ᠴᠢᠩᠱᠠᠨ ᠲᠣᠭᠤᠷᠢᠭ ᠤᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/10
      ᠲᠡᠦᠬᠡ ᠶᠢᠨ ᠳᠤᠷᠠᠰᠬᠠᠯᠲᠤ ᠵᠦᠢᠯ ᠪᠣᠯ ᠳᠠᠬᠢᠨ ᠡᠭᠦᠰᠴᠦ ᠪᠣᠯᠤᠰᠢ ᠦᠭᠡᠶ ᠡᠷᠬᠢᠮ ᠨᠠᠨᠳᠢᠨ ᠰᠣᠶᠣᠯ ᠤᠨ ᠡᠬᠢ ᠪᠠᠶᠠᠯᠢᠭ ᠪᠣᠯᠬᠤ ᠪᠥᠭᠡᠳ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠲᠡᠦᠬᠡ ᠪᠣᠯᠤᠨ ᠭᠡᠷᠡᠯ ᠰᠠᠴᠤᠷᠠᠩᠭᠤᠶ ᠪᠣᠯᠪᠠᠰᠤᠨ ᠢ ᠠᠪᠴᠤ ᠪᠠᠶᠢᠭ᠎ᠠ ᠶᠤᠮ᠃ ᠲᠡᠦᠬᠡ ᠶᠢᠨ ᠳᠤᠷᠠᠰᠬᠠᠯᠲᠤ ᠵᠦᠢᠯᠡᠰ ᠢ ᠲᠣᠭᠤᠷᠢᠨ ᠬᠠᠮᠠᠭᠠᠯᠠᠬᠤ ᠠᠵᠢᠯ ᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠨᠢ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      1 ᠰᠠᠷ᠎ᠠ ᠶᠢᠨ 9 ᠤ ᠡᠳᠦᠷ᠂ᠴᠢᠩᠱᠠᠨ ᠲᠣᠭᠤᠷᠢᠭ ᠤᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠶᠢᠨ ᠰᠣᠶᠣᠯ ᠤᠨ ᠬᠠᠮᠠᠭᠠᠯᠠᠯᠲᠠ ᠶᠢᠨ ᠲᠥᠪ ᠤᠨ ᠠᠵᠢᠯᠲᠠᠳ ᠪᠤᠭᠤᠲᠤ ᠶᠢᠨ ᠲᠣᠮᠣ ᠵᠦᠴᠦᠭᠡ ᠶᠢᠨ ᠬᠦᠷᠢᠶᠡᠯᠡᠩ ᠳᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠮᠡᠳᠡᠯᠭᠡ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠨᠡᠶᠢᠲᠡ ᠶᠢᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠪᠡ᠃ ᠡᠭᠦᠨ ᠤ ᠬᠠᠮᠲᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠲᠣᠭᠤᠷᠢᠨ ᠬᠠᠮᠠᠭᠠᠯᠠᠬᠤ ᠠᠵᠢᠯ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠬᠠᠮᠲᠤ ᠪᠠᠷ ᠰᠠᠬᠢᠨ ᠬᠠᠮᠠᠭᠠᠯᠠᠨ᠎ᠠ᠃      ᠢᠷᠡᠭᠡᠳᠦᠢ ᠳᠤ ᠪᠢᠳᠡ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠤᠬᠠᠭᠤᠯᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠳᠤ ᠴᠢᠩᠱᠠᠨ ᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号