢᠮ ᠤᠨ | ᠪᠦᠯᠬᠦᠮ ᠢ ᠣᠨᠴᠠ ᠤᠷᠢᠵᠤ᠂ ᠭᠧ ᠶᠠ ᠨᠠᠨ ᠰᠢᠳᠠᠮ ᠢ ᠵᠢᠯᠣᠭᠤᠳᠴᠤ᠂ ᠪᠤᠭᠤᠲᠤ ᠬᠤᠳᠠ ᠶᠢᠨ ᠤᠷᠠᠯᠢᠭ | ᠵᠦᠴᠦᠭᠡ ᠶᠢᠨ ᠬᠦᠷᠢᠶᠡᠯᠡᠩ ᠤᠨ ᠠᠷᠠᠳ ᠤᠨ ᠬᠥᠭᠵᠢᠮ ᠤᠨ ᠪᠦᠯᠬᠦᠮ ᠤᠨ ᠤᠷᠠᠯᠢᠭᠴᠢᠳ ᠠᠴᠠ ᠰᠡᠳᠬᠢᠯ | ᠳᠣᠭᠳᠣᠯᠤᠨ ᠲᠣᠭᠯᠠᠯᠲᠠ ᠭᠠᠷᠭᠠᠪᠠ᠃ | ᠳᠠᠭᠤᠤ ᠬᠥᠭᠵᠢᠮ ᠤᠨ ᠦᠳᠡᠰᠢᠯᠡᠭᠡ ᠨᠢ ︽ᠰᠢᠨ᠎ᠡ ᠵᠠᠭᠤᠨ ᠤ ᠳᠠᠭᠤᠤ ᠬᠥᠭᠵᠢᠮ ᠤᠨ ᠦᠳᠡᠰᠢᠯᠡᠭᠡ ᠶᠢᠨ | ᠤᠳᠤᠷᠢᠳᠬᠠᠯ - ᠠᠯᠲᠠᠨ ᠮᠤᠭᠠᠢ ᠶᠢᠨ ᠪᠥᠵᠢᠭ︾ ᠤᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠥᠰᠢᠭᠡ ᠪᠠᠨ | ᠨᠡᠭᠡᠭᠡᠪᠡ᠃ ︽ᠠᠯᠤᠰ ᠬᠤᠯᠠ ᠶᠢᠨ ᠭᠠᠵᠠᠷ ᠣᠷᠣᠨ︾᠂ ︽ᠲᠠᠨ ᠤ ᠪᠦᠲᠡᠭᠡᠯᠭᠡ ᠶᠢ ᠪᠤᠰᠬᠠᠨᠠᠮ︾ ᠵᠡᠷᠭᠡ ᠰᠣᠩᠭᠤᠳᠠᠭ | ᠬᠥᠭᠵᠢᠮ ᠨᠢ ᠳᠠᠭᠤᠤ ᠬᠥᠭᠵᠢᠮ ᠤᠨ ᠦᠳᠡᠰᠢᠯᠡᠭᠡ ᠳᠤ ᠡᠭᠡᠯᠵᠢᠯᠡᠨ ᠬᠠᠩᠭᠢᠨᠠᠨ᠎ᠠ᠃ ᠷᠣᠮᠠᠨᠲ᠋ᠢᠭ ︽ᠤᠯᠤᠰ ᠤᠨ ᠬᠡᠪ | ᠨᠠᠮᠪᠠ︾ ᠠᠴᠠ ᠰᠣᠩᠭᠤᠳᠠᠭ ᠢᠷᠠᠭᠤ ᠰᠠᠢᠬᠠᠨ ᠬᠥᠭᠵᠢᠮ ︽ᠰᠡᠯᠡᠮ᠎ᠡ ᠮᠡᠲᠦ ᠵᠡᠭᠦᠳᠦ︾ ᠵᠢᠴᠢ ᠢᠷᠠᠭᠤ ᠰᠠᠢᠬᠠᠨ | ᠳᠠᠭᠤᠤ ᠬᠥᠭᠵᠢᠮ᠂ ᠬᠥᠭ ᠠᠶᠠᠰ ᠨᠢ ᠲᠤᠬᠠᠢ ᠶᠢᠨ ᠲᠠᠯᠠᠪᠠᠢ ᠳᠤ ᠮᠢᠩᠭ᠎ᠠ ᠭᠠᠷᠤᠢ ᠦᠵᠡᠭᠴᠢᠳ ᠬᠠᠮᠲᠤᠪᠠᠷ ᠳᠠᠭᠤᠤ | ᠬᠥᠭᠵᠢᠮ ᠤᠨ ᠪᠠᠶᠠᠷ ᠪᠠᠶᠠᠰᠤᠯ ᠲᠠᠢ ᠴᠠᠭᠠᠨ ᠰᠠᠷ᠎ᠠ ᠶᠢᠨ ᠠᠭᠤᠷ ᠠᠮᠢᠰᠭᠤᠯ ᠳᠤ ᠰᠤᠭᠲᠤᠷᠠᠪᠠ᠃ | ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠪᠣᠯᠤᠨ ᠤᠷᠠᠢ ᠬᠠᠰᠬᠢᠷᠬᠤ ᠲᠠᠭᠤᠨ ᠤ ᠳᠤᠮᠳᠠ᠂ ︽ᠸᠠᠨ ᠯᠢ︾ | ᠵᠡᠷᠭᠡ ᠳᠠᠭᠤᠤ ᠬᠥᠭᠵᠢᠮ ᠦᠳᠡᠰᠢᠯᠡᠭᠡ ᠶᠢᠨ ᠠᠬᠤᠶ ᠲᠠᠯᠠᠪᠠᠶ ᠶᠢᠨ ᠠᠭᠤᠷ ᠠᠮᠢᠰᠬᠤᠯ ᠢ ᠳᠠᠬᠢᠨᠲᠠ ᠣᠷᠭᠢᠯ ᠳᠤ ᠨᠢ | ᠬᠦᠷᠭᠡᠵᠤ᠂ ᠬᠥᠭᠵᠢᠮᠴᠢᠳ ᠲᠤᠰᠬᠠᠶ ᠮᠡᠷᠭᠡᠵᠢᠯ ᠤᠨ ᠬᠥᠭᠵᠢᠮ ᠤᠨ ᠤᠷ᠎ᠠ ᠴᠢᠳᠠᠪᠤᠷᠢ ᠪᠠᠷ ᠴᠠᠭᠠᠨ ᠰᠠᠷ᠎ᠠ ᠶᠢᠨ | ᠵᠥᠩᠨᠡᠯ ᠳᠡᠪᠰᠢᠭᠦᠯᠪᠡ᠃ ᠪᠦᠬᠦ ᠲᠠᠯᠠᠪᠠᠢ ᠳᠠᠭᠤᠤ ᠬᠥᠭᠵᠢᠮ ᠤᠨ ᠦᠳᠡᠰᠢᠯᠡᠭᠡ ᠨᠢ ᠰᠦᠷ ᠵᠢᠪᠬᠤᠭ᠎ᠠ ᠲᠠᠢ᠂ ᠪᠠᠶᠠᠷ | ᠪᠠᠶᠠᠰᠬᠤᠯᠠᠩ ᠲᠠᠢ ᠪᠠᠷ ᠦᠨᠳᠦᠰᠦᠨ ᠬᠥᠭ ᠠᠶᠠᠰ ᠪᠣᠯᠭᠠᠵᠤ᠂ ︽ᠪᠠᠶᠠᠷ ᠪᠠᠶᠠᠰᠬᠤᠯᠠᠩᠲᠤ᠂ ᠠᠮᠤᠷ ᠠᠮᠤᠭᠤᠯᠠᠩ︾ ᠭᠡᠬᠦ | ᠰᠠᠶᠢᠨ ᠰᠠᠶᠢᠬᠠᠨ ᠰᠢᠨ᠎ᠡ ᠵᠢᠯ ᠤᠨ ᠵᠥᠩᠨᠡᠯ ᠳᠡᠪᠰᠢᠭᠦᠯᠪᠡ᠃ | ᠪᠤᠭᠤᠲᠤ ᠶᠢᠨ ᠲᠣᠮᠣ ᠵᠦᠴᠦᠭᠡ ᠶᠢᠨ ᠬᠦᠷᠢᠶᠡᠯᠡᠩ ᠤᠨ ᠡᠮᠦᠨ᠎ᠡ ᠲᠢᠩᠬᠢᠮ ᠳᠤ᠂ ᠪᠣᠳᠠᠰ ᠤᠨ ᠪᠤᠰᠤ | ᠰᠣᠶᠣᠯ ᠤᠨ ᠥᠪ ᠤᠨ ᠭᠤᠯᠢᠷ ᠱᠤᠭᠤᠮᠠᠯ᠂ ᠵᠢᠷᠤᠭ᠂ ᠰᠢᠬᠢᠷ ᠱᠤᠭᠤᠮᠠᠯ᠂ ᠮᠢᠬ᠎ᠠ᠂ ᠤᠯᠠᠮᠵᠢᠯᠠᠯᠲᠤ ᠭᠦᠢᠯᠡᠰᠦᠨ | ᠬᠠᠲᠠᠭᠰᠠᠨ ᠬᠠᠭᠤᠷᠠᠢ ᠢᠳᠡᠭᠡᠨ᠂ ᠳ᠋ᠠ ᠹᠦ ᠯᠢᠨ ᠪᠤᠤ ᠽᠢ᠂ ᠴᠠᠢ᠂ ᠰᠠᠭᠤᠭᠳᠠᠯ ᠴᠢᠩᠱᠠᠨ ᠵᠡᠷᠭᠡ 10 ᠵᠦᠢᠯ ᠤᠨ ᠮᠠᠰᠢ | ᠣᠨᠴᠠᠯᠢᠭ ᠲᠠᠢ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯᠲᠤ ᠲᠥᠷᠥᠯ ᠵᠦᠢᠯ ᠬᠤᠶᠢᠨ᠎ᠠ | ᠬᠤᠶᠢᠨ᠎ᠠ ᠠᠴᠠ ᠪᠠᠨ ᠲᠣᠳᠣᠷᠠᠵᠤ᠂ ᠵᠦᠢᠯ ᠨᠢᠭᠡᠪᠦᠷᠢ ᠨᠢ ᠴᠥᠮ ᠭᠦᠨ ᠵᠤᠵᠠᠭᠠᠨ ᠲᠡᠦᠬᠡ ᠶᠢᠨ ᠨᠥᠭᠡᠴᠡ ᠪᠣᠯᠤᠨ | ᠠᠷᠠᠳ ᠤᠨ ᠵᠠᠩ ᠦᠢᠯᠡ ᠶᠢ ᠠᠴᠢᠶᠠᠯᠠᠨ᠂ ᠬᠥᠮᠦᠰ ᠤᠨ ᠠᠩᠬᠠᠷᠤᠯ ᠢ ᠲᠠᠲᠠᠭᠰᠠᠨ ᠪᠠᠢᠨ᠎ᠠ᠃ | ᠵᠢᠯ ᠳᠤ ᠨᠢᠭᠡ ᠤᠳᠠᠭ᠎ᠠ ᠶᠠᠪᠤᠭᠳᠠᠬᠤ ᠰᠢᠨ᠎ᠡ ᠵᠢᠯ ᠤᠨ ᠳᠠᠭᠤᠤ ᠬᠥᠭᠵᠢᠮ ᠤᠨ ᠦᠳᠡᠰᠢᠯᠡᠭᠡ ᠨᠢ ᠨᠢᠭᠡᠨᠲᠡ | ᠴᠢᠩᠱᠠᠨ ᠲᠣᠭᠤᠷᠢᠭ ᠤᠨ ᠴᠠᠭᠠᠨ ᠰᠠᠷ᠎ᠠ ᠶᠢ ᠤᠭᠲᠤᠬᠤ ᠭᠤᠶᠢᠳᠠ ᠰᠠᠶᠢᠬᠠᠨ ᠰᠣᠶᠣᠯ ᠪᠣᠯᠤᠭᠰᠠᠨ ᠪᠠᠶᠢᠨ᠎ᠠ᠃ | 2025 ᠣᠨ ᠳᠤ᠂ ᠴᠢᠩᠱᠠᠨ ᠲᠣᠭᠤᠷᠢᠭ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠢᠳᠡᠪᠬᠢᠲᠡᠢ | ᠠᠬᠢᠭᠤᠯᠵᠤ᠂ ᠰᠢᠨ᠎ᠡ ᠴᠠᠭ ᠦᠶ᠎ᠡ ᠶᠢᠨ ᠰᠣᠶᠣᠯ ᠤᠨ ᠥᠨᠳᠦᠷᠯᠢᠭ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ | ᠰᠣᠶᠣᠯ ᠤᠳᠬ᠎ᠠ ᠤᠷᠠᠯᠢᠭ ᠤᠨ ᠬᠦᠴᠦᠨ ᠢ ᠨᠢᠭᠲᠠᠷᠠᠭᠤᠯᠵᠤ᠂ ᠪᠦᠬᠦ ᠠᠷᠠᠳ ᠤᠨ ᠤᠷᠠᠯᠢᠭ ᠤᠨ ᠬᠡᠪ ᠪᠣᠯᠪᠠᠰᠤᠷᠠᠯ ᠢ | ᠳᠡᠭᠡᠭᠰᠢᠯᠡᠭᠦᠯᠵᠦ᠂ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠬᠦᠴᠦᠷᠬᠡᠭ ᠶᠡᠭᠡ ᠬᠠᠮᠲᠤᠷᠠᠯ | ᠬᠦᠴᠦᠨ ᠢ ᠨᠢᠭᠲᠠᠷᠠᠭᠤᠯᠵᠤ᠂ ᠪᠤᠭᠤᠲᠤ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠦᠷᠳᠡᠭ ᠤᠨ | ᠬᠦᠳᠦᠯᠦᠨ ᠵᠢᠯᠣᠭᠤᠳᠬᠤ ᠬᠦᠴᠦᠨ᠂ ᠰᠣᠶᠣᠯ ᠤᠨ ᠨᠢᠭᠲᠠᠷᠠᠯ ᠤᠨ ᠬᠦᠴᠦᠨ᠂ ᠤᠶᠤᠨ ᠰᠠᠨᠠᠭᠠᠨ ᠤ ᠲᠦᠯᠬᠢᠴᠡ | ᠬᠦᠴᠦᠨ ᠢ ᠬᠠᠩᠭᠠᠨ᠎ᠠ᠃ | | | | | | |