ᠴᠢᠩ ᠹᠦ᠋ ᠪᠠᠯᠭᠠᠰᠤᠨ ᠤ ᠨᠠᠮ ᠤᠨ ᠬᠤᠷᠢᠶ᠎ᠠ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠣᠶᠢᠯᠠᠭᠠᠭᠳᠠᠬᠤᠨ ᠢ | ᠢᠳᠡᠪᠬᠢᠲᠡᠢ ᠦᠢᠯᠡᠳᠦᠯᠭᠡᠵᠢᠭᠦᠯᠵᠦ᠂ ︽ᠲᠠᠶᠢᠯᠬᠤ ᠰᠡᠳᠬᠢᠬᠦᠶ︾ ᠶᠢ ᠪᠠᠲᠤ ᠪᠠᠬᠢ ᠪᠤᠢ ᠪᠣᠯᠭᠠᠵᠤ᠂ ᠥᠷᠢᠰᠦᠯᠳᠦᠭᠡᠨ ᠤ | ᠡᠮᠦᠨ᠎ᠡ ᠤᠬᠤᠷᠢᠬᠤ ᠦᠭᠡᠢ ᠪᠠᠶᠢᠵᠤ᠂ ᠠᠷᠭ᠎ᠠ ᠵᠠᠮ ᠢ ᠡᠷᠢᠵᠦ ᠬᠦᠴᠢᠷ ᠠᠰᠠᠭᠤᠳᠠᠯ ᠢ ᠰᠢᠢᠳᠪᠦᠷᠢᠯᠡᠵᠦ᠂ | ᠭᠤᠣᠯᠳᠠᠯᠭ᠎ᠠ ᠲᠠᠢ ᠲᠥᠷᠥᠯ ᠵᠦᠢᠯ ᠤᠨ ᠬᠡᠷᠡᠭᠵᠢᠭᠦᠯᠦᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠠᠵᠤ | ᠦᠢᠯᠡᠰ ᠤᠨ ᠳᠡᠰ ᠳᠡᠪᠰᠢᠬᠦ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠣᠯᠠᠨ ᠵᠠᠩᠭᠢᠯᠠᠭ᠎ᠠ ᠶᠢᠨ ᠬᠦᠷᠢᠶᠡᠨ ᠳᠤ ᠬᠦᠴᠦᠯᠡᠵᠦ᠂ ᠲᠥᠷᠥᠯ ᠵᠦᠢᠯ ᠢ | ᠨᠠᠶᠢᠳᠠᠪᠤᠷᠢᠵᠢᠭᠤᠯᠬᠤ ᠪᠠᠷ ᠳᠠᠮᠵᠢᠨ ᠦᠷ᠎ᠡ ᠪᠦᠲᠦᠮᠵᠢ ᠣᠯᠵᠤ᠂ ᠠᠵᠢᠯ ᠤᠨ ᠪᠠᠷᠢᠮᠵᠢᠶ᠎ᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠲᠡᠷᠢᠭᠦᠨ ᠤ ᠠᠮᠵᠢᠯᠲᠠ ᠪᠦᠲᠦᠮᠵᠢ ᠣᠯᠬᠤ ᠪᠠᠷ ᠴᠢᠷᠮᠠᠶᠢᠵᠤ᠂ ᠴᠢᠩ ᠹᠦ᠋ ᠪᠠᠯᠭᠠᠰᠤᠨ ᠤ ᠪᠦᠬᠦ | ᠲᠠᠯ᠎ᠠ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃ | ᠴᠠᠩ ᠹᠦ᠋ ᠲᠣᠰᠬᠤᠨ ᠬᠤᠲᠠ ᠶᠢᠨ ᠳᠤᠮᠳᠠ ᠪᠠᠶᠢᠷᠢᠯᠠᠬᠤ᠂ ᠠᠵᠤ ᠦᠢᠯᠡᠰ ᠤᠨ ᠰᠠᠭᠤᠷᠢ ᠪᠠᠲᠤ ᠪᠠᠬᠢ ᠵᠡᠷᠭᠡ | ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠴᠠᠩ ᠹᠦ᠋ ᠲᠣᠰᠬᠤᠨ ᠤ ᠭᠤᠷᠪᠠᠯᠵᠢᠨ ᠭᠠᠵᠠᠷ ᠤᠨ ᠬᠤᠳᠠᠯᠳᠤᠭᠠᠨ ᠤ | ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢ ᠲᠥᠰᠦᠪᠯᠡᠨ ᠬᠡᠷᠡᠭᠵᠢᠭᠦᠯᠵᠦ᠂ ᠲᠣᠰᠬᠤᠨ ᠤ ᠬᠠᠮᠲᠤ ᠶᠢᠨ ᠡᠳ᠋ | ᠬᠥᠷᠥᠩᠭᠡ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠪᠠ ᠥᠨᠳᠥᠷ ᠪᠦᠲᠦᠮᠵᠢᠲᠡᠶ ᠠᠰᠢᠭᠯᠠᠬᠤ ᠶᠢ | ᠪᠡᠶᠡᠯᠡᠭᠦᠯᠵᠦ᠂ ᠬᠤᠲᠠ ᠶᠢᠨ ᠳᠣᠲᠣᠷᠠᠬᠢ ᠲᠣᠰᠬᠤᠨ ᠤ ᠪᠦᠬᠦᠯᠢ ᠴᠣᠭᠴᠠ ᠶᠢᠨ ᠴᠢᠳᠠᠮᠵᠢ ᠪᠠ ᠳᠦᠷᠢ ᠲᠥᠷᠬᠦ ᠶᠢᠨ | ᠳᠡᠭᠡᠭᠰᠢᠯᠡᠯᠲᠡ ᠶᠢ ᠠᠬᠢᠭᠤᠯᠪᠠ᠃ | ᠣᠷᠣᠨ ᠪᠦᠰᠡ ᠶᠢᠨ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢᠨ ᠠᠷᠭ᠎ᠠ ᠵᠠᠮ ᠢ ᠬᠦᠴᠦᠯᠡᠨ | ᠰᠦᠪᠡᠭᠴᠢᠯᠡᠵᠦ᠂ ᠨᠢᠭᠡᠨᠲᠡ ᠠᠰᠢᠭᠯᠠᠯᠲᠠ ᠳᠤ ᠣᠷᠣᠭᠤᠯᠤᠭᠰᠠᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠣᠷᠣᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠦᠨ ᠪᠠᠲᠤᠯᠠᠭᠰᠠᠨ ᠰᠠᠭᠤᠷᠢᠨ ᠳᠡᠭᠡᠷ᠎ᠡ᠂ ᠡᠯ ᠬᠠᠢ ᠬᠤᠤ ᠪᠠᠷᠢᠮᠵᠢᠶᠠᠵᠢᠭᠤᠯᠤᠭᠰᠠᠨ | ᠦᠢᠯᠡᠳᠪᠦᠷᠢ ᠶᠢᠨ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠥᠯᠥᠪᠵᠢᠭᠦᠯᠦᠨ | ᠬᠡᠷᠡᠭᠵᠢᠭᠦᠯᠵᠦ᠂ ᠴᠢᠨᠠᠷ ᠰᠠᠶᠢᠲᠠᠢ ᠡᠯᠧᠮᠧᠨ᠋ᠲ ᠤᠨ ᠡᠬᠢ ᠪᠠᠶᠠᠯᠢᠭ ᠢ ᠪᠠᠯᠭᠠᠰᠤᠨ ᠤ ᠬᠡᠪᠴᠢᠶᠡᠨ ᠳᠤ ᠰᠢᠯᠢᠳᠡᠭᠵᠢᠭᠦᠯᠦᠨ | ᠲᠣᠬᠢᠷᠠᠭᠤᠯᠬᠤ ᠶᠢ ᠠᠬᠢᠭᠤᠯᠵᠤ᠂ ᠬᠡᠪᠴᠢᠶᠡᠲᠦ ᠦᠢᠯᠡᠳᠦᠯ᠂ ᠴᠤᠭᠯᠠᠷᠠᠯ ᠤᠨ ᠦᠢᠯᠡᠳᠦᠯ᠂ ᠬᠠᠮᠵᠢᠯᠴᠠᠬᠤ | ᠦᠢᠯᠡᠳᠦᠯ ᠢᠶᠠᠷ ᠬᠥᠭᠵᠢᠯᠲᠡ ᠶᠢᠨ ᠥᠷᠢᠰᠦᠯᠳᠦᠬᠦ ᠬᠦᠴᠦᠨ ᠢ ᠴᠢᠩᠭᠠᠷᠠᠭᠤᠯᠪᠠ᠃ | ᠪᠠᠯᠭᠠᠰᠤᠨ ᠤ ᠨᠠᠮ ᠤᠨ ᠬᠤᠷᠢᠶ᠎ᠠ ᠰᠢᠰᠲ᠋ᠧᠮ ᠲᠠᠢ ᠲᠥᠯᠥᠪᠵᠢᠭᠦᠯᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ | ᠰᠡᠴᠢ ᠪᠤᠯᠤᠩ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠲᠥᠪ ᠤᠨ ᠲᠦᠷᠦᠯ ᠵᠦᠢᠯ ᠤᠨ ᠠᠵᠢᠯ ᠢ ᠪᠦᠬᠦ | ᠲᠠᠯ᠎ᠠ ᠪᠠᠷ ᠰᠡᠷᠭᠦᠭᠡᠬᠦ ᠶᠢ ᠪᠡᠶᠡᠯᠡᠭᠦᠯᠵᠦ᠂ ᠪᠦᠬᠦ ᠬᠤᠳᠠ ᠶᠢᠨ ᠴᠢᠬᠤᠯᠠ ᠶᠡᠭᠡ ᠲᠦᠷᠦᠯ ᠵᠦᠢᠯ ᠤᠨ | ᠦᠵᠡᠭᠦᠯᠦᠯᠭᠡ ᠶᠢᠨ ᠠᠵᠢᠯᠯᠠᠭ᠎ᠠ ᠳᠤ ᠨᠡᠶᠢᠯᠡᠭᠦᠯᠪᠡ᠂ ᠲᠤᠰ ᠲᠦᠷᠦᠯ ᠵᠦᠢᠯ ᠢ ᠲᠣᠰᠬᠤᠨ ᠤ ᠰᠠᠭᠤᠷᠢ | ᠲᠥᠬᠦᠭᠡᠷᠦᠮᠵᠢ ᠶᠢᠨ ᠥᠭᠡᠷᠡᠴᠢᠯᠡᠯᠲᠡ᠂ ᠤᠨᠴᠠᠯᠢᠬᠳᠤ ᠠᠵᠤ ᠦᠢᠯᠡᠰ ᠤᠨ ᠬᠥᠭᠵᠢᠯᠲᠡ ᠵᠡᠷᠭᠡ ᠲᠠᠢ ᠪᠦᠲᠦᠮᠵᠢᠲᠡᠢ | ᠵᠣᠯᠭᠠᠭᠤᠯᠵᠤ᠂ ᠲᠠᠷᠢᠶᠠᠯᠠᠩ ᠤᠨ ᠲᠠᠭᠠᠭᠤᠯᠤᠭᠴᠢ ᠠᠵᠤ ᠠᠬᠤᠶᠢᠯᠠᠯ ᠤᠨ ᠲᠠᠷᠢᠶᠠᠯᠠᠩ ᠤᠨ ᠪᠦᠲᠦᠭᠡᠭᠳᠡᠬᠦᠨ ᠤ | ᠠᠷᠠᠯᠵᠢᠶᠠᠨ ᠤ ᠰᠠᠭᠤᠷᠢᠨ ᠭᠠᠵᠠᠷ ᠪᠣᠯᠤᠨ ᠲᠣᠰᠬᠤᠨ ᠤ ᠠᠷᠠᠳ ᠤᠨ ᠠᠵᠢᠯ ᠣᠯᠭᠤᠯᠲᠠ ᠶᠢ ᠨᠥᠯᠥᠭᠡᠯᠡᠨ | ᠳᠠᠶᠢᠴᠢᠯᠠᠬᠤ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠪᠠ᠃ | ᠠᠵᠠ ᠲᠣᠬᠢᠶᠠᠯ ᠢ ᠠᠮᠵᠢᠵᠤ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠬᠤᠳᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠩ ᠹᠦ᠋ ᠰᠢᠨ ᠬᠤᠳᠠ ᠶᠢᠨ | ᠭᠤᠷᠪᠠᠳᠤᠭᠠᠷ ᠬᠤᠭᠤᠴᠠᠭᠠᠨ ᠤ ᠬᠤᠶᠠᠳᠤᠭᠠᠷ ᠤᠳᠠᠭ᠎ᠠ ᠶᠢᠨ ᠪᠦᠲᠦᠴᠡ ᠪᠣᠯᠤᠨ ᠭᠠᠳᠠᠷ ᠲᠠᠯ᠎ᠠ ᠶᠢᠨ ᠪᠠᠷᠢᠯᠭ᠎ᠠ ᠶᠢᠨ | ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠠᠬᠢᠭᠤᠯᠵᠤ᠂ ᠲᠦᠷᠦᠯ ᠵᠦᠢᠯ ᠤᠨ ᠬᠤᠶᠢᠰᠢᠳᠠ ᠶᠢᠨ | ᠠᠬᠢᠴᠠ ᠳᠤ ᠪᠠᠲᠤ ᠪᠠᠬᠢ ᠰᠠᠭᠤᠷᠢ ᠲᠠᠯᠪᠢᠭᠰᠠᠨ ᠢᠶᠠᠷ ᠪᠠᠷᠠᠬᠤ ᠦᠭᠡᠢ᠂ ᠨᠡᠩ ᠴᠤ ᠬᠠᠷᠢᠶ᠎ᠠ ᠣᠷᠣᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢ ᠠᠬᠢᠭᠤᠯᠵᠤ᠂ ᠬᠤᠳᠠ ᠶᠢᠨ ᠲᠦᠷᠢ ᠲᠥᠷᠬᠦ ᠪᠣᠯᠤᠨ ᠰᠠᠭᠤᠭᠠᠯᠢ ᠠᠷᠠᠳ ᠤᠨ | ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ | ᠳᠡᠭᠡᠳᠦ ᠱᠠᠲᠤ ᠵᠢᠴᠢ ᠣᠷᠣᠨ ᠨᠤᠲᠤᠭ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠪᠠᠯᠠ | ᠣᠷᠣᠭᠤᠯᠤᠯᠲᠠ ᠶᠢᠨ ᠭᠤᠤᠯᠳᠠᠯᠭ᠎ᠠ ᠶᠢ ᠭᠦᠨᠵᠡᠭᠡᠶ ᠰᠤᠳᠤᠯᠵᠤ᠂ ᠰᠡᠴᠢ ᠪᠤᠯᠤᠩ ᠲᠣᠰᠬᠤᠨ ᠤ ᠲᠣᠰ ᠪᠡᠶ᠎ᠡ ᠶᠢᠨ ᠡᠬᠢ | ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠳᠠᠪᠠᠭᠤᠯᠢᠭ ᠢ ᠭᠦᠢᠴᠡᠳ ᠵᠠᠳᠠᠯᠤᠭᠰᠠᠨ ᠰᠠᠭᠤᠷᠢᠨ ᠳᠡᠭᠡᠷ᠎ᠡ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ ᠶᠢᠨ ᠲᠥᠷᠥᠯ ᠵᠦᠢᠯ ᠢ ᠵᠦᠶ | ᠵᠣᠬᠢᠰᠲᠠᠶ ᠰᠦᠪᠡᠭᠴᠢᠯᠡᠵᠦ᠂ ᠰᠡᠴᠢ ᠪᠤᠯᠤᠩ ᠲᠣᠰᠬᠤᠨ ᠤ ᠥᠨᠳᠥᠷ ᠪᠦᠲᠦᠮᠵᠢᠲᠡᠶ ᠤᠭᠰᠠᠷᠠᠬᠤ ᠬᠦᠯᠡᠮᠵᠢ ᠶᠢᠨ | ᠵᠢᠮᠢᠰ ᠲᠡᠭᠦᠬᠦ ᠬᠦᠷᠢᠶᠡᠯᠡᠩ ᠤᠨ ᠲᠥᠷᠥᠯ ᠵᠦᠢᠯ ᠢ ᠬᠡᠷᠡᠭᠵᠢᠭᠦᠯᠦᠨ᠂ ᠰᠡᠴᠢ ᠪᠤᠯᠤᠩ ᠲᠣᠰᠬᠤᠨ ᠤ ᠲᠠᠷᠢᠶᠠᠯᠠᠩ | ᠵᠤᠭᠠᠴᠠᠯ ᠢ ᠤᠶᠠᠯᠳᠤᠭᠤᠯᠬᠤ᠂ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠬᠡᠯᠬᠢᠶ᠎ᠡ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠪᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ | ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠢ ᠠᠭᠤᠰᠤᠯᠴᠠᠭᠤᠯᠵᠤ᠂ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠲᠦᠷᠦᠯ ᠵᠦᠢᠯ ᠵᠤᠤ ᠵᠢᠶᠠ | ᠳ᠋ᠢᠶᠠᠨ ᠲᠣᠰᠬᠤᠨ ᠤ ᠠᠷᠠᠳ ᠢ ᠲᠥᠪᠬᠢᠨᠡᠭᠦᠯᠬᠦ ᠪᠠᠭ᠎ᠠ ᠲᠣᠭᠤᠷᠢᠭ ᠢ ᠶᠡᠷᠦᠩᠬᠡᠶᠢᠯᠡᠨ ᠥᠭᠡᠷᠡᠴᠢᠯᠡᠨ ᠰᠠᠶᠢᠵᠢᠷᠠᠭᠤᠯᠬᠤ | ᠢᠨᠵᠧᠨᠧᠷᠢᠩ ᠢ ᠲᠥᠯᠥᠪᠵᠢᠭᠦᠯᠦᠨ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠢ ᠵᠡᠷᠭᠡᠪᠡᠷ ᠤᠷᠤᠭᠰᠢᠯᠠᠵᠤ᠂ ᠲᠣᠰᠬᠤᠨ ᠤ ᠠᠷᠠᠳ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠰᠠᠶᠢᠵᠢᠷᠠᠭᠤᠯᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠲᠦᠷᠦᠯ ᠵᠦᠢᠯᠴᠢᠯᠡᠨ | ᠬᠡᠷᠡᠭᠵᠢᠭᠦᠯᠬᠦ ᠪᠠᠷ ᠳᠠᠮᠵᠢᠭᠤᠯᠤᠨ ᠠᠷᠠᠳ ᠲᠤ ᠠᠰᠢᠭ ᠬᠦᠷᠲᠡᠭᠡᠬᠦ ᠪᠣᠳᠠᠲᠤ ᠦᠵᠡᠮᠵᠢ ᠪᠤᠯᠭᠠᠪᠠ᠃ | ᠥᠩᠭᠡᠷᠡᠭᠰᠡᠨ ᠨᠢᠭᠡ ᠵᠢᠯ ᠳᠤ᠂ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠤᠨ ᠬᠠᠮᠲᠤ ᠶᠢᠨ | ᠴᠢᠷᠮᠠᠶᠢᠯᠭ᠎ᠠ ᠪᠠᠷ᠂ 6 ᠭᠤᠣᠯᠳᠠᠯᠭ᠎ᠠ ᠲᠠᠢ ᠲᠦᠷᠦᠯ ᠵᠦᠢᠯ ᠨᠢ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ | ᠡᠭᠦᠳᠬᠦ ᠪᠠᠲᠤ ᠪᠠᠬᠢ ᠰᠠᠭᠤᠷᠢ ᠪᠤᠯᠵᠤ᠂ ᠴᠢᠩ ᠹᠦ᠋ ᠪᠠᠯᠭᠠᠰᠤ ᠶᠢᠨ ᠠᠵᠤ ᠦᠢᠯᠡᠰ ᠤᠨ ᠬᠥᠭᠵᠢᠯᠲᠡ᠂ ᠰᠠᠭᠤᠷᠢ | ᠲᠥᠬᠦᠭᠡᠷᠦᠮᠵᠢ᠂ ᠠᠮᠢ ᠠᠬᠤᠢ ᠶᠢᠨ ᠪᠣᠯᠪᠠᠰᠤᠨ ᠵᠡᠷᠭᠡ ᠬᠦᠷᠢᠶᠡᠨ ᠳᠤ ᠪᠦᠬᠦ ᠲᠠᠯ᠎ᠠ ᠪᠠᠷ ᠴᠡᠴᠡᠭᠯᠡᠨ ᠬᠥᠭᠵᠢᠬᠦ ᠶᠢ | ᠠᠬᠢᠭᠤᠯᠪᠠ᠃ 2025 ᠣᠨ ᠳᠤ᠂ ᠴᠢᠩ ᠹᠦ᠋ ᠪᠠᠯᠭᠠᠰᠤᠨ ᠤ ᠨᠠᠮ ᠤᠨ ᠬᠤᠷᠢᠶ᠎ᠠ ᠭᠠᠷᠮᠠᠭᠠᠢ ᠬᠢᠷᠢ ᠪᠦᠲᠦᠮᠵᠢ ᠪᠠᠷ | ᠰᠢᠨ᠎ᠡ ᠭᠠᠷᠤᠭ᠎ᠠ ᠪᠣᠯᠭᠠᠵᠤ᠂ ᠨᠡᠩ ᠥᠨᠳᠥᠷ ᠬᠠᠷᠠᠯᠲᠠ ᠲᠡᠰᠢ ᠤᠷᠤᠭᠰᠢᠯᠠᠵᠤ᠂ ᠣᠷᠣᠰᠢᠨ ᠰᠠᠭᠤᠬᠤ ᠳᠤ | ᠲᠣᠬᠢᠷᠠᠮᠵᠢᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠬᠥᠮᠦᠰ ᠤᠨ ᠬᠦᠰᠡᠨ ᠮᠥᠷᠥᠭᠡᠳᠴᠦ ᠪᠠᠶᠢᠭ᠎ᠠ | ᠣᠳᠣᠬᠢᠴᠢᠯᠠᠭᠰᠠᠨ ᠰᠢᠨ᠎ᠡ ᠴᠢᠩ ᠹᠦ᠋ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠤᠭ᠎ᠠ | ᠬᠠᠷᠠᠯᠲᠠ ᠶᠢ ᠪᠡᠶᠡᠯᠡᠭᠦᠯᠬᠦ ᠳᠤ ᠴᠢᠩ ᠹᠦ᠋ ᠬᠦᠴᠦᠨ ᠢᠶᠠᠨ ᠡᠷᠭᠦᠵᠦ᠂ ᠴᠢᠩ ᠹᠦ᠋ ᠦᠯᠢᠭᠡᠷ ᠳᠠᠭᠤᠷᠢᠶᠠᠯ ᠢ ᠪᠤᠢ | ᠪᠣᠯᠭᠠᠨ᠎ᠠ᠃ | | | |