2025 ᠣᠨ ᠤ ᠰᠢᠨ᠎ᠡ ᠵᠢᠯ ᠤᠨ ᠡᠬᠢᠨ ᠳᠤ᠂ ᠬᠥᠨᠳᠡᠯᠡᠨ ᠠᠴᠠ ᠲᠠᠰᠤᠯᠬᠤ ᠲᠠᠰ ᠳᠠᠷᠠᠭᠠᠯᠠᠯ ᠢ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ | ᠲᠠᠰᠤᠯᠬᠤ ᠬᠡᠷᠡᠭ ᠢ ᠰᠢᠢᠳᠪᠦᠷᠢᠯᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠡᠯ᠎ᠡ ᠲᠥᠷᠥᠯ ᠤᠨ ᠬᠥᠳᠡᠯᠮᠦᠷᠢ | ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠴᠠᠭ ᠲᠤᠬᠠᠶ ᠳᠤ ᠨᠢ ᠠᠷᠢᠯᠭᠠᠬᠤ ᠶᠢᠨ ᠲᠥᠯᠥᠭᠡ᠂ ᠪᠤᠭᠤᠲᠤ | ᠬᠤᠲᠠ ᠶᠢᠨ ᠴᠢᠩᠱᠠᠨ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ | ᠲᠠᠰᠤᠯᠬᠤ ᠬᠤᠷᠢᠶ᠎ᠠ ᠤᠯᠠᠮᠵᠢᠯᠠᠯᠲᠤ ᠬᠥᠨᠳᠡᠯᠡᠨ ᠠᠴᠠ ᠲᠠᠰᠤᠯᠬᠤ ᠬᠡᠷᠡᠭ ᠰᠢᠢᠳᠪᠦᠷᠢᠯᠡᠬᠦ ᠵᠠᠭᠪᠤᠷ ᠢ ᠢᠳᠡᠪᠬᠢᠲᠡᠶ | ᠰᠢᠨᠡᠴᠢᠯᠡᠵᠦ᠂ ︽ᠡᠯᠧᠮᠧᠨ᠋ᠲ ᠤᠨ ᠬᠡᠯᠪᠡᠷᠢ ᠪᠠᠷ ᠬᠡᠷᠡᠭ ᠰᠢᠢᠳᠪᠦᠷᠢᠯᠡᠬᠦ︾ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ | ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠦᠢᠯᠡᠴᠢᠯᠡᠭᠡᠨ ᠤ | ᠰᠢᠨ᠎ᠡ ᠲᠣᠭᠲᠠᠴᠠ ᠶᠢ ᠴᠢᠷᠮᠠᠶᠢᠨ ᠪᠠᠶᠢᠭᠤᠯᠤᠨ᠎ᠠ᠃ | ︽ᠡᠯᠧᠮᠧᠨ᠋ᠲ ᠤᠨ ᠮᠠᠶ᠋ᠢᠭ︾ ᠤᠨ ᠬᠡᠷᠡᠭ ᠰᠢᠢᠳᠪᠦᠷᠢᠯᠡᠬᠦ ᠵᠠᠭᠪᠤᠷ ᠪᠣᠯ ᠨᠢᠭᠡ ᠢᠵᠢ ᠰᠢᠰᠲ᠋ᠧᠮ ᠲᠠᠢ ᠪᠥᠭᠡᠳ | ᠳᠥᠭᠦᠮ ᠬᠡᠷᠡᠭ ᠰᠢᠢᠳᠪᠦᠷᠢᠯᠡᠬᠦ ᠲᠣᠭᠲᠠᠴᠠ ᠮᠥᠨ᠂ ᠭᠤᠣᠯᠳᠠᠯᠭ᠎ᠠ ᠨᠢ ᠬᠡᠷᠡᠭ ᠢ ᠣᠨᠣᠪᠴᠢᠲᠠᠢ ᠬᠤᠷᠢᠶᠠᠩᠭᠤᠶᠢᠯᠠᠨ | ᠪᠣᠯᠪᠠᠰᠤᠷᠠᠭᠤᠯᠬᠤ ᠦᠨᠳᠦᠰᠦᠨ ᠬᠦᠴᠦᠨ ᠵᠦᠢᠯ ᠢ ᠭᠤᠣᠯᠳᠠᠭᠤᠯᠬᠤ ᠶᠢᠨ ᠬᠠᠮᠲᠤ ᠪᠦᠬᠦ ᠶᠠᠪᠤᠴᠠ ᠨᠢ ᠡᠳᠡᠭᠡᠷ | ᠵᠠᠩᠭᠢᠯᠠᠭ᠎ᠠ ᠶᠢᠨ ᠡᠯᠧᠮᠧᠨ᠋ᠲ ᠤᠨ ᠲᠣᠭᠤᠷᠢᠨ ᠳᠤ ᠬᠡᠷᠡᠭ ᠰᠢᠢᠳᠪᠦᠷᠢᠯᠡᠬᠦ ᠠᠵᠢᠯ ᠢ ᠡᠮᠬᠢ ᠵᠢᠷᠤᠮ ᠲᠠᠢ ᠠᠬᠢᠭᠤᠯᠵᠤ᠂ | ᠭᠤᠣᠯᠳᠠᠭᠤ ︽ᠲᠢᠩᠬᠢᠮ ᠤᠨ ᠡᠮᠦᠨᠡᠬᠢ ᠵᠢᠯᠣᠭᠤᠳᠤᠯᠭ᠎ᠠ ᠶᠢ ᠴᠢᠩᠭᠠᠳᠬᠠᠬᠤ᠂ ᠲᠢᠩᠬᠢᠮ ᠤᠨ ᠰᠢᠭᠦᠯᠲᠡ ᠶᠢᠨ ᠵᠢᠷᠤᠮ ᠢ | ᠰᠢᠯᠢᠳᠡᠭᠵᠢᠭᠦᠯᠬᠦ᠂ ᠲᠠᠰᠤᠯᠤᠯᠲᠠ ᠶᠢᠨ ᠪᠢᠴᠢᠭ ᠬᠠᠷ᠎ᠠ ᠶᠢ ᠳᠥᠭᠦᠮᠴᠢᠯᠡᠬᠦ︾ ᠭᠤᠷᠪᠠᠨ ᠵᠠᠩᠭᠢᠯᠠᠭ᠎ᠠ ᠶᠢᠨ | ᠭᠤᠭᠴᠤᠭ᠎ᠠ ᠶᠢ ᠬᠠᠮᠤᠷᠪᠠ᠃ | ᠬᠡᠷᠡᠭ ᠪᠣᠯᠭᠠᠨ ᠳᠠᠩᠰᠠᠯᠠᠬᠤ ᠠᠴᠠ ᠡᠮᠦᠨ᠎ᠡ᠂ ᠭᠤᠶᠤᠴᠢᠯᠠᠭᠴᠢ ᠴᠣᠩᠬᠤᠪᠴᠢ ᠪᠠᠷ ᠬᠥᠨᠳᠡᠯᠡᠨ ᠠᠴᠠ | ᠲᠠᠰᠤᠯᠬᠤ ᠭᠤᠶᠤᠴᠢᠯᠠᠯ ᠤᠨ ᠪᠢᠴᠢᠭ ᠢ ᠲᠤᠰᠢᠶᠠᠬᠤ ᠦᠶ᠎ᠡ ᠳᠤ᠂ ᠴᠣᠩᠬᠤᠪᠴᠢ ᠪᠠᠷ ᠬᠡᠷᠡᠭ ᠭᠥᠯᠢᠶᠡᠨ ᠠᠪᠬᠤ | ᠠᠵᠢᠯᠲᠠᠳ ᠰᠠᠨᠠᠭᠠᠴᠢᠯᠠᠭ᠎ᠠ ᠠᠴᠠ ᠪᠠᠨ ᠲᠤᠬᠠᠢ ᠶᠢᠨ ᠬᠥᠮᠦᠨ ᠲᠠᠢ ᠭᠦᠨᠵᠡᠭᠡᠶ ᠨᠡᠪᠲᠡᠷᠡᠯᠴᠡᠵᠦ᠂ ᠲᠡᠭᠦᠨ ᠢ | ᠬᠦᠯᠢᠴᠡᠩᠭᠦᠢ ᠪᠠᠷ ᠬᠥᠲᠥᠯᠥᠨ ᠵᠢᠯᠣᠭᠤᠳᠴᠤ ᠪᠠᠶᠢᠭᠠᠳ ᠬᠡᠷᠡᠭ ᠤᠨ ᠦᠨᠳᠦᠰᠦᠨ ᠬᠦᠴᠦᠨ ᠵᠦᠢᠯ ᠢ ᠲᠣᠭᠲᠠᠭᠠᠵᠤ᠂ | ︽ᠦᠨᠳᠦᠰᠦᠨ ᠪᠣᠳᠠᠲᠤ ᠶᠠᠪᠤᠳᠠᠯ ᠤᠨ ᠡᠯᠧᠮᠧᠨ᠋ᠲ ᠤᠨ ᠬᠦᠰᠦᠨᠦᠭᠲᠦ︾ ᠪᠠ ︽ᠬᠡᠷᠡᠭ ᠤᠨ ᠲᠥᠷᠥᠯ ᠬᠡᠯᠪᠡᠷᠢ ᠶᠢᠨ | ᠡᠯᠧᠮᠧᠨ᠋ᠲ ᠤᠨ ᠬᠦᠰᠦᠨᠦᠭᠲᠦ︾ ᠶᠢ ᠲᠠᠭᠯᠠᠬᠤ ᠶᠢᠨ ᠬᠠᠮᠲᠤ ᠭᠤᠶᠤᠴᠢᠯᠠᠯ ᠤᠨ ᠪᠢᠴᠢᠭ ᠤᠨ ᠪᠦᠷᠢᠯᠳᠦᠬᠦᠨ ᠬᠡᠰᠡᠭ | ᠪᠣᠯᠭᠠᠨ᠎ᠠ᠃ ᠬᠥᠨᠳᠡᠯᠡᠨ ᠠᠴᠠ ᠲᠠᠰᠤᠯᠬᠤ ᠬᠤᠷᠢᠶ᠎ᠠ ᠬᠡᠷᠡᠭ ᠪᠣᠯᠭᠠᠨ ᠳᠠᠩᠰᠠᠯᠠᠬᠤ ᠱᠠᠲᠤᠨ ᠳᠤ ᠭᠤᠶᠤᠴᠢᠯᠠᠭᠳᠠᠭᠴᠢ᠂ | ᠭᠤᠷᠪᠠᠳᠠᠬᠢ ᠬᠥᠮᠦᠨ ᠳᠤ ᠭᠤᠶᠤᠴᠢᠯᠠᠭᠴᠢ ᠶᠢᠨ ᠬᠠᠭᠤᠯᠪᠤᠷᠢ ᠳᠡᠪᠲᠡᠷ ᠢ ᠬᠦᠷᠭᠡᠵᠦ ᠥᠭᠬᠦ ᠦᠶ᠎ᠡ ᠳᠤ᠂ | ︽ᠦᠨᠳᠦᠰᠦᠨ ᠪᠣᠳᠠᠲᠤ ᠬᠡᠷᠡᠭ ᠤᠨ ᠬᠦᠴᠦᠨ ᠵᠦᠢᠯ ᠤᠨ ᠬᠦᠰᠦᠨᠦᠭᠲᠦ︾ ᠪᠠ ︽ᠬᠡᠷᠡᠭ ᠤᠨ ᠲᠥᠷᠥᠯ ᠬᠡᠯᠪᠡᠷᠢ ᠶᠢᠨ | ᠬᠦᠴᠦᠨ ᠵᠦᠢᠯ ᠤᠨ ᠬᠦᠰᠦᠨᠦᠭᠲᠦ︾ ᠶᠢᠨ ᠬᠠᠭᠤᠯᠪᠤᠷᠢ ᠳᠡᠪᠲᠡᠷ ᠢ ᠬᠠᠮᠲᠤ ᠳᠤᠨᠢ ᠬᠦᠷᠭᠡᠵᠦ᠂ ᠭᠤᠶᠤᠴᠢᠯᠠᠭᠳᠠᠭᠴᠢ᠂ | ᠭᠤᠷᠪᠠᠳᠤᠭᠠᠷ ᠬᠥᠮᠦᠨ ᠤ ᠬᠠᠭᠤᠯᠪᠤᠷᠢ ᠳᠡᠪᠲᠡᠷ ᠳᠡᠭᠡᠷ᠎ᠡ ᠬᠠᠮᠢᠶ᠎ᠠ ᠪᠦᠬᠦᠢ ᠠᠭᠤᠯᠭ᠎ᠠ ᠶᠢ ᠲᠠᠭᠯᠠᠨ ᠪᠢᠴᠢᠬᠦ ᠶᠢ | ᠵᠢᠯᠣᠭᠤᠳᠤᠨ᠎ᠠ᠃ ᠡᠨᠡ ᠬᠦ ᠶᠠᠪᠤᠴᠠ ᠪᠠᠷ ᠳᠠᠮᠵᠢᠭᠤᠯᠤᠨ᠂ ᠬᠤᠶᠠᠷ ᠡᠲᠡᠭᠡᠳ ᠤᠨ ᠲᠤᠬᠠᠶ ᠶᠢᠨ ᠬᠥᠮᠦᠨ ᠬᠡᠷᠡᠭ ᠤᠨ | ᠡᠯᠧᠮᠧᠨ᠋ᠲ ᠲᠠᠢ ᠲᠣᠳᠣᠷᠬᠠᠶ ᠬᠠᠷᠢᠴᠠᠭᠤᠯᠵᠤ᠂ ᠭᠡᠷᠡᠴᠢ ᠭᠠᠷᠭᠠᠬᠤ ᠪᠠ ᠬᠠᠷᠢᠭᠤ ᠮᠠᠷᠭᠤᠬᠤ ᠵᠠᠩᠭᠢᠯᠠᠭ᠎ᠠ ᠶᠢᠨ | ᠭᠤᠤᠯᠳᠠᠯᠭ᠎ᠠ ᠶᠢ ᠣᠨᠣᠪᠴᠢᠲᠠᠶ ᠡᠵᠡᠮᠳᠡᠵᠦ᠂ ᠠᠷᠭᠠᠴᠠᠬᠤ ᠠᠴᠠ ᠪᠦᠲᠦᠮᠵᠢᠲᠡᠶ ᠵᠠᠶᠢᠯᠠᠰᠬᠢᠵᠦ ᠴᠢᠳᠠᠨ᠎ᠠ᠃ | ᠬᠥᠨᠳᠡᠯᠡᠨ ᠠᠴᠠ ᠲᠠᠰᠤᠯᠤᠭᠴᠢ ᠨᠢ ᠲᠤᠬᠠᠢ ᠶᠢᠨ ᠬᠥᠮᠦᠨ ᠤ ᠬᠠᠩᠭᠠᠭᠰᠠᠨ ᠮᠡᠳᠡᠭᠡ ᠵᠠᠩᠭᠢ ᠶᠢ ᠦᠨᠳᠦᠰᠦᠯᠡᠨ᠂ | ᠤᠷᠢᠳᠴᠢᠯᠠᠨ ᠮᠠᠷᠭᠤᠭᠠᠨ ᠤ ᠲᠥᠪᠯᠡᠷᠡᠯ ᠤᠨ ᠴᠡᠭ ᠢ ᠬᠤᠷᠢᠶᠠᠩᠭᠤᠢᠯᠠᠵᠤ᠂ ᠡᠳᠡᠭᠡᠷ ᠲᠥᠪᠯᠡᠷᠡᠯ ᠤᠨ ᠴᠡᠭᠲ᠋ᠤ | ᠴᠢᠭᠯᠡᠭᠦᠯᠦᠨ ᠨᠠᠷᠢᠨ ᠲᠣᠳᠣᠷᠬᠠᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠠᠢᠯᠪᠤᠷᠢᠯᠠᠯᠲᠠ ᠬᠢᠵᠦ᠂ ᠲᠤᠬᠠᠢ ᠶᠢᠨ | ᠬᠥᠮᠦᠨ ᠳᠤ ᠲᠤᠰ ᠪᠡᠶ᠎ᠡ ᠶᠢᠨ ᠡᠷᠬᠡ ᠠᠰᠢᠭ ᠪᠣᠯᠤᠨ ᠬᠠᠤᠯᠢ ᠴᠠᠭᠠᠵᠠ ᠶᠢᠨ ᠦᠨᠳᠦᠰᠦ ᠪᠠᠷᠢᠮᠲᠠ ᠪᠠᠨ ᠲᠣᠳᠣᠷᠬᠠᠢ | ᠤᠶᠢᠯᠭᠠᠭᠤᠯᠤᠨ᠎ᠠ᠃ ᠡᠭᠦᠨ ᠤ ᠬᠠᠮᠲᠤ ᠪᠠᠰᠠ ᠲᠢᠩᠬᠢᠮ ᠤᠨ ᠰᠢᠭᠦᠯᠲᠡ ᠶᠢᠨ ᠵᠣᠬᠢᠴᠠᠩᠭᠤᠶ ᠲᠣᠪᠴᠢ ᠶᠢ ᠵᠣᠬᠢᠶᠠᠵᠤ᠂ | ᠵᠠᠯᠭᠠᠮᠵᠢ ᠬᠦᠴᠦᠨ ᠵᠦᠢᠯ ᠤᠨ ᠬᠡᠯᠪᠡᠷᠢ ᠶᠢᠨ ᠲᠢᠩᠬᠢᠮ ᠤᠨ ᠰᠢᠭᠦᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ᠂ | ᠲᠢᠩᠬᠢᠮ ᠤᠨ ᠰᠢᠭᠦᠯᠲᠡ ᠶᠢᠨ ᠪᠡᠯᠡᠳᠬᠡᠯ ᠪᠦᠷᠢᠨ ᠭᠦᠢᠴᠡᠳ᠂ ᠡᠮᠬᠢ ᠴᠡᠭᠴᠡ ᠲᠠᠢ ᠪᠠᠶᠢᠬᠤ ᠶᠢ ᠦᠨᠡᠨ ᠬᠦ | ᠪᠠᠲᠤᠯᠠᠨ᠎ᠠ᠃ | ᠲᠢᠩᠬᠢᠮ ᠤᠨ ᠰᠢᠭᠦᠯᠲᠡ ᠳᠤ᠂ ᠪᠦᠬᠦ᠋ᠢᠯᠡ ᠶᠠᠪᠤᠴᠠ ᠨᠢ ᠬᠡᠷᠡᠭ ᠤᠨ ᠡᠯᠧᠮᠧᠨ᠋ᠲ ᠲᠠᠢ ᠨᠢᠭᠲᠠ | ᠤᠶᠠᠯᠳᠤᠭᠤᠯᠤᠨ ᠥᠷᠨᠢᠭᠦᠯᠵᠦ᠂ ᠬᠥᠨᠳᠡᠯᠡᠨ ᠠᠴᠠ ᠲᠠᠰᠤᠯᠬᠤ ᠨᠢ ᠬᠤᠶᠠᠷ ᠡᠲᠡᠭᠡᠳ ᠤᠨ ᠲᠤᠬᠠᠶ ᠶᠢᠨ ᠬᠥᠮᠦᠨ ᠤ | ᠲᠤᠰᠢᠶᠠᠭᠰᠠᠨ ᠡᠯᠧᠮᠧᠨ᠋ᠲ ᠤᠨ ᠬᠦᠰᠦᠨᠦᠭᠲᠦ ᠵᠢᠴᠢ ᠬᠤᠯᠪᠣᠭᠳᠠᠯ ᠪᠦᠬᠦᠢ ᠮᠠᠲ᠋ᠧᠷᠢᠶᠠᠯ ᠢ ᠦᠨᠳᠦᠰᠦᠯᠡᠨ᠂ ᠬᠤᠶᠠᠷ | ᠡᠲᠡᠭᠡᠳ ᠤᠨ ᠮᠠᠷᠭᠤᠭᠠᠨ ᠦᠭᠡᠢ ᠡᠯᠧᠮᠧᠨ᠋ᠲ ᠢ ᠳ᠋ᠦᠩᠨᠡᠨ ᠭᠠᠷᠭᠠᠵᠤ᠂ ᠲᠤᠬᠠᠢ ᠶᠢᠨ ᠲᠢᠩᠬᠢᠮ ᠳᠤ ᠰᠢᠭᠤᠳ | ᠨᠤᠲᠠᠯᠠᠭᠰᠠᠨ ᠢᠶᠠᠷ ᠵᠠᠷᠯᠠᠭᠰᠠᠨ ᠤ ᠬᠠᠮᠲᠤ ᠲᠢᠩᠬᠢᠮ ᠤᠨ ᠰᠢᠭᠦᠯᠲᠡ ᠶᠢᠨ ᠲᠡᠮᠳᠡᠭᠯᠡᠯ ᠳᠤ ᠲᠣᠳᠣᠷᠬᠠᠶ | ᠲᠡᠮᠳᠡᠭᠯᠡᠭᠰᠡᠨ ᠠᠴᠠ ᠲᠢᠩᠬᠢᠮ ᠤᠨ ᠰᠢᠭᠦᠯᠲᠡ ᠶᠢᠨ ᠴᠠᠭ ᠢ ᠶᠡᠭᠡ ᠪᠠᠷ ᠠᠷᠪᠢᠯᠠᠪᠠ᠃ ᠬᠠᠷᠢᠨ ᠮᠠᠷᠭᠤᠯᠳᠤᠭᠠᠨ ᠲᠠᠢ | ᠬᠦᠴᠦᠨ ᠵᠦᠢᠯ ᠳᠤ ᠴᠢᠭᠯᠡᠭᠦᠯᠦᠨ᠂ ᠬᠥᠨᠳᠡᠯᠡᠨ ᠠᠴᠠ ᠲᠠᠰᠤᠯᠤᠭᠴᠢ ᠡᠮᠬᠢ ᠵᠢᠷᠤᠮ ᠲᠠᠢ ᠪᠠᠷ ᠪᠠᠶᠢᠴᠠᠭᠠᠯᠲᠠ ᠬᠢᠬᠦ᠂ | ᠭᠡᠷᠡᠴᠢ ᠭᠠᠷᠭᠠᠵᠤ ᠭᠡᠷᠡᠴᠢᠯᠡᠬᠦ ᠵᠢᠴᠢ ᠮᠠᠷᠭᠤᠯᠳᠤᠬᠤ ᠭᠤᠭᠴᠤᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠵᠤ᠂ ᠬᠤᠶᠠᠷ | ᠡᠲᠡᠭᠡᠳ ᠤᠨ ᠮᠠᠷᠭᠤᠯᠳᠤᠭᠰᠠᠨ ᠰᠠᠨᠠᠯ ᠪᠠ ᠤᠴᠢᠷ ᠰᠢᠯᠲᠠᠭᠠᠨ ᠢ ᠲᠡᠮᠳᠡᠭᠯᠡᠯ ᠳᠤ ᠲᠡᠮᠳᠡᠭᠯᠡᠨ᠎ᠡ᠃ ᠡᠨᠡ ᠬᠦ ᠠᠷᠭ᠎ᠠ | ᠮᠠᠶ᠋ᠢᠭ ᠨᠢ ᠤᠯᠠᠮᠵᠢᠯᠠᠯᠲᠤ ᠲᠢᠩᠬᠢᠮ ᠤᠨ ᠰᠢᠭᠦᠯᠲᠡ ᠳᠠᠬᠢ ᠲᠤᠬᠠᠶ ᠶᠢᠨ ᠬᠥᠮᠦᠨ ᠦᠷᠭᠦᠯᠵᠢ ᠠᠳᠠᠯᠢ ᠨᠢᠭᠡᠨ | ᠵᠦᠢᠯᠡᠰ ᠤᠨ ᠲᠤᠬᠠᠶ ᠳᠠᠬᠢᠨ ᠳᠠᠪᠲᠠᠨ ᠲᠣᠳᠣᠷᠬᠠᠶᠢᠯᠠᠨ ᠥᠭᠦᠯᠡᠵᠦ᠂ ᠲᠢᠩᠬᠢᠮ ᠤᠨ ᠰᠢᠭᠦᠯᠲᠡ ᠶᠢ ᠬᠤᠶᠢᠰᠢᠯᠠᠭᠤᠯᠤᠨ | ᠰᠤᠨᠵᠢᠷᠠᠭᠤᠯᠬᠤ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠵᠦ᠂ ᠬᠥᠨᠳᠡᠯᠡᠨ ᠠᠴᠠ ᠲᠠᠰᠤᠯᠤᠭᠴᠢ ᠶᠢ ᠰᠢᠭᠦᠬᠦ | ᠴᠢᠭᠯᠡᠯ ᠢᠶᠠᠨ ᠲᠦᠷᠭᠡᠨ ᠲᠣᠳᠣᠷᠬᠠᠶᠢᠯᠠᠵᠤ᠂ ᠲᠢᠩᠬᠢᠮ ᠤᠨ ᠰᠢᠭᠦᠯᠲᠡ ᠶᠢᠨ ᠠᠶᠢᠵᠠᠮ ᠢ ᠣᠨᠣᠪᠴᠢᠲᠠᠶ ᠡᠵᠡᠮᠳᠡᠵᠦ᠂ | ᠲᠢᠩᠬᠢᠮ ᠤᠨ ᠰᠢᠭᠦᠯᠲᠡ ᠶᠢᠨ ᠦᠷ᠎ᠡ ᠪᠦᠲᠦᠮᠵᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃ | ᠲᠢᠩᠬᠢᠮ ᠤᠨ ᠰᠢᠭᠦᠯᠲᠡ ᠶᠢᠨ ᠳᠠᠷᠠᠭ᠎ᠠ᠂ ᠬᠥᠨᠳᠡᠯᠡᠨ ᠠᠴᠠ ᠲᠠᠰᠤᠯᠤᠭᠴᠢ ᠲᠢᠩᠬᠢᠮ ᠤᠨ ᠰᠢᠭᠦᠯᠲᠡ ᠶᠢᠨ | ᠪᠠᠶᠢᠳᠠᠯ ᠢ ᠦᠨᠳᠦᠰᠦᠯᠡᠨ ᠬᠦᠴᠦᠨ ᠵᠦᠢᠯ ᠤᠨ ᠬᠢᠨᠠᠨ ᠲᠠᠰᠤᠯᠤᠯᠲᠠ ᠶᠢᠨ ᠪᠢᠴᠢᠭ ᠬᠢᠨ᠎ᠡ᠃ ᠮᠠᠷᠭᠤᠯᠳᠤᠭᠠᠨ ᠦᠭᠡᠢ | ᠬᠡᠰᠡᠭ ᠲᠤ ᠲᠣᠭᠲᠠᠭᠠᠯᠲᠠ ᠶᠢᠨ ᠪᠢᠴᠢᠭ ᠲᠤ ᠵᠥᠪᠬᠡᠨ ᠲᠣᠪᠴᠢ ᠲᠤᠲᠤᠷᠬᠠᠶᠢᠯᠠᠨ᠎ᠠ︔ | ᠮᠠᠷᠭᠤᠯᠳᠤᠭᠠᠨ ᠲᠠᠢᠡᠯᠧᠮᠧᠨ᠋ᠲ ᠳᠤ᠂ ᠬᠢᠨᠠᠨ ᠲᠠᠰᠤᠯᠤᠯᠲᠠ ᠶᠢᠨ ᠪᠢᠴᠢᠭ ᠲᠤ ᠬᠤᠶᠠᠷ ᠡᠲᠡᠭᠡᠳ ᠤᠨ ᠰᠠᠨᠠᠯ᠂ ᠭᠡᠷᠡᠴᠢ | ᠪᠠᠷᠢᠮᠲᠠ ᠶᠢ ᠲᠤᠯᠭᠠᠨ ᠭᠡᠷᠡᠴᠢᠯᠡᠭᠰᠡᠨ ᠪᠠᠶᠢᠳᠠᠯ ᠵᠢᠴᠢ ᠬᠥᠨᠳᠡᠯᠡᠨ ᠠᠴᠠ ᠲᠠᠰᠤᠯᠬᠤ ᠬᠤᠷᠢᠶ᠎ᠠ ᠶᠢᠨ ᠮᠠᠭᠠᠳᠯᠠᠨ | ᠲᠣᠭᠲᠠᠭᠠᠭᠰᠠᠨ ᠤᠴᠢᠷ ᠰᠢᠯᠲᠠᠭᠠᠨ ᠪᠠ ᠦᠨᠳᠦᠰᠦ ᠪᠠᠷᠢᠮᠲᠠ ᠶᠢ ᠨᠠᠷᠢᠨ ᠨᠢᠭᠲᠠ ᠡᠮᠬᠢᠯᠡᠨ ᠨᠡᠶᠢᠯᠡᠭᠦᠯᠵᠦ ᠪᠦᠬᠦ | ᠲᠠᠯ᠎ᠠ ᠶᠢᠨ ᠪᠥᠭᠡᠳ ᠭᠦᠨᠵᠡᠭᠡᠢ ᠶᠣᠰᠣ ᠬᠡᠯᠡᠵᠦ ᠨᠤᠲᠠᠯᠠᠨ᠎ᠠ᠃ ᠬᠢᠨᠠᠨ ᠲᠠᠰᠤᠯᠤᠯᠲᠠ ᠶᠢᠨ ᠦᠷ᠎ᠡ ᠳ᠋ᠦᠩ ᠢ | ᠲᠤᠭᠤᠷᠪᠢᠨ ᠪᠢᠴᠢᠬᠦ ᠦᠶ᠎ᠡ ᠳᠤ᠂ ᠬᠢᠨᠠᠨ ᠲᠠᠰᠤᠯᠤᠯᠲᠠ ᠶᠢᠨ ᠤᠴᠢᠷ ᠰᠢᠯᠲᠠᠭᠠᠨ ᠢ ᠳᠠᠬᠢᠨ ᠳᠠᠪᠲᠠᠬᠤ ᠦᠭᠡᠢ ᠪᠠᠶᠢᠵᠤ | ᠪᠣᠯᠤᠨ᠎ᠠ᠂ ᠵᠥᠪᠬᠡᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠵᠦᠢᠯ ᠵᠤᠷᠪᠤᠰ ᠢ ᠬᠠᠪᠰᠤᠷᠤᠨ ᠣᠷᠣᠭᠤᠯᠵᠤ᠂ | ᠬᠠᠤᠯᠢ ᠴᠠᠭᠠᠵᠠ ᠶᠢᠨ ᠦᠨᠳᠦᠰᠦᠯᠡᠯ ᠢ ᠵᠢᠭᠰᠠᠭᠠᠨ ᠲᠤᠲᠤᠷᠬᠠᠶᠢᠯᠠᠨ᠎ᠠ᠂ ᠡᠨᠡ ᠨᠢ ᠬᠢᠨᠠᠨ ᠲᠠᠰᠤᠯᠤᠯᠲᠠ ᠶᠢᠨ ᠦᠷ᠎ᠡ | ᠳ᠋ᠦᠩ ᠢ ᠨᠠᠩ ᠢᠲᠡᠭᠡᠭᠦᠯᠬᠦ ᠬᠦᠴᠦᠨ ᠲᠠᠢ ᠪᠣᠯᠭᠠᠬᠤ ᠪᠠᠷ ᠪᠠᠷᠠᠬᠤ ᠦᠭᠡᠢ᠂ ᠪᠠᠰᠠ ᠲᠤᠬᠠᠢ ᠶᠢᠨ ᠬᠥᠮᠦᠨ ᠤ ᠬᠢᠨᠠᠨ | ᠲᠠᠰᠤᠯᠤᠯᠲᠠ ᠶᠢᠨ ᠦᠨᠳᠦᠰᠦ ᠪᠠᠷᠢᠮᠲᠠ ᠶᠢ ᠣᠶᠢᠯᠠᠭᠠᠬᠤ ᠳᠤ ᠳᠥᠭᠦᠮ ᠦᠵᠡᠭᠦᠯᠦᠨ᠎ᠡ᠃ | ︽ᠡᠯᠧᠮᠧᠨ᠋ᠲ ᠤᠨ ᠬᠡᠯᠪᠡᠷᠢ ᠪᠠᠷ ᠬᠡᠷᠡᠭ ᠰᠢᠢᠳᠪᠦᠷᠢᠯᠡᠬᠦ︾ ᠵᠠᠭᠪᠤᠷ ᠢ ᠥᠷᠨᠢᠭᠦᠯᠬᠦ ᠪᠣᠯ ᠤᠯᠠᠮᠵᠢᠯᠠᠯᠲᠤ | ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠡᠷᠡᠭ ᠰᠢᠢᠳᠪᠦᠷᠢᠯᠡᠬᠦ | ᠵᠠᠭᠪᠤᠷ ᠤᠨ ᠨᠢᠭᠡᠨ ᠴᠢᠬᠤᠯᠠ ᠶᠡᠭᠡ ᠬᠤᠪᠢᠰᠤᠯᠲᠠ ᠪᠠ ᠰᠢᠨ᠎ᠡ ᠶᠢ ᠡᠭᠦᠳᠬᠦ ᠰᠢᠪᠲᠤᠯᠤᠯᠲᠠ ᠪᠣᠯᠤᠨ᠎ᠠ᠂ ᠬᠤᠶᠠᠷ | ᠡᠲᠡᠭᠡᠳ ᠤᠨ ᠲᠤᠬᠠᠢ ᠶᠢᠨ ᠬᠥᠮᠥᠨ ᠤ ᠬᠥᠳᠡᠯᠮᠦᠷᠢ ᠶᠢᠨ ᠮᠠᠷᠭᠤᠯᠳᠤᠭᠠᠨ ᠢ ᠲᠦᠷᠭᠡᠨ ᠰᠢᠢᠳᠪᠦᠷᠢᠯᠡᠵᠦ᠂ | ᠲᠠᠰᠤᠯᠤᠯᠲᠠ ᠶᠢᠨ ᠪᠢᠴᠢᠭ ᠬᠠᠷ᠎ᠠ ᠶᠢ ᠠᠮᠠᠷᠬᠠᠨ ᠣᠶᠢᠯᠠᠭᠠᠭᠤᠯᠵᠤ᠂ ᠶᠠᠷᠰᠢᠭ ᠲᠦᠪᠡᠭᠲᠡᠢ ᠬᠥᠨᠳᠡᠯᠡᠨ ᠠᠴᠠ ᠲᠠᠰᠤᠯᠬᠤ | ᠶᠠᠪᠤᠴᠠ ᠶᠢ ᠳᠥᠭᠦᠮᠴᠢᠯᠡᠵᠦ᠂ ᠬᠡᠷᠡᠭ ᠢ ᠳᠠᠭᠤᠰᠬᠠᠬᠤ ᠬᠤᠷᠳᠤᠴᠠ ᠶᠢ ᠲᠦᠷᠭᠡᠳᠬᠡᠨ᠂ ᠬᠡᠷᠡᠭ ᠤᠨ ᠡᠮᠦᠨ᠎ᠡ | ᠲᠤᠲᠤᠷᠬᠠᠢ᠂ ᠬᠡᠷᠡᠭ ᠤᠨ ᠳᠤᠮᠳᠠ ︽ᠡᠪᠡᠳᠴᠢᠨ ᠳᠤ ᠨᠢ ᠲᠠᠭᠠᠷᠠᠭᠤᠯᠤᠨ ᠡᠮ ᠥᠭᠬᠦ︾᠂ ᠬᠡᠷᠡᠭ ᠤᠨ ᠳᠠᠷᠠᠭ᠎ᠠ ︽ᠨᠢᠭᠡ | ᠠᠯᠭᠠᠰᠠᠯ ᠢᠶᠠᠷ ᠳᠠᠭᠤᠳᠠᠬᠤ︾ ᠶᠢ ᠪᠡᠶᠡᠯᠡᠭᠦᠯᠵᠦ ᠴᠢᠳᠠᠨ᠎ᠠ᠃ 2024 ᠣᠨ ᠳᠤ ᠪᠤᠭᠤᠲᠤ ᠬᠤᠲᠠ ᠶᠢᠨ ᠴᠢᠩᠱᠠᠨ | ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ | 2 ᠬᠡᠷᠡᠭ ᠢ ᠬᠠᠶᠢᠨ ᠰᠦᠪᠡᠭᠴᠢᠯᠡᠵᠦ ᠪᠠᠶᠢᠭᠠᠳ ︽ᠡᠯᠧᠮᠧᠨ᠋ᠲ ᠤᠨ ᠬᠡᠯᠪᠡᠷᠢ ᠪᠠᠷ ᠬᠡᠷᠡᠭ ᠰᠢᠢᠳᠪᠦᠷᠢᠯᠡᠬᠦ︾ ᠶᠢ | ᠥᠷᠨᠢᠭᠦᠯᠵᠦ᠂ ᠬᠡᠰᠡᠭ ᠲᠤᠷᠰᠢᠯᠭ᠎ᠠ ᠬᠤᠷᠠᠮᠳᠤᠭᠤᠯᠪᠠ᠃ ᠡᠨᠡ ᠤᠳᠠᠭ᠎ᠠ ︽ᠡᠯᠧᠮᠧᠨ᠋ᠲ ᠤᠨ ᠬᠡᠯᠪᠡᠷᠢ ᠪᠠᠷ ᠬᠡᠷᠡᠭ | ᠰᠢᠢᠳᠪᠦᠷᠢᠯᠡᠬᠦ︾ ᠶᠢ ᠪᠦᠬᠦ ᠲᠠᠯ᠎ᠠ ᠪᠠᠷ ᠬᠡᠷᠡᠭᠵᠢᠭᠦᠯᠬᠦ ᠨᠢ ᠬᠥᠳᠡᠯᠮᠦᠷᠢ ᠬᠤᠶᠠᠷ ᠲᠠᠯ᠎ᠠ ᠶᠢᠨ ᠬᠠᠤᠯᠢ ᠶᠣᠰᠣᠨ ᠤ ᠡᠷᠬᠡ | ᠠᠰᠢᠭ ᠢ ᠥᠨᠳᠥᠷ ᠪᠦᠲᠦᠮᠵᠢᠲᠡᠢ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ | ᠬᠦᠴᠦᠨ ᠢᠶᠠᠷ ᠢᠶᠠᠨ ᠠᠬᠢᠭᠤᠯᠬᠤ ᠳᠤ ᠢᠳᠡᠪᠬᠢᠲᠡᠢ ᠴᠢᠬᠤᠯᠠ ᠦᠢᠯᠡᠳᠦᠯ ᠦᠵᠡᠭᠦᠯᠬᠦ ᠨᠢ ᠯᠠᠪᠲᠠᠢ ᠶᠤᠮ᠃ | | | |